ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠦᠷᠢ ᠶᠢᠨ ᠠᠵᠢᠯᠯᠠᠭ᠎ᠠ ᠶᠢᠨ | ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ | ᠭᠡᠷ ᠤᠨ ᠴᠠᠬᠢᠯᠭᠠᠨ ᠬᠡᠷᠡᠭᠰᠡᠯ ᠤᠨ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ︽ᠭᠡᠷ ᠤᠨ ᠴᠠᠬᠢᠯᠭᠠᠨ ᠬᠡᠷᠡᠭᠰᠡᠯ ᠢ | ᠨᠡᠶᠢᠭᠡᠮ ᠲᠣᠭᠤᠷᠢᠭ ᠲᠤ ᠣᠷᠣᠭᠤᠯᠬᠤ︾ ᠠᠵᠢᠯᠯᠠᠭ᠎ᠠ ᠥᠷᠨᠢᠭᠦᠯᠵᠦ᠂ ᠠᠵᠤ ᠠᠬᠤᠶᠢᠯᠠᠯ ᠢ ᠬᠠᠪᠰᠤᠷᠤᠨ | ᠪᠣᠷᠤᠯᠠᠭᠤᠯᠭ᠎ᠠ ᠶᠢᠨ ᠠᠷᠭ᠎ᠠ ᠵᠠᠮ ᠢ ᠨᠢ ᠥᠷᠭᠡᠳᠬᠡᠪᠡ᠃ ︽ᠵᠠᠰᠠᠭ ᠤᠨ ᠣᠷᠳᠣᠨ ᠡᠴᠠᠨᠥ᠋ᠬᠦᠪᠦᠷᠢ ᠦᠭᠬᠦ + ᠠᠵᠤ | ᠠᠬᠤᠶᠢᠯᠠᠯ ᠳᠤ ᠠᠰᠢᠭ ᠤᠯᠭᠤᠬᠤ + ᠮᠥᠩᠭᠦᠨ ᠭᠦᠢᠯᠭᠡᠭᠡ ᠪᠠᠷ ᠬᠦᠴᠦᠨ ᠨᠡᠮᠡᠷᠢᠯᠡᠬᠦ︾ ᠣᠯᠠᠨ ᠵᠦᠢᠯ ᠤᠨ | ᠬᠠᠷᠠᠭᠠᠯᠵᠠᠯ ᠤᠨ ᠵᠠᠭᠪᠤᠷ ᠤᠨ ᠦᠢᠯᠡᠳᠦᠯ ᠳᠣᠣᠷ᠎ᠠ᠂ ᠥᠷᠭᠡᠨ ᠣᠯᠠᠨ ᠬᠤᠲᠠ ᠶᠢᠨ ᠠᠷᠠᠳ ᠤᠨ ᠬᠡᠷᠡᠭᠯᠡᠭᠡᠨ ᠤ | ᠬᠠᠯᠠᠭᠤᠨ ᠰᠡᠳᠬᠢᠯᠭᠡ ᠣᠷᠭᠢᠯᠤᠨ ᠪᠠᠳᠠᠷᠠᠪᠠ᠃ | ᠠᠵᠢᠯᠯᠠᠭ᠎ᠠ ᠡᠬᠢᠯᠡᠭᠰᠡᠨ ᠠᠴᠠ ᠨᠠᠭᠠᠰᠢ᠂ ᠴᠢᠩᠱᠠᠨ ᠲᠣᠭᠤᠷᠢᠭ ᠤᠨ ᠭᠡᠷ ᠤᠨ ᠴᠠᠬᠢᠯᠭᠠᠨ ᠬᠡᠷᠡᠭᠰᠡᠯ ᠤᠨ ᠠᠵᠤ | ᠠᠬᠤᠶᠢᠯᠠᠯ ᠤᠨ ᠪᠣᠷᠤᠯᠠᠭᠤᠯᠭ᠎ᠠ ᠴᠥᠮ ᠠᠳᠠᠯᠢ ᠪᠤᠰᠤ ᠬᠡᠮᠵᠢᠶ᠎ᠡ ᠪᠠᠷ ᠨᠡᠮᠡᠭᠳᠡᠵᠦ᠂ ᠢᠯᠠᠩᠭᠤᠶ᠎ᠠ ᠲᠦᠩ ᠯᠢ ᠭᠡᠷ ᠤᠨ | ᠴᠠᠬᠢᠯᠭᠠᠨ ᠬᠡᠷᠡᠭᠰᠡᠯ ᠤᠨ ᠪᠣᠷᠤᠯᠠᠭᠤᠯᠭ᠎ᠠ ᠶᠡᠭᠡ ᠪᠠᠷ ᠳᠡᠭᠡᠭᠰᠢᠯᠡᠪᠡ᠃ ᠡᠭᠦᠨ ᠳᠤ᠂ ᠲᠧᠯᠸᠢᠰ ᠠᠳᠠᠯᠢ ᠬᠤᠭᠤᠴᠠᠭᠠᠨ ᠤ | ᠬᠢ ᠠᠴᠠ 36.55% ᠨᠡᠮᠡᠭᠳᠡᠵᠦ᠂ ᠬᠥᠯᠳᠡᠭᠡᠭᠦᠷ ᠨᠢ ᠠᠳᠠᠯᠢ ᠬᠤᠭᠤᠴᠠᠭᠠᠨ ᠤ ᠬᠢ ᠠᠴᠠ 39.95% ᠪᠠᠷ | ᠨᠡᠮᠡᠭᠳᠡᠵᠦ᠂ ᠬᠤᠪᠴᠠᠰᠤ ᠤᠬᠢᠶᠠᠬᠤ ᠮᠠᠰᠢᠨ ᠠᠳᠠᠯᠢ ᠬᠤᠭᠤᠴᠠᠭᠠᠨ ᠤ ᠬᠢ ᠠᠴᠠ 40.7% ᠪᠠᠷ ᠨᠡᠮᠡᠭᠳᠡᠵᠦ᠂ ᠠᠭᠠᠷ | ᠲᠣᠬᠢᠷᠠᠭᠤᠯᠤᠭᠴᠢ ᠠᠳᠠᠯᠢ ᠬᠤᠭᠤᠴᠠᠭᠠᠨ ᠤ ᠬᠢ ᠠᠴᠠ 136.04% ᠪᠠᠷ ᠨᠡᠮᠡᠭᠳᠡᠵᠦ᠂ ᠲᠠᠮᠠᠬᠢᠨ ᠮᠠᠰᠢᠨ ᠵᠤᠤᠬ᠎ᠠ | ᠠᠳᠠᠯᠢ ᠬᠤᠭᠤᠴᠠᠭᠠᠨ ᠤ ᠬᠢ ᠠᠴᠠ 66.02% ᠨᠡᠮᠡᠭᠳᠡᠵᠦ᠂ ᠤᠰᠤ ᠪᠤᠴᠠᠯᠭᠠᠬᠤ ᠮᠠᠰᠢᠨ ᠨᠢ ᠠᠳᠠᠯᠢ | ᠬᠤᠭᠤᠴᠠᠭᠠᠨ ᠤ ᠬᠢ ᠠᠴᠠ 39.20% ᠪᠠᠷ ᠨᠡᠮᠡᠭᠳᠡᠪᠡ᠃ ᠥᠪᠥᠷ ᠮᠣᠩᠭᠤᠯ ᠤᠨ ᠪᠠᠩᠬᠢ ᠶᠢᠨ ᠬᠤᠯᠪᠣᠭ᠎ᠠ ᠶᠢᠨ | ᠬᠠᠷᠭᠤᠭᠤᠯᠤᠨ ᠭᠠᠷᠭᠠᠬᠤ ᠰᠢᠰᠲ᠋ᠧᠮ ᠤᠨ ᠪᠦᠷᠢᠳᠬᠡᠯ ᠢ ᠦᠨᠳᠦᠰᠦᠯᠡᠪᠡᠯ᠂ 10 ᠳ᠋ᠤᠭᠠᠷ ᠰᠠᠷ᠎ᠠ ᠶᠢᠨ 30 ᠤ ᠡᠳᠦᠷ | ᠪᠣᠯᠲᠠᠯ᠎ᠠ᠂ ᠲᠦᠩ ᠯᠢ ᠭᠡᠷ ᠤᠨ ᠴᠠᠬᠢᠯᠭᠠᠨ ᠬᠡᠷᠡᠭᠰᠡᠯ ᠤᠨ ᠤᠯᠤᠰ ᠤᠨ ᠨᠥᠬᠦᠪᠦᠷᠢ ᠪᠣᠷᠤᠯᠠᠭᠤᠯᠭ᠎ᠠ ᠨᠢ ᠥᠪᠡᠷᠲᠡᠭᠡᠨ | ᠵᠠᠰᠠᠬᠤ ᠣᠷᠣᠨ ᠤ ᠠᠩᠬᠠᠳᠠᠭᠴᠢ ᠳ᠋ᠦᠩᠰᠢᠭᠤᠷ ᠲᠥᠭᠦᠷᠢᠭ ᠢ ᠳᠠᠪᠠᠭᠰᠠᠨ ᠨᠢᠭᠡᠴᠢ ᠪᠣᠯᠵᠤ᠂ ᠪᠣᠷᠣᠯᠠᠭᠤᠯᠤᠯᠲᠠ ᠶᠢᠨ | ᠬᠡᠮᠵᠢᠶ᠎ᠡ ᠨᠢ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠤ ᠵᠢᠭᠰᠠᠭᠠᠭᠳᠠᠪᠠ᠃ |