ᠴᠢᠩᠱᠠᠨ ᠲᠣᠭᠤᠷᠢᠭ ᠤᠨ ᠬᠠᠷᠢᠭᠤᠴᠠᠯᠭ᠎ᠠ ᠶᠢ ᠱᠠᠯᠠᠪᠳᠠᠭᠤᠯᠤᠨ ᠰᠤᠷᠤᠯᠴᠠᠭᠤᠯᠬᠤ ᠨᠢ ᠰᠤᠷᠭᠠᠭᠤᠯᠢ ᠳᠤ ᠭᠦᠨᠵᠡᠭᠡᠶᠢᠷᠡᠨ ᠲᠤᠰᠬᠠᠶ ᠱᠠᠯᠠᠪᠳᠠᠭᠤᠯᠤᠨ ᠵᠢᠯᠤᠭᠤᠳᠤᠯᠭ᠎ᠠ ᠬᠢᠪᠡ
ᠨᠡᠶᠢᠲᠡᠯᠡᠭᠰᠡᠨ ᠴᠠᠭ᠄
2024/10/9
      2024 ᠣᠨ ᠤ ᠤᠯᠤᠰ ᠤᠨ ᠰᠤᠷᠭᠠᠨ ᠬᠥᠮᠦᠵᠢᠯ ᠤᠨ ᠶᠠᠮᠤᠨ ᠤ ᠨᠠᠮᠤᠷ ᠤᠨ ᠤᠯᠠᠷᠢᠯ ᠤᠨ ᠱᠠᠯᠠᠪᠳᠠᠭᠤᠯᠤᠨ ᠵᠢᠯᠣᠭᠤᠳᠬᠤ ᠠᠵᠢᠯ ᠤᠨ ᠭᠤᠤᠯᠳᠠᠯᠭ᠎ᠠ ᠲᠠᠢ ᠡᠭᠦᠷᠭᠡ ᠶᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠢᠩᠱᠠᠨ ᠲᠣᠭᠤᠷᠢᠭ ᠤᠨ ᠡᠯ᠎ᠡ ᠰᠤᠷᠤᠯᠭ᠎ᠠ ᠶᠢᠨ ᠱᠠᠲᠤᠨ ᠤ ᠰᠤᠷᠭᠠᠭᠤᠯᠢ ᠶᠢᠨ ᠵᠢᠷᠤᠮᠵᠢᠯ ᠲᠠᠢ ᠰᠤᠷᠭᠠᠭᠤᠯᠢ ᠡᠷᠭᠢᠯᠡᠬᠦ ᠶᠢ ᠴᠢᠩᠭᠠᠳᠬᠠᠨ᠂ ᠰᠤᠷᠭᠠᠭᠤᠯᠢ ᠡᠷᠭᠢᠯᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠳᠤ ᠨᠡᠶᠢᠳᠡᠮ ᠠᠰᠢᠭ ᠬᠦᠷᠲᠡᠭᠡᠬᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠪᠠᠶᠢᠯᠭᠠᠬᠤ ᠶᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠴᠢᠩᠱᠠᠨ ᠲᠣᠭᠤᠷᠢᠭ ᠤᠨ ᠬᠠᠷᠢᠭᠤᠴᠠᠯᠭ᠎ᠠ ᠶᠢ ᠱᠠᠯᠠᠪᠳᠠᠭᠤᠯᠤᠨ ᠰᠤᠷᠤᠯᠴᠠᠭᠤᠯᠬᠤ ᠨᠢ ᠪᠥᠬᠦ ᠲᠤᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠲᠤ ᠭᠦᠨᠵᠡᠭᠡᠶᠢᠷᠡᠨ ᠲᠤᠰᠬᠠᠶ ᠱᠠᠯᠠᠪᠳᠠᠭᠤᠯᠤᠨ ᠵᠢᠯᠣᠭᠤᠳᠪᠠ᠃      ᠲᠣᠰ ᠤᠳᠠᠭ᠎ᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠳᠤ 10 ᠲᠠᠯ᠎ᠠ ᠪᠠᠷ ᠨᠡᠶᠢᠲᠡ 59 ᠭᠦᠢᠴᠡᠳᠬᠡᠯ ᠲᠤᠭ᠎ᠠ ᠶᠢ ᠲᠤᠬᠠᠶ ᠶᠢᠨ ᠭᠠᠵᠠᠷ ᠲᠤᠨᠢ ᠱᠠᠯᠠᠪᠳᠠᠭᠤᠯᠤᠨ ᠵᠢᠯᠣᠭᠤᠳᠴᠤ᠂ ᠰᠤᠷᠭᠠᠭᠤᠯᠢ ᠶᠢᠨ ᠦᠨᠳᠦᠰᠦᠨ ᠪᠠᠶᠢᠳᠠᠯ᠂ ᠰᠤᠷᠭᠠᠭᠤᠯᠢ ᠶᠢᠨ ᠠᠮᠤᠷ ᠲᠦᠪᠰᠢᠨ ︵ᠢᠳᠡᠭᠡᠨ ᠤ ᠠᠮᠤᠷ ᠲᠦᠪᠰᠢᠨ ᠪᠠᠭᠲᠠᠨ᠎ᠠ︶᠂ ︽ᠬᠤᠶᠠᠷ ᠢ ᠬᠦᠩᠭᠡᠷᠡᠭᠦᠯᠬᠦ︾᠂ ᠰᠡᠳᠬᠢᠴᠡ ᠶᠢᠨ ᠡᠷᠡᠭᠦᠯ ᠮᠡᠨᠳᠦ᠂ ᠳᠣᠷᠣᠮᠵᠢᠯᠠᠯ ᠢ ᠰᠡᠷᠭᠡᠶᠢᠯᠡᠬᠦ ᠬᠦᠴᠦᠷᠬᠡᠭᠯᠡᠯ ᠢ ᠰᠡᠷᠭᠡᠶᠢᠯᠡᠬᠦ᠂ ᠬᠥᠳᠡᠯᠭᠡᠭᠡᠨ ᠬᠢᠭᠡᠳ ᠪᠡᠶ᠎ᠡ ᠮᠠᠬᠠᠪᠣᠳ᠂ ᠮᠡᠳᠡᠭᠡ ᠵᠠᠩᠭᠢᠵᠢᠯᠲᠠ᠂ ᠬᠤᠲᠠ ᠬᠥᠳᠡᠭᠡ ᠶᠢ ᠨᠢᠭᠡ ᠴᠣᠭᠴᠠᠵᠢᠭᠤᠯᠬᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠵᠡᠷᠭᠡ ᠲᠠᠯ᠎ᠠ ᠶᠢ ᠭᠤᠤᠯᠳᠠᠯᠭ᠎ᠠ ᠲᠠᠢ ᠪᠠᠭᠲᠠᠭᠠᠪᠠ᠃ ᠬᠡᠦᠬᠡᠳ ᠤᠨ ᠴᠡᠴᠡᠷᠯᠢᠭ ᠤᠨ 4 ᠲᠠᠯ᠎ᠠ ᠪᠠᠷ ᠨᠡᠶᠢᠳᠡ 25 ᠭᠦᠢᠴᠡᠳᠬᠡᠬᠦ ᠲᠤᠭ᠎ᠠ ᠶᠢ ᠲᠤᠬᠠᠢ ᠶᠢᠨ ᠭᠠᠵᠠᠷ ᠲᠤᠨᠢ ᠬᠢᠨᠠᠨ ᠵᠢᠯᠣᠭᠤᠳᠴᠤ᠂ ᠬᠡᠦᠬᠡᠳ ᠤᠨ ᠴᠡᠴᠡᠷᠯᠢᠭ ᠤᠨ ᠦᠨᠳᠦᠰᠦᠨ ᠪᠠᠶᠢᠳᠠᠯ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠠᠵᠢᠯᠯᠠᠭ᠎ᠠ ᠪᠣᠯᠤᠨ ᠬᠥᠭᠵᠢᠯᠲᠡ᠂ ᠪᠠᠭᠰᠢ ᠶᠢᠨ ᠮᠣᠷᠠᠯ ᠰᠤᠷᠲᠠᠯ ᠵᠡᠷᠭᠡ ᠲᠠᠯ᠎ᠠ ᠶᠢ ᠪᠠᠭᠲᠠᠭᠠᠭᠰᠠᠨ ᠭᠤᠣᠯᠳᠠᠯᠭ᠎ᠠ ᠲᠠᠢ ᠪᠠᠷ ᠬᠡᠦᠬᠡᠳ ᠤᠨ ᠴᠡᠴᠡᠷᠯᠢᠭ ᠤᠨ ᠬᠤᠣᠰ ᠡᠩ ᠤᠨ ᠪᠠᠷᠢᠮᠵᠢᠶ᠎ᠠ ᠳᠤ ᠬᠦᠷᠦᠭᠰᠡᠨ ᠭᠤᠣᠯᠳᠠᠯᠭ᠎ᠠ ᠲᠠᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ︽ᠡᠷᠬᠢᠨ ᠬᠠᠷᠠᠬᠤ︾ ᠪᠠᠶᠢᠴᠠᠭᠠᠯᠲᠠ ᠬᠢᠪᠡ᠃      ᠡᠯ᠎ᠡ  ᠬᠠᠷᠢᠭᠤᠴᠠᠯᠭ᠎ᠠ ᠶᠢᠨ ᠱᠠᠯᠠᠪᠳᠠᠭᠤᠯᠤᠨ ᠰᠤᠷᠤᠯᠴᠠᠯᠭ᠎ᠠ ᠰᠤᠷᠭᠠᠭᠤᠯᠢ ︵ᠬᠡᠤᠬᠡᠳ ᠤᠨ ᠴᠡᠴᠡᠷᠯᠢᠭ︶᠎ ᠶᠢ ᠲᠣᠰ ᠲᠣᠰ ᠳᠠᠭᠠᠭᠠᠴᠢᠯᠠᠨ ᠬᠠᠷᠢᠯᠴᠠᠬᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠮᠠᠲ᠋ᠧᠷᠢᠶᠠᠯ ᠪᠠᠶᠢᠴᠠᠭᠠᠨ ᠦᠵᠡᠬᠦ᠂ ᠶᠠᠷᠢᠯᠴᠠᠬᠤ ᠪᠠ ᠬᠢᠴᠢᠶᠡᠯ ᠦᠵᠡᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠰᠤᠷᠭᠠᠭᠤᠯᠢ ᠶᠢᠨ ᠰᠤᠷᠭᠠᠭᠤᠯᠢ ᠡᠷᠭᠢᠯᠡᠭᠰᠡᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠵᠤ᠂ ᠤᠶᠢᠯᠠᠭᠠᠨ ᠵᠢᠭᠰᠠᠭᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠣᠯᠵᠤ ᠮᠡᠳᠡᠪᠡᠯ ᠰᠤᠷᠭᠠᠭᠤᠯᠢ ᠶᠢᠨ ᠳᠠᠷᠦ᠋ᠢᠬᠠᠨ ᠬᠡᠷᠡᠭᠵᠢᠭᠦᠯᠵᠦ ᠳᠠᠷᠦ᠋ᠢᠬᠠᠨ ᠥᠭᠡᠷᠡᠴᠢᠯᠡᠬᠦ ᠶᠢ ᠵᠢᠯᠣᠭᠤᠳᠬᠤ ᠶᠢᠨ ᠬᠠᠮᠲᠤ ᠱᠠᠯᠠᠪᠳᠠᠭᠤᠯᠤᠨ ᠵᠢᠯᠣᠭᠤᠳᠬᠤ ᠲᠠᠰᠤᠭ ᠢ ᠴᠠᠭ ᠲᠤᠬᠠᠶ ᠳᠤᠨᠢ ᠬᠤᠷᠢᠶᠠᠩᠭᠤᠶᠢᠯᠠᠨ ᠬᠠᠷᠢᠭᠤ ᠲᠤᠰᠬᠠᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠪᠠ᠃      ᠲᠠᠷᠠᠭᠠᠴᠢ ᠶᠢᠨ ᠠᠯᠬᠤᠮ ᠳᠤ᠂ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠱᠠᠯᠠᠪᠳᠠᠭᠤᠯᠤᠨ ᠵᠢᠯᠣᠭᠤᠳᠬᠤ ᠲᠠᠰᠤᠭ ᠠᠴᠠ ᠵᠢᠭᠰᠠᠭᠠᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠬᠤᠷᠢᠶᠠᠩᠭᠤᠶᠢᠯᠠᠨ ᠡᠮᠬᠢᠯᠡᠵᠦ᠂ ᠠᠰᠠᠭᠤᠳᠠᠯ ᠤᠨ ᠡᠬᠡ ᠲᠠᠩᠰᠠ ᠪᠠᠶᠢᠭᠤᠯᠤᠨ᠂ ᠲᠠᠷᠠᠭᠠᠴᠢ ᠶᠢᠨ ᠱᠠᠯᠠᠪᠳᠠᠭᠤᠯᠤᠨ ᠵᠢᠯᠣᠭᠤᠳᠬᠤ ᠠᠵᠢᠯ ᠤᠨ ᠳᠤᠮᠳᠠ᠂ ᠰᠤᠷᠭᠠᠭᠤᠯᠢ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠢᠩᠭ᠎ᠠ ᠠᠩᠬᠠᠷᠴᠤ᠂ ᠲᠦᠷ ᠴᠠᠭ ᠰᠢᠢᠳᠪᠦᠷᠢᠯᠡᠬᠦ ᠳᠤ ᠪᠡᠷᠬᠡ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠵᠣᠬᠢᠴᠠᠭᠤᠯᠵᠤ᠂ ᠬᠤᠯᠪᠣᠭᠳᠠᠯ ᠪᠥᠬᠦᠶ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠢ ᠰᠠᠨᠠᠭᠠᠴᠢᠯᠠᠭ᠎ᠠ ᠠᠴᠠ ᠪᠠᠨ ᠵᠣᠬᠢᠴᠠᠭᠤᠯᠤᠨ ᠰᠤᠷᠭᠠᠭᠤᠯᠢ ᠲᠠᠢ ᠬᠠᠮᠵᠢᠯᠴᠠᠨ ᠴᠡᠭᠴᠡᠯᠡᠨ ᠰᠠᠶᠢᠵᠢᠷᠠᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠵᠤ᠂ ᠠᠶᠤᠯ ᠲᠦᠭᠰᠢᠭᠦᠷᠢ ᠶᠢᠨ ᠬᠡᠮ ᠰᠣᠭᠤᠭ ᠢ ᠲᠦᠢᠯᠪᠤᠷᠢᠲᠠᠶ ᠠᠷᠢᠯᠭᠠᠵᠤ᠂ ︽ᠬᠤᠶᠠᠷ ᠵᠦᠢᠯᠡᠰ︾᠎ ᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠠᠬᠢᠭᠤᠯᠵᠤ᠂ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠥᠨᠳᠦᠷᠯᠢᠭ ᠢ ᠪᠠᠶᠢᠭᠤᠯᠬᠤ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号