ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ︽ᠵᠠᠬ᠎ᠠ ᠳᠡᠯᠭᠡᠭᠦᠷᠴᠢᠯᠡᠬᠦ︾ ᠶᠢ ᠬᠠᠶᠢᠨ ᠰᠦᠪᠡᠭᠴᠢᠯᠡᠵᠦ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠰᠢᠨ᠎ᠡ ᠥᠨᠳᠦᠷᠯᠢᠭ ᠢ ᠪᠠᠶᠢᠭᠤᠯᠤᠨ᠎ᠠ
ᠨᠡᠶᠢᠲᠡᠯᠡᠭᠰᠡᠨ ᠴᠠᠭ᠄
2024/10/29
      ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ᠰᠢᠨ᠎ᠡ ᠴᠠᠭ ᠦᠶ᠎ᠡ ᠶᠢᠨ ᠬᠥᠮᠥᠨ ᠤ ᠬᠦᠴᠦᠨ ᠤ ᠡᠬᠢ ᠪᠠᠶᠠᠯᠢᠭ ᠤᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠨᠢ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ᠂ ᠵᠢᠷᠤᠮᠵᠢᠭᠤᠯᠤᠨ ᠬᠥᠭᠵᠢᠭᠦᠯᠬᠦ᠂ ᠰᠢᠨ᠎ᠡ ᠶᠢ ᠡᠭᠦᠳᠦᠨ ᠬᠥᠭᠵᠢᠭᠦᠯᠬᠦ᠂ ᠠᠭᠤᠰᠤᠯᠴᠠᠭᠤᠯᠤᠨ ᠬᠥᠭᠵᠢᠭᠦᠯᠬᠦ᠂ ᠨᠡᠭᠡᠭᠡᠯᠲᠡ ᠬᠢᠵᠦ ᠬᠥᠭᠵᠢᠭᠦᠯᠬᠦ ᠶᠢ ᠠᠬᠢᠭᠤᠯᠵᠤ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠬᠦᠷᠢᠶᠡᠯᠡᠩ ᠲᠣᠭᠤᠷᠢᠭ ᠤᠨ ᠦᠢᠯᠡᠴᠢᠯᠡᠭᠡᠨ ᠤ ᠦᠢᠯᠡᠰ ᠤᠨ ᠪᠦᠯᠦᠭᠵᠢᠨ ᠬᠥᠭᠵᠢᠬᠦ ᠴᠢᠳᠠᠪᠤᠷᠢ ᠶᠢ ᠳᠡᠭᠡᠭᠰᠢᠯᠡᠭᠦᠯᠵᠦ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠲᠥᠪᠯᠡᠷᠡᠨ ᠬᠥᠭᠵᠢᠬᠦ ᠲᠠᠪᠴᠠᠩ ᠢ ᠪᠠᠶᠢᠭᠤᠯᠤᠨ ᠬᠦᠴᠦᠷᠬᠡᠭᠵᠢᠭᠦᠯᠵᠦ᠂ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠳᠤᠷᠠᠳᠤᠨ ᠭᠠᠷᠭᠠᠪᠠ᠃      ᠪᠦᠬᠦ ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠶᠢᠨ ᠲᠥᠯᠥᠭᠡ᠂ 2024 ᠣᠨ ᠳᠤ ᠴᠢᠩᠱᠠᠨ ᠲᠣᠭᠤᠷᠢᠭ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠪᠣᠯᠤᠨ ᠭᠤᠣᠯᠳᠠᠯᠭ᠎ᠠ ᠲᠠᠢ ᠠᠵᠤ ᠦᠢᠯᠡᠰ ᠤᠨ ᠤᠨᠴᠠᠯᠢᠬᠳᠤ ᠬᠥᠮᠦᠨ ᠤ ᠬᠦᠴᠦᠨ ᠤ ᠡᠬᠢ ᠪᠠᠶᠠᠯᠢᠭ ᠤᠨ ᠬᠡᠷᠡᠭᠴᠡᠭᠡ ᠲᠠᠢ ᠤᠶᠠᠯᠳᠤᠭᠤᠯᠵᠤ᠂ ︽ᠠᠵᠤ ᠦᠢᠯᠡᠰ ᠢ ᠲᠥᠪᠯᠡᠷᠡᠭᠦᠯᠬᠦ᠂ ᠴᠢᠳᠠᠪᠤᠷᠢᠲᠠᠨ ᠢ ᠡᠯᠰᠡᠵᠦ ᠪᠤᠶᠢᠵᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠲᠣᠭᠠᠴᠢᠯᠠᠭᠰᠠᠨ ᠦᠢᠯᠡᠴᠢᠯᠡᠭᠡ︾ ᠪᠠᠷ ᠭᠤᠣᠯ ᠪᠣᠯᠭᠠᠵᠤ᠂ ᠮᠠᠨ ᠤ ᠬᠤᠳᠠ ᠶᠢᠨ ︽ᠲᠦᠷᠪᠡᠨ ᠰᠠᠭᠤᠷᠢᠨ ᠬᠤᠶᠠᠷ ᠲᠥᠪ ᠨᠢᠭᠡ ᠥᠨᠳᠥᠷ ᠭᠠᠵᠠᠷ ᠨᠢᠭᠡ ᠰᠢᠰᠲ᠋ᠧᠮ︾ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠵᠠᠰᠠᠭ ᠤᠨ ᠣᠷᠳᠣᠨ ᠠᠴᠠ ᠵᠠᠬ᠎ᠠ ᠳᠡᠯᠭᠡᠭᠦᠷᠴᠢᠯᠡᠭᠰᠡᠨ ᠠᠵᠢᠯᠯᠠᠭᠠᠨ ᠤ ᠵᠠᠭᠪᠤᠷ ᠢ ᠬᠡᠷᠡᠭᠯᠡᠵᠦ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠣᠳᠠᠲᠤ ᠴᠣᠭᠴᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠺᠣᠮᠫᠠᠨᠢ ᠪᠠᠷ ᠭᠤᠣᠯ ᠴᠣᠭᠴᠠ ᠪᠣᠯᠭᠠᠭᠰᠠᠨ ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠢ ᠭᠤᠣᠯᠳᠠᠯᠭ᠎ᠠ ᠲᠠᠢ ᠪᠠᠶᠢᠭᠤᠯᠪᠠ᠃ ᠣᠳᠣᠬᠠᠨ ᠪᠣᠯᠲᠠᠯ᠎ᠠ᠂ ᠴᠢᠩᠱᠠᠨ ᠲᠣᠭᠤᠷᠢᠭ ᠤᠨ ᠡᠵᠡᠩᠨᠡᠯᠲᠡ ᠶᠢᠨ ᠴᠢᠨᠠᠷᠲᠠᠶ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ︵ᠬᠥᠳᠡᠯᠮᠦᠷᠢ ᠦᠢᠯᠡᠴᠢᠯᠡᠭᠡᠨ ᠤ ᠲᠣᠮᠢᠯᠠᠯᠲᠠ ᠶᠢ ᠪᠠᠭᠲᠠᠭᠠᠨ᠎ᠠ︶ ᠨᠡᠶᠢᠲᠡ 53 ᠡᠷᠦᠬᠡ ᠪᠣᠶ᠃ 2024 ᠣᠨ ᠤ 1 ᠳ᠋ᠦ᠋ᠭᠡᠷ ᠰᠠᠷ᠎ᠠ ᠠᠴᠠ 9 ᠳ᠋ᠦ᠋ᠭᠡᠷ ᠰᠠᠷ᠎ᠠ ᠪᠣᠯᠲᠠᠯ᠎ᠠ᠂ ᠡᠵᠡᠩᠨᠡᠯᠲᠡ ᠶᠢᠨ ᠣᠷᠣᠯᠭ᠎ᠠ 8.8 ᠳ᠋ᠦᠩᠰᠢᠭᠤᠷ ᠲᠥᠭᠦᠷᠢᠭ ᠢ ᠳᠠᠪᠠᠵᠤ᠂ ᠦᠢᠯᠡᠴᠢᠯᠡᠭᠡᠨ ᠤ ᠠᠵᠢᠯᠲᠠᠨ 22197 ᠬᠥᠮᠦᠨ ᠤᠳᠠᠭ᠎ᠠ ᠳᠤ ᠬᠦᠷᠴᠦ᠂ ᠦᠢᠯᠡᠴᠢᠯᠡᠭᠡᠨ ᠤ ᠬᠥᠮᠦᠨ ᠬᠡᠷᠡᠭᠯᠡᠬᠦ ᠨᠢᠭᠡᠴᠢ 450 ᠶᠢ ᠳᠠᠪᠠᠵᠤ᠂ ᠬᠥᠳᠡᠯᠮᠦᠷᠢ ᠦᠢᠯᠡᠴᠢᠯᠡᠭᠡ ᠲᠣᠮᠢᠯᠠᠬᠤ ᠲᠠᠯ᠎ᠠ ᠪᠠᠷ ᠬᠥᠮᠦᠨ ᠬᠡᠷᠡᠭᠯᠡᠬᠦ ᠨᠢᠭᠡᠴᠢ 283 ᠪᠠᠶᠢᠵᠤ᠂ ᠲᠣᠮᠢᠯᠠᠭᠰᠠᠨ ᠬᠥᠮᠦᠨ ᠤ ᠶᠡᠷᠦᠩᠬᠡᠢ ᠬᠡᠮᠵᠢᠶ᠎ᠡ 12465 ᠪᠣᠯᠪᠠ᠃      ᠨᠢᠭᠡ ᠳᠤ᠂ ᠬᠠᠷᠢᠶ᠎ᠠ ᠣᠷᠣᠨ ᠤ ᠠᠵᠤ ᠦᠢᠯᠡᠰ ᠤᠨ ᠬᠥᠭᠵᠢᠯᠲᠡ ᠶᠢᠨ ᠳᠠᠪᠠᠭᠤᠯᠢᠭ ᠢ ᠭᠦᠢᠴᠡᠳ ᠠᠰᠢᠭᠯᠠᠨ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢᠶᠠᠷ ᠴᠢᠩᠭ᠎ᠠ᠂ ᠨᠠᠷᠠᠲᠤ ᠲᠡᠮᠳᠡᠭᠲᠦ ᠶᠢᠨ ᠦᠢᠯᠡᠳᠦᠯ ᠢᠶᠠᠷ ᠰᠠᠶᠢᠨ᠂ ᠠᠵᠢᠯ ᠲᠥᠷᠥᠯ ᠤᠨ ᠬᠡᠪ ᠳᠠᠭᠤᠷᠢᠶᠠᠯ ᠤᠨ ᠬᠡᠮᠵᠢᠶ᠎ᠡ ᠪᠠᠷ ᠥᠨᠳᠥᠷ ᠪᠠᠶᠢᠬᠤ ᠪᠠᠷ ᠪᠠᠷᠢᠮᠵᠢᠶ᠎ᠠ ᠪᠣᠯᠭᠠᠵᠤ᠂ ᠳᠡᠭᠡᠳᠦ ᠲᠠᠰ ᠤᠨ ᠦᠢᠯᠡᠴᠢᠯᠡᠭᠡ ᠶᠢ ᠣᠷᠣᠭᠤᠯᠤᠨ ᠠᠪᠴᠢᠷᠠᠵᠤ᠂ ᠳᠤᠮᠳᠠ ᠲᠠᠰ ᠤᠨ ᠦᠢᠯᠡᠴᠢᠯᠡᠭᠡ ᠶᠢ ᠥᠷᠭᠡᠳᠬᠡᠨ᠂ ᠳᠣᠤᠷᠠᠳᠤ ᠲᠠᠰ ᠤᠨ ᠦᠢᠯᠡᠴᠢᠯᠡᠭᠡ ᠶᠢ ᠰᠠᠶᠢᠵᠢᠷᠠᠭᠤᠯᠵᠤ᠂ ᠵᠢᠱᠢᠯᠲᠡ ᠪᠠᠷ 2024 ᠣᠨ ᠳᠤ ᠠᠵᠤ ᠦᠢᠯᠡᠰ ᠤᠨ ᠬᠦᠷᠢᠶᠡᠯᠡᠩ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠶᠢ 20 ᠠᠴᠠ ᠳᠡᠭᠡᠭᠰᠢ ᠳᠤ ᠬᠦᠷᠦᠭᠦᠯᠵᠦ᠂ ᠡᠭᠦᠨ ᠳᠤ ᠠᠪᠠᠴᠢᠨ᠂ ᠴᠢᠳᠠᠪᠤᠷᠢᠲᠠᠨ ᠢ ᠰᠢᠯᠭᠠᠨ ᠦᠨᠡᠯᠡᠬᠦ᠂ ᠴᠠᠯᠢᠩ ᠠᠰᠠᠷᠠᠮᠵᠢ ᠶᠢᠨ ᠭᠠᠳᠠᠭᠰᠢ ᠳᠠᠭᠠᠭᠠᠴᠢᠯᠠᠭᠤᠯᠬᠤ᠂ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ᠂ ᠠᠰᠠᠭᠤᠨ ᠯᠠᠪᠯᠠᠬᠤ ᠬᠠᠮᠢᠶᠠᠷᠤᠯᠲᠠ᠂ ᠬᠥᠮᠦᠨ ᠤ ᠬᠦᠴᠦᠨ ᠤ ᠡᠬᠢ ᠪᠠᠶᠠᠯᠢᠭ ᠤᠨ ᠲᠣᠭᠠᠴᠢᠯᠠᠯᠲᠠ ᠵᠡᠷᠭᠡ ᠳᠡᠭᠡᠳᠦ ᠲᠠᠰ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠡᠵᠡᠯᠡᠬᠦ ᠬᠠᠷᠢᠴᠠᠯ ᠢ 50% ᠳᠤ ᠬᠦᠷᠦᠭᠦᠯᠦᠨ᠎ᠡ᠃ ᠣᠳᠣᠬᠠᠨ ᠳᠤ 6 ᠭᠤᠤᠯᠯᠠᠭᠴᠢ ᠪᠠᠶᠢᠭᠤᠯᠤᠮᠵᠢ᠂ ᠵᠢᠯ ᠤᠨ ᠡᠵᠡᠩᠨᠡᠯᠲᠡ ᠶᠢᠨ ᠣᠷᠣᠯᠭ᠎ᠠ 5 ᠳ᠋ᠦᠩᠰᠢᠭᠤᠷ ᠲᠥᠭᠦᠷᠢᠭ ᠢ ᠳᠠᠪᠠᠵᠤ᠂ ᠦᠢᠯᠡᠴᠢᠯᠡᠭᠡᠨ ᠤ ᠠᠵᠤ ᠠᠬᠤᠶ ᠶᠢᠨ ᠪᠣᠳᠠᠲᠤ ᠴᠣᠭᠴᠠ 8000 ᠡᠷᠦᠬᠡ ︵ᠤᠳᠠᠭ᠎ᠠ︶ ᠠᠴᠠ ᠳᠡᠭᠡᠭᠰᠢ ᠪᠠᠶᠢᠨ᠎ᠠ᠃      ᠬᠤᠶᠠᠷ ᠲᠤ᠂ ᠳᠤᠮᠳᠠ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠰᠢᠨ᠎ᠡ ᠶᠢ ᠡᠭᠦᠳᠦᠨ ᠠᠵᠢᠯ ᠦᠢᠯᠡᠰ ᠴᠣᠭᠴᠠᠯᠠᠬᠤ᠂ ᠤᠷ᠎ᠠ ᠮᠡᠷᠭᠡᠰᠢᠯᠳᠦ ᠴᠢᠳᠠᠪᠤᠷᠢᠲᠠᠨ ᠤ ᠳᠠᠳᠤᠯᠭ᠎ᠠ ᠪᠣᠯᠪᠠᠰᠤᠷᠠᠭᠤᠯᠤᠯ ᠤᠨ ᠲᠠᠪᠴᠠᠩ ᠢ ᠪᠠᠶᠢᠭᠤᠯᠵᠤ᠂ ᠲᠠᠯᠠᠰᠲᠤ ᠴᠠᠬᠢᠭᠤᠷ ᠤᠨ ᠬᠡᠷᠡᠯ ᠴᠡᠨᠡᠭ ᠤᠨ ᠠᠵᠤ ᠦᠢᠯᠡᠰ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ ᠲᠥᠪᠯᠡᠷᠡᠭᠰᠡᠨ ᠣᠷᠣᠨ ᠪᠠ ᠭᠠᠵᠠᠷ ᠣᠷᠣᠨ ᠤ ᠣᠨᠴᠠᠯᠢᠭ ᠲᠠᠢ ᠬᠥᠮᠦᠨ ᠤ ᠬᠦᠴᠦᠨ ᠤ ᠡᠬᠢ ᠪᠠᠶᠠᠯᠢᠭ ᠤᠨ ᠠᠵᠤ ᠦᠢᠯᠡᠰ ᠤᠨ ᠪᠥᠭᠡᠮᠨᠡᠷᠡᠯ ᠵᠢᠴᠢ ᠳᠡᠭᠡᠳᠦ ᠲᠠᠰ ᠤᠨ ᠲᠣᠨᠤᠭ ᠲᠥᠬᠦᠭᠡᠷᠦᠮᠵᠢ ᠦᠢᠯᠡᠳᠬᠦ ᠤᠷ᠎ᠠ ᠮᠡᠷᠭᠡᠰᠢᠯ ᠤᠨ ᠮᠡᠷᠭᠡᠵᠢᠯ ᠤᠨ ᠴᠢᠳᠠᠪᠤᠷᠢᠲᠠᠨ ᠬᠥᠮᠦᠵᠢᠭᠦᠯᠬᠦ ᠰᠠᠭᠤᠷᠢᠨ ᠭᠠᠵᠠᠷ ᠢ ᠲᠦᠷᠭᠡᠳᠬᠡᠨ ᠪᠣᠶ ᠪᠣᠯᠭᠠᠵᠤ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ᠂ ᠲᠣᠨᠤᠭ ᠲᠥᠬᠦᠭᠡᠷᠦᠮᠵᠢ ᠦᠢᠯᠡᠳᠬᠦ᠂ ᠢᠳᠡᠭᠡᠨ ᠡᠳ᠋ᠰᠢᠭᠦᠯᠬᠦ ᠵᠡᠷᠭᠡ ᠭᠤᠤᠯᠳᠠᠯᠭ᠎ᠠ ᠲᠠᠢ ᠬᠦᠷᠢᠶᠡᠨ ᠳᠠᠬᠢ ᠠᠵᠢᠯᠴᠢᠨ ᠬᠡᠷᠡᠭᠯᠡᠬᠦ ᠪᠠ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃      ᠭᠤᠷᠪᠠ ᠳᠤ᠂ ᠪᠣᠭᠤᠮᠲᠠ ᠶᠢᠨ ᠬᠤᠳᠠ ᠶᠢᠨ ᠳᠠᠪᠠᠭᠤᠯᠢᠭ ᠢ ᠭᠦᠢᠴᠡᠳ ᠠᠰᠢᠭᠯᠠᠵᠤ᠂ ᠪᠦᠬᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠳᠤ ᠭᠦᠨᠵᠡᠭᠡᠢ ᠠᠭᠤᠰᠤᠯᠴᠠᠭᠤᠯᠵᠤ᠂ ︽ᠨᠢᠭᠡ ᠪᠦᠰᠡ ᠨᠢᠭᠡ ᠵᠠᠮ︾ ᠤᠨ ᠪᠦᠳᠦᠭᠡᠨ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠵᠤ᠂ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠭᠠᠳᠠᠭᠠᠳᠤ ᠳᠤ ᠭᠠᠷᠭᠠᠬᠤ ᠵᠠᠮ ᠢ ᠨᠡᠪᠲᠡᠷᠡᠭᠦᠯᠵᠦ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠬᠥᠭᠦᠷᠭᠡ ᠶᠢᠨ ᠦᠢᠯᠡᠳᠦᠯ ᠢ ᠪᠠᠳᠠᠷᠠᠭᠤᠯᠵᠤ᠂ ᠮᠣᠩᠭᠤᠯ ᠤᠯᠤᠰ ᠵᠡᠷᠭᠡ ᠤᠯᠤᠰ ᠯᠤᠭ᠎ᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠨᠡᠭᠡᠭᠡᠨ ᠬᠥᠭᠵᠢᠭᠦᠯᠦᠯᠲᠡ᠂ ᠰᠣᠯᠢᠯᠴᠠᠭ᠎ᠠ ᠪᠣᠯᠤᠨ ᠬᠠᠮᠲᠤᠷᠠᠯᠴᠠᠭ᠎ᠠ ᠶᠢ ᠠᠬᠢᠭᠤᠯᠤᠨ᠎ᠠ᠃ ︽ᠤᠯᠠᠨ ᠡᠰᠢᠵᠢᠭᠰᠡᠨ᠂ ᠲᠤᠰᠬᠠᠶᠢᠵᠢᠭᠰᠠᠨ᠂ ᠤᠯᠠᠨ ᠤᠯᠤᠰᠴᠢᠯᠠᠭᠰᠠᠨ᠂ ᠲᠤᠭᠠᠴᠢᠯᠠᠭᠰᠠᠨ︾ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠦᠯᠦᠭᠵᠢᠯ ᠢ ᠪᠠᠶᠢᠭᠤᠯᠵᠤ᠂ ᠬᠠᠳᠤᠨ ᠭᠤᠣᠯ ᠤᠨ ︽ᠬᠡᠳᠦ︾ ᠦᠰᠦᠭᠲᠦ ᠬᠤᠳᠠ ᠶᠢᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠠᠵᠤ ᠦᠢᠯᠡᠰ ᠤᠨ ᠲᠥᠪᠯᠡᠷᠡᠯ ᠤᠨ ᠲᠥᠪ ᠢ ᠪᠠᠶᠢᠭᠤᠯᠤᠨ᠎ᠠ᠃   
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号