︽ᠨᠡᠶᠢᠭᠡᠮ ᠲᠣᠭᠤᠷᠢᠭ ᠲᠤ ᠭᠦᠨᠵᠡᠭᠡᠶᠢᠷᠡᠨ ᠠᠷᠠᠳ ᠤᠨ ᠰᠠᠨᠠᠭ᠎ᠠ ᠶᠢ ᠰᠣᠨᠣᠰᠴᠤ᠂ ᠠᠷᠠᠳ ᠤᠨ ᠠᠮᠢᠳᠤᠷᠠᠯ ᠤᠨ ᠬᠥᠭᠦᠷᠭᠡ ᠶᠢ ᠬᠠᠮᠲᠤ ᠪᠠᠷ ᠴᠣᠭᠴᠠᠯᠠᠶ᠎ᠠ︾ —— ᠸᠠᠨ ᠵᠢᠶᠦ᠋ᠨ ᠨᠡᠶᠢᠭᠡᠮ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠰᠣᠩᠭᠤᠭᠤᠯᠢ ᠶᠢᠨ ᠠᠷᠠᠳ ᠢ ᠬᠦᠯᠢᠶᠡᠨ ᠠᠪᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/30
      ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠨ ᠰᠣᠩᠭᠤᠭᠤᠯᠢ ᠶᠢᠨ ᠠᠷᠠᠳ ᠤᠨ ᠬᠠᠷᠢᠯᠴᠠᠭ᠎ᠠ ᠶᠢ ᠤᠯᠠᠮ ᠨᠢᠭᠡ ᠠᠯᠬᠤᠮ ᠨᠢᠭᠲᠠᠷᠠᠭᠤᠯᠵᠤ᠂ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠬᠠᠯᠠᠭᠤᠨ ᠰᠡᠳᠬᠢᠯᠭᠡ ᠶᠢ ᠬᠥᠭᠵᠢᠭᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠢᠯᠡᠳᠦᠯ ᠢ ᠪᠠᠳᠠᠷᠠᠭᠤᠯᠵᠤ᠂ ᠲᠥᠯᠥᠭᠡᠯᠡᠭᠴᠢᠳ ᠤᠨ ᠠᠷᠠᠳ ᠤᠨ ᠰᠠᠨᠠᠯ ᠢ ᠨᠡᠩ ᠰᠠᠶᠢᠨ ᠰᠣᠨᠣᠰᠬᠤ ᠶᠢ ᠠᠬᠢᠭᠤᠯᠬᠤ ᠶᠢᠨ ᠲᠥᠯᠥᠭᠡ᠂ 10 ᠰᠠᠷ᠎ᠠ ᠶᠢᠨ 29 ᠤ ᠡᠳᠦᠷ ᠴᠢᠩ ᠹᠦ᠋ ᠪᠠᠯᠭᠠᠰᠤᠨ ᠤ ᠸᠠᠨ ᠵᠢᠶᠦ᠋ᠨ ᠨᠡᠶᠢᠭᠡᠮ ᠲᠣᠭᠤᠷᠢᠭ ᠬᠠᠷᠢᠶ᠎ᠠ ᠣᠷᠣᠨ ᠤ ᠪᠠᠨ ᠲᠣᠭᠤᠷᠢᠭ᠂ ᠪᠠᠯᠭᠠᠰᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ ᠨᠡᠶᠢᠭᠡᠮ ᠲᠣᠭᠤᠷᠢᠭ ᠲᠤ ᠣᠷᠣᠭᠤᠯᠤᠨ ᠰᠣᠩᠭᠤᠭᠤᠯᠢ ᠶᠢᠨ ᠠᠷᠠᠳ ᠢ ᠬᠦᠯᠢᠶᠡᠨ ᠠᠪᠬᠤ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠰᠣᠩᠭᠤᠭᠤᠯᠢ ᠶᠢᠨ ᠠᠷᠠᠳ ᠲᠠᠢ ᠨᠢᠭᠤᠷᠳᠠᠨ ᠶᠠᠷᠢᠯᠴᠠᠵᠤ᠂ ᠨᠡᠶᠢᠭᠡᠮ ᠲᠣᠭᠤᠷᠢᠭ ᠤᠨ ᠪᠦᠳᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠣᠷᠴᠢᠨ ᠲᠣᠭᠤᠷᠢᠨ ᠤ ᠵᠠᠰᠠᠯᠲᠠ ᠵᠡᠷᠭᠡ ᠲᠠᠯ᠎ᠠ ᠪᠠᠷ ᠮᠠᠰᠢ ᠤᠯᠠᠨ ᠡᠷᠬᠢᠮ ᠨᠠᠨᠳᠢᠨ ᠰᠠᠨᠠᠯ ᠪᠠ ᠬᠦᠰᠡᠯ ᠱᠠᠭᠠᠷᠳᠠᠯᠭ᠎ᠠ ᠳᠤᠷᠠᠳᠴᠤ᠂ ᠲᠥᠯᠥᠭᠡᠯᠡᠭᠴᠢᠳ ᠨᠠᠷᠢᠨ ᠬᠢᠨᠠᠮᠠᠭᠠᠢ ᠰᠣᠨᠣᠰᠬᠤ ᠶᠢᠨ ᠳᠠᠭᠠᠤ ᠨᠠᠷᠢᠨ ᠬᠢᠨᠠᠮᠠᠭᠠᠢ ᠲᠡᠮᠳᠡᠭᠯᠡᠵᠦ᠂ ᠰᠣᠩᠭᠤᠭᠤᠯᠢ ᠶᠢᠨ ᠠᠷᠠᠳ ᠤᠨ ᠳᠤᠷᠠᠳᠤᠭᠰᠠᠨ ᠠᠰᠠᠭᠤᠳᠠᠯ ᠳᠤ ᠬᠦᠯᠢᠴᠡᠩᠭᠦᠢ ᠬᠠᠷᠢᠭᠤᠯᠲᠠ ᠥᠭᠴᠡᠢ᠃ ᠲᠣᠰ ᠤᠳᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠨᠡᠶᠢᠭᠡᠮ ᠲᠣᠭᠤᠷᠢᠭ ᠲᠤ ᠣᠷᠣᠵᠤ ᠰᠣᠩᠭᠤᠭᠤᠯᠢ ᠶᠢᠨ ᠠᠷᠠᠳ ᠤᠨ ᠠᠵᠢᠯᠯᠠᠭ᠎ᠠ ᠶᠢ ᠭᠥᠯᠢᠶᠡᠨ ᠠᠪᠤᠭᠰᠠᠨ ᠨᠢ ᠲᠥᠯᠥᠭᠡᠯᠡᠭᠴᠢ ᠪᠣᠯᠤᠨ ᠰᠣᠩᠭᠤᠭᠤᠯᠢ ᠶᠢᠨ ᠠᠷᠠᠳ ᠤᠨ ᠬᠤᠭᠤᠷᠣᠨᠳᠣᠬᠢ ᠵᠠᠶ ᠶᠢ ᠣᠶᠢᠷᠠᠲᠤᠭᠤᠯᠤᠭᠰᠠᠨ ᠢᠶᠠᠷ ᠪᠠᠷᠠᠬᠤ ᠥᠬᠡᠶ᠂ ᠪᠠᠰᠠ ᠲᠥᠯᠥᠭᠡᠯᠡᠭᠴᠢᠳ ᠲᠤ ᠰᠣᠩᠭᠤᠭᠤᠯᠢ ᠶᠢᠨ ᠠᠷᠠᠳ ᠤᠨ ᠬᠡᠷᠡᠭᠴᠡᠭᠡ ᠪᠣᠯᠤᠨ ᠬᠦᠰᠡᠯ ᠡᠷᠡᠮᠡᠯᠵᠡᠯ ᠢ ᠨᠠᠩ ᠭᠦᠨᠵᠡᠭᠡᠶ ᠣᠶᠢᠯᠠᠭᠠᠭᠤᠯᠪᠠ᠃ ᠲᠥᠯᠥᠭᠡᠯᠡᠭᠴᠢᠳ ᠢᠯᠡᠷᠬᠡᠶᠢᠯᠡᠬᠦ ᠳᠡᠭᠡᠨ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠣᠶ ᠶᠢ ᠪᠡᠯᠭᠡᠯᠡᠬᠦ ᠪᠠᠷ ᠠᠵᠠ ᠲᠣᠬᠢᠶᠠᠯ ᠪᠣᠯᠭᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠰᠣᠩᠭᠤᠭᠤᠯᠢ ᠶᠢᠨ ᠠᠷᠠᠳ ᠤᠨ ᠬᠦᠰᠡᠯ ᠱᠠᠭᠠᠷᠳᠠᠯᠭ᠎ᠠ ᠶᠢ ᠢᠳᠡᠪᠬᠢᠲᠡᠶ ᠲᠤᠰᠬᠠᠵᠤ᠂ ᠨᠡᠶᠢᠭᠡᠮ ᠲᠣᠭᠤᠷᠢᠭ ᠤᠨ ᠪᠥᠲᠥᠭᠡᠨ ᠪᠠᠶᠢᠭᠤᠯᠤᠯᠲᠠ ᠳᠤ ᠲᠥᠯᠥᠭᠡᠯᠡᠭᠴᠢᠳ ᠤᠨ ᠬᠦᠴᠦᠨ ᠴᠢᠳᠠᠯ ᠢᠶᠠᠨ ᠡᠷᠭᠦᠨ᠎ᠡ ᠭᠡᠵᠡᠶ᠃      ᠵᠠᠯᠭᠠᠭᠠᠳ᠂ ᠸᠠᠨ ᠵᠢᠶᠦ᠋ᠨ ᠨᠡᠶᠢᠭᠡᠮ ᠲᠣᠭᠤᠷᠢᠭ ᠤᠨ ᠬᠢᠨ ᠥᠷᠭᠡᠨ ᠤᠯᠠᠨ ᠰᠣᠩᠭᠤᠭᠤᠯᠢ ᠶᠢᠨ ᠠᠷᠠᠳ ᠤᠨ ᠠᠷᠠᠳᠴᠢᠯᠠᠭᠰᠠᠨ ᠤᠯᠤᠰ ᠲᠦᠷᠦ ᠶᠢᠨ ᠪᠠᠶᠢᠭᠤᠯᠤᠯᠲᠠ ᠳᠤ ᠣᠷᠣᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠤᠯᠠᠮ ᠨᠢᠭᠡ ᠠᠯᠬᠤᠮ ᠬᠥᠭᠵᠢᠭᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠲᠤᠰ ᠪᠡᠶ᠎ᠡ ᠶᠢᠨ ᠠᠵᠢᠯ ᠲᠦᠷᠦᠯ᠂ ᠲᠤᠰᠬᠠᠢ ᠮᠡᠷᠭᠡᠵᠢᠯ ᠤᠨ ᠬᠦᠷᠢᠶᠡᠨ ᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ ᠨᠡᠶᠢᠭᠡᠮ ᠲᠣᠭᠤᠷᠢᠭ ᠤᠨ ᠬᠥᠭᠵᠢᠯᠲᠡ ᠳᠤ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠶᠢ ᠤᠷᠢᠶᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ ᠥᠷᠭᠡᠨ ᠤᠯᠠᠨ ᠰᠣᠩᠭᠤᠭᠤᠯᠢ ᠶᠢᠨ ᠠᠷᠠᠳ ᠤᠨ ᠬᠠᠮᠲᠤ ᠶᠢᠨ ᠣᠷᠣᠯᠴᠠᠯᠭ᠎ᠠ ᠶᠢᠨ ᠳᠡᠮᠵᠢᠯᠭᠡ ᠳᠣᠣᠷ᠎ᠠ᠂ ᠨᠡᠶᠢᠭᠡᠮ ᠲᠣᠭᠤᠷᠢᠭ ᠤᠨ ᠡᠯ᠎ᠡ ᠵᠦᠢᠯ ᠤᠨ ᠦᠢᠯᠡᠰ ᠯᠠᠪᠲᠠᠢ ᠥᠷᠨᠢᠭᠦᠨ ᠬᠥᠭᠵᠢᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠦᠨᠳᠦᠰᠦᠨ ᠱᠠᠲᠤᠨ ᠳᠠᠬᠢ ᠠᠮᠢᠳᠤᠯᠢᠭ ᠦᠢᠯᠡᠳᠦᠯᠭᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠨ᠎ᠡ᠃   
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号