ᠡᠨᠡ ᠵᠢᠯ ᠠᠴᠠ ᠨᠠᠭᠠᠰᠢ᠂ ᠴᠢᠩᠱᠠᠨ ᠲᠣᠭᠤᠷᠢᠭ ᠤᠨ ᠡᠯ᠎ᠡ ᠰᠠᠯᠠᠭ᠎ᠠ ᠮᠥᠴᠢᠷ ᠰᠡᠳᠬᠢᠯ ᠢᠶᠠᠨ ᠨᠢᠭᠡᠳᠬᠡᠨ | ᠬᠦᠴᠦ ᠪᠠᠨ ᠬᠠᠮᠲᠤᠳᠬᠠᠵᠤ ᠬᠥᠭᠵᠢᠯᠲᠡ ᠶᠢ ᠠᠬᠢᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠢᠷᠢ | ᠬᠡᠮ ᠲᠠᠢ ᠠᠵᠤ ᠠᠬᠤᠶᠢᠯᠠᠯ ᠢ ᠬᠥᠮᠥᠷᠭᠡ ᠳᠤ ᠣᠷᠣᠭᠤᠯᠵᠤ ᠨᠢᠭᠡᠳᠦᠯᠲᠡᠢ ᠪᠣᠯᠭᠠᠬᠤ ᠶᠢ ᠠᠬᠢᠭᠤᠯᠵᠤ᠂ ︽ᠬᠤᠶᠠᠷ | ᠰᠢᠨ᠎ᠡ︾ ᠶᠢᠨ ᠠᠵᠢᠯ ᠢᠯᠡᠳᠲᠡ ᠦᠷ᠎ᠡ ᠪᠦᠲᠦᠮᠵᠢ ᠣᠯᠵᠤ᠂ ᠦᠷᠭᠦᠯᠵᠢᠯᠡᠨ ᠡᠷᠴᠢ ᠵᠣᠷᠢᠭ ᠲᠠᠰᠤᠷᠠᠯᠲᠠ ᠦᠭᠡᠢ | ᠢᠯᠡᠷᠡᠪᠡ᠃ | ᠨᠢᠭᠡ ᠳᠤ ᠪᠠᠷᠢᠯᠭ᠎ᠠ ᠶᠢᠨ ᠦᠢᠯᠡᠰ ᠤᠨ ᠦᠢᠯᠡᠳᠬᠦᠨ ᠤ ᠶᠡᠷᠦᠩᠬᠡᠢ ᠥᠷᠲᠡᠭ ᠤᠨ ᠨᠡᠮᠡᠭᠳᠡᠯ ᠢ ᠬᠦᠴᠦᠲᠡᠢ | ᠲᠠᠶᠢᠴᠢᠯᠠᠪᠠ᠃ ᠡᠨᠡ ᠵᠢᠯ ᠤᠨ ︽ᠬᠤᠶᠠᠷ ᠰᠢᠨ᠎ᠡ︾ ᠶᠢᠨ ᠬᠥᠮᠥᠷᠭᠡ ᠳᠤ ᠣᠷᠣᠭᠤᠯᠤᠭᠰᠠᠨ ᠠᠵᠤ ᠠᠬᠤᠶᠢᠯᠠᠯ 11 | ᠡᠷᠦᠬᠡ ᠪᠠᠶᠢᠵᠤ᠂ ᠪᠠᠷᠢᠯᠭ᠎ᠠ ᠶᠢᠨ ᠦᠢᠯᠡᠰ ᠤᠨ ᠦᠢᠯᠡᠳᠬᠦᠨ ᠤ ᠶᠡᠷᠦᠩᠬᠡᠶ ᠥᠷᠲᠡᠭ ᠤᠨ ᠨᠡᠮᠡᠭᠳᠡᠯ ᠢ 18.5 | ᠵᠠᠭᠤᠨ ᠤ ᠨᠢᠭᠡᠴᠢ ᠳᠠᠶᠢᠴᠢᠯᠠᠵᠤ᠂ ᠬᠤᠪᠢ ᠨᠡᠮᠡᠷᠢ ᠦᠵᠡᠭᠦᠯᠦᠭᠰᠡᠨ ᠨᠣᠷᠮ᠎ᠠ ᠨᠢ 2.4 ᠳᠠᠬᠢᠨ ᠪᠣᠯᠵᠤ᠂ ︽ᠬᠤᠶᠠᠷ | ᠰᠢᠨ᠎ᠡ︾ ᠠᠵᠤ ᠠᠬᠤᠶᠢᠯᠠᠯ ᠤᠨ ᠳᠠᠶᠢᠴᠢᠯᠠᠬᠤ ᠦᠷ᠎ᠡ ᠪᠦᠲᠦᠮᠵᠢ ᠢᠯᠡᠳᠲᠡ ᠪᠣᠯᠪᠠ᠃ | ᠬᠤᠶᠠᠷ ᠲᠤ ᠠᠵᠤ ᠦᠢᠯᠡᠰ ᠤᠨ ᠪᠦᠲᠦᠴᠡ ᠶᠢᠨ ᠬᠥᠭᠵᠢᠯᠲᠡ ᠶᠢ ᠬᠦᠴᠦᠲᠡᠢ ᠠᠬᠢᠭᠤᠯᠪᠠ᠃ ︽ᠬᠤᠶᠠᠷ | ᠰᠢᠨ᠎ᠡ︾ ᠠᠵᠤ ᠠᠬᠤᠶᠢᠯᠠᠯ ᠤᠨ ᠳᠣᠲᠣᠷ᠎ᠠ᠂ 3 ᠬᠡᠷ ᠪᠠᠶᠢᠰᠢᠩ ᠪᠠᠷᠢᠯᠭ᠎ᠠ ᠶᠢᠨ ᠦᠢᠯᠡᠰ᠂ 6 ᠰᠠᠭᠤᠷᠢ ᠮᠣᠳᠣᠨ ᠤ | ᠪᠠᠷᠢᠯᠭ᠎ᠠ ᠶᠢᠨ ᠦᠢᠯᠡᠰ᠂ 2 ᠪᠠᠷᠢᠯᠭ᠎ᠠ ᠤᠭᠰᠠᠷᠠᠬᠤ ᠦᠢᠯᠡᠰ᠂ ᠣᠷᠣᠨ ᠰᠠᠭᠤᠴᠠ ᠶᠢᠨ ᠬᠡᠷ ᠪᠠᠶᠢᠰᠢᠩ ᠤᠨ ᠪᠠᠷᠢᠯᠭ᠎ᠠ᠂ | ᠵᠢᠶᠠᠰᠠ ᠵᠢᠴᠢ ᠲᠥᠬᠦᠭᠡᠷᠦᠮᠵᠢ ᠶᠢᠨ ᠪᠠᠷᠢᠯᠭ᠎ᠠ᠂ ᠴᠠᠬᠢᠯᠭᠠᠨ ᠤᠭᠰᠠᠷᠠᠬᠤ ᠵᠡᠷᠭᠡ ᠣᠯᠠᠨ ᠠᠵᠢᠯ ᠲᠥᠷᠥᠯ ᠤᠨ ᠵᠢᠵᠢᠭ | ᠲᠥᠷᠥᠯ ᠢ ᠬᠠᠮᠤᠷᠴᠤ᠂ ᠠᠵᠤ ᠦᠢᠯᠡᠰ ᠤᠨ ᠪᠦᠲᠦᠴᠡ ᠶᠢ ᠪᠦᠲᠦᠮᠵᠢᠲᠡᠶ ᠪᠠᠶᠠᠯᠢᠭᠵᠢᠭᠤᠯᠪᠠ᠃ | ᠭᠤᠷᠪᠠ ᠳᠤ ᠡᠵᠡᠩᠨᠡᠯᠲᠡ ᠶᠢᠨ ᠣᠷᠣᠯᠭ᠎ᠠ ᠶᠢ ᠬᠦᠴᠦᠲᠡᠢ ᠳᠡᠭᠡᠭᠰᠢᠯᠡᠭᠦᠯᠪᠡ᠃ 11 ᠠᠵᠤ ᠠᠬᠤᠶᠢᠯᠠᠯ ᠤᠨ | ᠡᠵᠡᠩᠨᠡᠯᠲᠡ ᠰᠠᠶᠢᠵᠢᠷᠠᠵᠤ᠂ ᠡᠵᠡᠩᠨᠡᠯᠲᠡ ᠶᠢᠨ ᠣᠷᠣᠯᠭ᠎ᠠ ᠨᠢ ᠴᠢᠩᠱᠠᠨ ᠲᠣᠭᠤᠷᠢᠭ ᠤᠨ ᠡᠵᠡᠩᠨᠡᠯᠲᠡ ᠶᠢᠨ ᠶᠡᠷᠦᠩᠬᠡᠶ | ᠣᠷᠣᠯᠭ᠎ᠠ ᠶᠢ 11.2 ᠵᠠᠭᠤᠨ ᠤ ᠨᠢᠭᠡᠴᠢ ᠨᠡᠮᠡᠭᠳᠡᠭᠦᠯᠵᠦ᠂ ᠪᠠᠷᠢᠯᠭ᠎ᠠ ᠶᠢᠨ ᠠᠵᠢᠯ ᠢ ᠳᠠᠭᠠᠭᠠᠨ ᠠᠪᠬᠤ ᠳᠤ ᠬᠦᠴᠦᠲᠡᠶ | ᠪᠠᠯᠠ ᠮᠥᠩᠭᠦ ᠶᠢᠨ ᠳᠡᠮᠵᠢᠯᠭᠡ ᠬᠠᠩᠭᠠᠵᠤ᠂ ᠪᠠᠷᠢᠯᠭ᠎ᠠ ᠶᠢᠨ ᠦᠢᠯᠡᠰ ᠤᠨ ᠬᠥᠭᠵᠢᠯᠲᠡ ᠳᠤ ᠠᠮᠢᠵᠢᠷᠠᠯ ᠤᠨ ᠬᠦᠴᠦᠨ | ᠨᠡᠮᠡᠷᠢᠯᠡᠪᠡ᠃ | ᠰᠢᠨ᠎ᠡ ᠪᠠᠷ ᠬᠥᠮᠥᠷᠭᠡ ᠳᠤ ᠣᠷᠣᠭᠤᠯᠤᠭᠰᠠᠨ ᠠᠵᠤ ᠠᠬᠤᠶᠢᠯᠠᠯ ᠤᠨ ᠪᠦᠬᠦᠯᠢ ᠴᠣᠭᠴᠠ ᠶᠢᠨ ᠬᠤᠪᠢ ᠨᠡᠮᠡᠷᠢ | ᠨᠡᠯᠢᠶᠡᠳ ᠶᠡᠭᠡ ᠪᠠᠶᠢᠵᠤ᠂ ︽ᠬᠤᠶᠠᠷ ᠰᠢᠨ᠎ᠡ︾ ᠶᠢᠨ ᠠᠵᠢᠯ ᠨᠢ ᠪᠠᠷᠢᠯᠭ᠎ᠠ ᠶᠢᠨ ᠦᠢᠯᠡᠰ ᠤᠨ ᠬᠥᠭᠵᠢᠯᠲᠡ ᠶᠢ | ᠦᠷᠭᠦᠯᠵᠢᠯᠡᠨ ᠠᠬᠢᠭᠤᠯᠵᠤ᠂ ᠪᠠᠷᠢᠯᠭ᠎ᠠ ᠶᠢᠨ ᠠᠵᠢᠯ ᠲᠥᠷᠥᠯ ᠤᠨ ᠠᠵᠤ ᠠᠬᠤᠶ ᠶᠢᠨ ᠨᠡᠮᠡᠭᠳᠡᠯ ᠢ | ᠲᠣᠭᠲᠠᠪᠤᠷᠢᠵᠢᠭᠤᠯᠬᠤ᠂ ᠨᠡᠮᠡᠭᠳᠡᠯ ᠤᠨ ᠬᠡᠮᠵᠢᠶ᠎ᠡ ᠶᠢ ᠳᠡᠮᠵᠢᠬᠦ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠤᠭᠰᠠᠨ | ᠪᠥᠭᠡᠳ ᠪᠠᠰᠠ ᠲᠠᠰᠤᠷᠠᠯᠲᠠ ᠥᠬᠡᠶ ᠢᠯᠡᠷᠡᠵᠦ ᠪᠠᠶᠢᠨ᠎ᠠ᠃ | | | | | | |