2024 ᠣᠨ ᠤ ᠲᠦᠷᠦᠭᠦᠤ ᠭᠤᠷᠪᠠᠨ ᠤᠯᠠᠷᠢᠯ ᠳᠤ ᠴᠢᠩᠱᠠᠨ ᠲᠣᠭᠤᠷᠢᠭ ᠤᠨ ᠪᠠᠷᠢᠯᠭ᠎ᠠ ᠶᠢᠨ ᠦᠢᠯᠡᠰ ᠤᠨ | ᠶᠡᠷᠦᠩᠬᠡᠶ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 7.6% ᠪᠠᠷ ᠨᠡᠮᠡᠭᠳᠡᠵᠦ᠂ ᠪᠠᠷᠢᠯᠭ᠎ᠠ ᠶᠢᠨ | ᠦᠢᠯᠡᠰ ᠤᠨ ᠬᠥᠭᠵᠢᠯᠲᠡ ᠯᠠᠪᠳᠠᠭᠤᠨ ᠢᠶᠠᠷ ᠠᠭᠢᠵᠤ᠂ ᠬᠥᠭᠵᠢᠯᠲᠡ ᠶᠢᠨ ᠶᠠᠰᠤ ᠴᠢᠨᠠᠷ ᠲᠠᠰᠤᠷᠠᠯᠲᠠ ᠥᠬᠡᠶ | ᠳᠡᠭᠡᠭᠰᠢᠯᠡᠵᠦ᠂ ᠠᠵᠢᠯᠯᠠᠭᠠᠨ ᠤ ᠪᠠᠶᠢᠳᠠᠯ ᠳᠤ ᠭᠤᠷᠪᠠᠨ ᠶᠡᠭᠡ ᠣᠨᠴᠠᠯᠢᠭ ᠢᠯᠡᠷᠡᠵᠦ ᠪᠠᠶᠢᠨ᠎ᠠ᠃ | ᠪᠠᠷᠢᠯᠭ᠎ᠠ ᠶᠢᠨ ᠠᠵᠢᠯ ᠤᠨ ᠦᠢᠯᠡᠳᠭᠦᠨ ᠤ ᠦᠷᠲᠡᠭ ᠲᠤᠭᠲᠠᠭᠤᠨ ᠢᠶᠠᠷ ᠭᠤᠤᠯᠯᠠᠬᠤ ᠪᠠᠶᠢᠷᠢᠨ ᠳᠤ ᠪᠠᠶᠢᠵᠦ᠂ | ᠤᠭᠰᠠᠷᠠᠬᠤ ᠢᠨᠵᠧᠨᠧᠷᠢᠩ ᠤᠨ ᠡᠵᠡᠯᠡᠬᠦ ᠬᠠᠷᠢᠴᠠᠯ ᠦᠷᠭᠡᠵᠢᠪᠡ᠃ ᠪᠠᠷᠢᠯᠭ᠎ᠠ ᠶᠢᠨ ᠠᠵᠢᠯ ᠨᠢ ᠴᠢᠩᠱᠠᠨ | ᠲᠣᠭᠤᠷᠢᠭ ᠤᠨ ᠪᠠᠷᠢᠯᠭ᠎ᠠ ᠶᠢᠨ ᠦᠢᠯᠡᠰ ᠤᠨ ᠦᠢᠯᠡᠳᠬᠦᠨ ᠤ ᠶᠡᠷᠦᠩᠬᠡᠶ ᠥᠷᠲᠡᠭ ᠤᠨ 81.7% ᠶᠢ ᠡᠵᠡᠯᠡᠪᠡ︔ | ᠤᠭᠰᠠᠷᠠᠬᠤ ᠢᠨᠵᠧᠨᠧᠷᠢᠩ ᠤᠨ ᠦᠢᠯᠡᠳᠬᠦᠨ ᠤ ᠥᠷᠲᠡᠭ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 1. | 8 ᠵᠠᠭᠤᠨ ᠤ ᠨᠢᠭᠡᠴᠢ ᠥᠷᠭᠡᠳᠴᠦ᠂ ᠣᠳᠣᠬᠠᠨ ᠳᠤ ᠪᠠᠷᠢᠯᠭ᠎ᠠ ᠶᠢᠨ ᠦᠢᠯᠡᠰ ᠤᠨ ᠶᠡᠷᠦᠩᠬᠡᠶ ᠥᠷᠲᠡᠭ ᠤᠨ 13. | 3% ᠶᠢ ᠡᠵᠡᠯᠡᠵᠦ ᠪᠠᠶᠢᠨ᠎ᠠ᠃ ᠪᠤᠰᠤᠳ ᠦᠢᠯᠡᠳᠭᠦᠨ ᠤ ᠥᠷᠲᠡᠭ ᠨᠢ ᠪᠠᠷᠢᠯᠭ᠎ᠠ ᠶᠢᠨ ᠦᠢᠯᠡᠳᠭᠦᠨ ᠤ ᠶᠡᠷᠦᠩᠬᠡᠶ | ᠥᠷᠲᠡᠭ ᠤᠨ 5.0% ᠶᠢ ᠡᠵᠡᠯᠡᠨ᠎ᠡ᠃ | ᠭᠠᠳᠠᠨ᠎ᠠ ᠮᠤᠵᠢ ᠳᠤ ᠪᠡᠶᠡᠯᠡᠭᠦᠯᠦᠭᠰᠡᠨ ᠦᠢᠯᠡᠳᠭᠦᠨ ᠤ ᠥᠷᠲᠡᠭ ᠠᠯᠬᠤᠮ ᠠᠯᠬᠤᠮ ᠢᠶᠠᠷ ᠳᠡᠭᠡᠭᠰᠢᠯᠡᠵᠡᠢ᠃ | ᠲᠦᠷᠦᠭᠦᠤ ᠭᠤᠷᠪᠠᠨ ᠤᠯᠠᠷᠢᠯ ᠳᠤ ᠭᠠᠳᠠᠨ᠎ᠠ ᠮᠤᠵᠢ ᠳᠤ ᠪᠡᠶᠡᠯᠡᠭᠦᠯᠦᠭᠰᠡᠨ ᠦᠢᠯᠡᠳᠭᠦᠨ ᠤ ᠥᠷᠲᠡᠭ ᠨᠢ ᠠᠳᠠᠯᠢ | ᠬᠤᠭᠤᠴᠠᠭᠠᠨ ᠤ ᠬᠢ ᠠᠴᠠ 9 ᠳᠠᠬᠢᠨ ᠨᠡᠮᠡᠭᠳᠡᠵᠦ᠂ ᠴᠢᠩᠱᠠᠨ ᠲᠣᠭᠤᠷᠢᠭ ᠤᠨ ᠪᠠᠷᠢᠯᠭ᠎ᠠ ᠶᠢᠨ ᠦᠢᠯᠡᠰ ᠤᠨ | ᠦᠢᠯᠡᠳᠭᠦᠨ ᠤ ᠥᠷᠲᠡᠭ ᠢ 2.3 ᠵᠠᠭᠤᠨ ᠤ ᠨᠢᠭᠡᠴᠢ ᠨᠡᠮᠡᠭᠳᠡᠭᠦᠯᠪᠡ᠃ | ᠭᠡᠷ᠎ᠡ ᠲᠣᠭᠲᠠᠭᠰᠠᠨ ᠶᠡᠷᠦᠩᠬᠡᠢ ᠲᠣᠭᠠᠨ ᠤ ᠨᠡᠮᠡᠭᠳᠡᠯ ᠤᠨ ᠪᠠᠶᠢᠳᠠᠯ ᠰᠠᠶᠢᠨ ᠪᠣᠯᠵᠤ᠂ ᠪᠠᠷᠢᠯᠭ᠎ᠠ ᠶᠢᠨ ᠨᠥᠭᠡᠴᠡ | ᠭᠦᠢᠴᠡᠳ ᠪᠠᠶᠢᠨ᠎ᠠ᠃ ᠣᠳᠣᠬᠠᠨ ᠪᠣᠯᠲᠠᠯ᠎ᠠ ᠭᠡᠷ᠎ᠡ ᠲᠣᠭᠲᠠᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ | 19.4 % ᠪᠠᠷ ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 3.3 ᠵᠠᠭᠤᠨ ᠤ ᠨᠢᠭᠡᠴᠢ | ᠥᠷᠭᠡᠳᠴᠡᠢ᠂ ᠡᠭᠦᠨ ᠳᠤ ᠳ᠋ᠦᠩᠨᠡᠨ ᠰᠢᠯᠵᠢᠭᠦᠯᠦᠭᠰᠡᠨ ᠭᠡᠷ᠎ᠡ ᠶᠢᠨ ᠲᠤᠭ᠎ᠠ ᠨᠢ ᠭᠤᠤᠯ ᠬᠡᠰᠡᠭ ᠪᠠᠶᠢᠵᠤ᠂ ᠠᠳᠠᠯᠢ | ᠬᠤᠭᠤᠴᠠᠭᠠᠨ ᠤ ᠬᠢ ᠠᠴᠠ 44.7 % ᠪᠠᠷ ᠨᠡᠮᠡᠭᠳᠡᠨ᠂ ᠭᠡᠷ᠎ᠡ ᠲᠣᠭᠲᠠᠭᠰᠠᠨ ᠪᠥᠬᠦ ᠲᠤᠭ᠎ᠠ ᠶᠢᠨ 68% ᠶᠢ | ᠡᠵᠡᠯᠡᠪᠡ᠃ | ᠴᠢᠩᠱᠠᠨ ᠲᠣᠭᠤᠷᠢᠭ ᠦᠷᠭᠦᠯᠵᠢᠯᠡᠨ ᠪᠣᠳᠠᠲᠠᠢ ᠳᠤ ᠰᠠᠭᠤᠷᠢᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ | ᠳᠠᠷᠤᠯᠲᠠ ᠶᠢ ᠡᠭᠦᠷᠭᠡᠯᠡᠨ ᠡᠷᠡᠯᠬᠡᠭᠯᠡᠨ ᠤᠷᠤᠭᠰᠢᠯᠠᠵᠤ᠂ ᠲᠤᠭ᠎ᠠ ᠪᠦᠷᠢᠳᠬᠡᠯ ᠤᠨ ᠬᠢᠨᠠᠨ ᠬᠡᠮᠵᠢᠯᠲᠡ ᠵᠠᠳᠠᠯᠤᠯᠲᠠ ᠶᠢ | ᠬᠦᠴᠦᠯᠡᠨ ᠴᠢᠩᠭᠠᠳᠬᠠᠵᠤ᠂ ᠠᠵᠢᠯ ᠲᠦᠷᠦᠯ ᠤᠨ ᠠᠵᠤ ᠠᠬᠤᠢ ᠳᠤ ᠲᠤᠭ᠎ᠠ ᠪᠠᠷᠢᠮᠲᠠ ᠶᠢᠨ ᠲᠤᠯᠭᠠᠭᠤᠷᠢᠯᠠᠯ | ᠬᠠᠩᠭᠠᠵᠤ᠂ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠲᠤᠭ᠎ᠠ ᠪᠦᠷᠢᠳᠬᠡᠯ ᠤᠨ ᠪᠠᠲᠤᠯᠠᠭ᠎ᠠ | ᠬᠠᠩᠭᠠᠨ᠎ᠠ᠃ | | |