ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠲᠤᠮᠦ ᠠᠵᠢᠯ ᠶᠠᠪᠤᠳᠠᠯ ᠤᠨ ᠲᠡᠮᠳᠡᠭᠯᠡᠯ ︵2024 ᠣᠨ ᠤ 10 ᠰᠠᠷ᠎ᠠ ᠶᠢᠨ 1 ᠤ ᠡᠳᠦᠷ — 10 ᠰᠠᠷ᠎ᠠ ᠶᠢᠨ 31 ᠤ ᠡᠳᠦᠷ︶
ᠨᠡᠶᠢᠲᠡᠯᠡᠭᠰᠡᠨ ᠴᠠᠭ᠄
2024/11/10
      10 ᠰᠠᠷ᠎ᠠ ᠶᠢᠨ 1 ᠤ ᠡᠳᠦᠷ᠂ ᠴᠢᠩᠱᠠᠨ ᠲᠣᠭᠤᠷᠢᠭ ᠤᠨ ︽ᠬᠠᠶᠢᠷ᠎ᠡ ᠬᠠᠯᠠᠮᠵᠢ ᠶᠢᠨ ᠨᠡᠭᠦᠷᠡᠰᠦ︾ ᠶᠢ ᠲᠠᠷᠬᠠᠭᠠᠬᠤ ᠠᠵᠢᠯ ᠵᠢᠩᠬᠢᠨᠢ ᠪᠠᠷ ᠡᠬᠢᠯᠡᠪᠡ᠃ 600 ᠲᠠᠷᠢᠶᠠᠴᠢᠨ ᠡᠷᠦᠬᠡ ᠳᠤ 1200 ᠲᠣᠨ ︽ᠬᠠᠶᠢᠷ᠎ᠡ ᠬᠠᠯᠠᠮᠵᠢ ᠶᠢᠨ ᠨᠡᠭᠦᠷᠡᠰᠦ︾ ᠣᠯᠭᠤᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠪᠠᠷ ᠰᠠᠭᠤᠷᠢ ᠪᠣᠯᠭᠠᠨ᠂ ᠨᠠᠩ ᠶᠡᠭᠡ ᠡᠷᠴᠢᠮ ᠪᠠ ᠨᠠᠩ ᠪᠣᠳᠠᠲᠠᠶ ᠠᠷᠭ᠎ᠠ ᠬᠡᠮᠵᠢᠶ᠎ᠡ ᠪᠠᠷ ︽ᠬᠠᠶᠢᠷ᠎ᠡ ᠬᠠᠯᠠᠮᠵᠢ ᠶᠢᠨ ᠨᠡᠭᠦᠷᠡᠰᠦ︾ ᠣᠯᠭᠤᠬᠤ ᠠᠵᠢᠯ ᠢ ᠰᠠᠶᠢᠲᠤᠷ ᠬᠢᠵᠦ᠂ ᠣᠯᠠᠨ ᠲᠦᠮᠡᠨ ᠢ ᠰᠠᠨᠠᠭ᠎ᠠ ᠠᠮᠤᠷ ᠠᠮᠢᠳᠤᠷᠠᠭᠤᠯᠵᠤ᠂ ᠰᠡᠳᠬᠢᠯ ᠬᠠᠨᠤᠮᠵᠢᠲᠠᠶ ᠡᠪᠦᠯ ᠢ ᠦᠩᠭᠡᠷᠡᠭᠦᠯᠬᠦ ᠪᠠᠷ ᠲᠥᠯᠥᠪᠯᠡᠵᠦ ᠪᠠᠶᠢᠨ᠎ᠠ᠃      10 ᠰᠠᠷ᠎ᠠ ᠶᠢᠨ 6 ᠤ ᠡᠳᠦᠷ᠂ ᠳᠤᠮᠳᠠᠳᠤ ᠤᠯᠤᠰ ᠤᠨ ᠬᠤᠶᠢᠴᠢ ᠦᠶ᠎ᠡ ᠶᠢᠨ ᠬᠢᠨ ᠪᠠᠨ ᠬᠠᠯᠠᠮᠵᠢᠯᠠᠬᠤ ᠠᠵᠢᠯ ᠤᠨ ᠵᠥᠪᠯᠡᠯ 27 ︽ᠲᠠᠪᠤᠨ ᠠᠬᠠᠮᠠᠳ︾ ᠠᠵᠢᠯᠯᠠᠬᠤ ᠲᠠᠰᠤᠭ ᠤᠨ ᠰᠢᠯᠢᠳᠡᠭ ᠬᠡᠷᠡᠭ ᠤᠨ ᠵᠢᠱᠢᠶ᠎ᠡ ᠶᠢ ᠭᠠᠷᠭᠠᠵᠤ᠂ ᠡᠯ᠎ᠡ ᠭᠠᠵᠠᠷ ᠤᠨ ᠰᠤᠷᠤᠯᠴᠠᠯᠭ᠎ᠠ ᠶᠢ ᠬᠠᠩᠭᠠᠵᠤ᠂ ᠥᠪᠥᠷ ᠮᠣᠩᠭᠤᠯ ᠤᠨ ︽ᠴᠢᠩᠱᠠᠨ ᠲᠣᠭᠤᠷᠢᠭ ᠤᠨ ᠴᠧᠨ ᠸᠧᠨ ᠰᠢᠤᠸᠠᠢ ᠬᠤᠪᠢᠰᠬᠠᠯᠲᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠬᠤ ᠲᠠᠰᠤᠭ︾ ᠠᠮᠵᠢᠯᠲᠠ ᠲᠠᠢ ᠪᠠᠷ ᠰᠣᠩᠭᠤᠭᠳᠠᠪᠠ᠃      10 ᠰᠠᠷ᠎ᠠ ᠶᠢᠨ 15 ᠤ ᠡᠳᠦᠷ᠂ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠥᠪᠥᠷ ᠮᠣᠩᠭᠤᠯ ᠤᠨ ᠲᠠᠢ ᠨᠧᠩ ᠤᠰᠤᠲᠥ᠋ᠷᠥᠭᠴᠢ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠪᠤᠭᠤᠲᠤ ᠬᠤᠲᠠ ᠶᠢᠨ ᠬᠠᠶ ᠯᠦᠩ ᠴᠠᠬᠢᠯᠭᠠᠨ ᠬᠦᠴᠦᠨ ᠤ ᠲᠥᠬᠦᠭᠡᠷᠦᠮᠵᠢ ᠶᠢᠨ ᠬᠢᠵᠠᠭᠠᠷᠲᠤ ᠺᠣᠮᠫᠠᠨᠢ ᠲᠠᠢ ᠪᠠᠯᠠ ᠣᠷᠣᠭᠤᠯᠤᠨ ᠪᠥᠲᠥᠭᠡᠨ ᠪᠠᠶᠢᠭᠤᠯᠤᠭᠰᠠᠨ ᠤᠶᠤᠨᠴᠢᠯᠠᠭᠰᠠᠨ ᠴᠠᠬᠢᠯᠭᠠᠨ ᠴᠡᠨᠡᠭᠯᠡᠬᠦ ᠵᠢᠴᠢ ᠤᠰᠤᠲᠥ᠋ᠷᠥᠭᠴᠢ ᠨᠡᠮᠡᠬᠦ ᠲᠥᠬᠦᠭᠡᠷᠦᠮᠵᠢ ᠶᠢ ᠰᠤᠳᠤᠯᠤᠨ ᠨᠡᠭᠡᠭᠡᠵᠦ ᠦᠢᠯᠡᠳᠪᠦᠷᠢᠯᠡᠬᠦ ᠲᠥᠷᠥᠯ ᠵᠦᠢᠯ ᠲᠠᠢ ᠭᠡᠷ᠎ᠡ ᠲᠣᠭᠲᠠᠪᠠ᠃ ᠲᠥᠷᠥᠯ ᠵᠦᠢᠯ ᠤᠨ ᠡᠵᠡᠯᠡᠬᠦ ᠲᠠᠯᠠᠪᠠᠶ ᠨᠢ ᠪᠠᠷᠤᠭ 50 ᠮᠥ ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ ᠨᠢ ᠪᠠᠷᠤᠭ 2 ᠳ᠋ᠦᠩᠰᠢᠭᠤᠷ ᠲᠥᠭᠦᠷᠢᠭ ᠪᠠᠶᠢᠵᠤ᠂ ᠡᠭᠦᠨ ᠳᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠨᠢ ᠪᠠᠷᠤᠭ 1.65 ᠳ᠋ᠦᠩᠰᠢᠭᠤᠷ ᠲᠥᠭᠦᠷᠢᠭ᠂ ᠭᠦᠢᠯᠭᠡᠭᠡᠨ ᠤ ᠪᠠᠯᠠ ᠮᠥᠩᠭᠦ ᠨᠢ 3500 ᠲᠦᠮᠡᠨ ᠲᠥᠭᠦᠷᠢᠭ ᠪᠠᠶᠢᠵᠤ᠂ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠳᠤ ᠳᠥᠷᠪᠡᠨ ᠣᠶᠤᠨᠴᠢ ᠴᠠᠬᠢᠯᠭᠠᠨ ᠴᠡᠨᠡᠭᠯᠡᠬᠦ ᠪᠠᠭᠠᠨ᠎ᠠ ᠪᠠ ᠭᠤᠷᠪᠠᠨ ᠬᠥᠳᠡᠯᠭᠡᠭᠦᠷ ᠤᠰᠤᠲᠥ᠋ᠷᠥᠭᠴᠢ ᠨᠡᠮᠡᠬᠦ ᠲᠥᠬᠦᠭᠡᠷᠦᠮᠵᠢ ᠶᠢᠨ ᠦᠢᠯᠡᠳᠪᠦᠷᠢᠯᠡᠯ ᠤᠨ ᠱᠤᠭᠤᠮ ᠢ ᠪᠠᠭᠲᠠᠭᠠᠨ᠎ᠠ᠃ ᠪᠦᠬᠦᠨ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ ᠵᠢᠱᠢᠯᠲᠡ ᠪᠠᠷ 1000 ᠴᠠᠬᠢᠯᠭᠠᠨ ᠴᠡᠨᠡᠭᠯᠡᠬᠦ ᠱᠣᠩ᠂ 300 ᠤᠰᠤᠲᠥ᠋ᠷᠥᠭᠴᠢ ᠨᠡᠮᠡᠬᠦ ᠲᠥᠬᠦᠭᠡᠷᠦᠮᠵᠢ ᠳᠤ ᠬᠦᠷᠴᠦ᠂ ᠵᠢᠯ ᠤᠨ ᠦᠢᠯᠡᠳᠬᠦᠨ ᠤ ᠥᠷᠲᠡᠭ ᠨᠢ ᠪᠠᠷᠤᠭ 2 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠭᠠᠶᠢᠯᠢ ᠶᠢᠨ ᠣᠷᠣᠯᠭ᠎ᠠ ᠨᠢ ᠪᠠᠷᠤᠭ 500 ᠲᠦᠮᠡᠨ ᠲᠥᠭᠦᠷᠢᠭ ᠲᠤ ᠬᠦᠷᠴᠦ᠂ 100 ᠬᠥᠮᠦᠨ ᠳᠤ ᠠᠵᠢᠯ ᠣᠯᠭᠤᠬᠤ ᠶᠢ ᠰᠢᠢᠳᠪᠦᠷᠢᠯᠡᠬᠦ ᠪᠣᠯᠤᠨ᠎ᠠ᠃ ᠲᠥᠷᠥᠯ ᠵᠦᠢᠯ ᠨᠢ ᠪᠤᠭᠤᠲᠤ ᠬᠤᠲᠠ ᠶᠢᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ᠂ ᠡᠨᠧᠷᠭᠢ ᠶᠢᠨ ᠪᠦᠲᠦᠴᠡ ᠶᠢᠨ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠬᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠪᠡᠶᠡᠯᠡᠭᠦᠯᠬᠦ ᠵᠡᠷᠭᠡ ᠲᠠᠯ᠎ᠠ ᠪᠠᠷ ᠴᠢᠬᠤᠯᠠ ᠠᠴᠢ ᠬᠤᠯᠪᠣᠭᠳᠠᠯ ᠲᠠᠢ ᠪᠠᠶᠢᠵᠤ᠂ ᠪᠤᠭᠤᠲᠤ ᠬᠤᠲᠠ ᠶᠢᠨ ᠮᠠᠰᠢᠨ ᠲᠡᠷᠭᠡᠨ ᠤ ᠠᠵᠤ ᠦᠢᠯᠡᠰ ᠤᠨ ᠴᠠᠬᠢᠯᠭᠠᠨᠵᠢᠬᠤ ᠪᠠ ᠤᠶᠤᠨᠴᠢᠯᠠᠬᠤ ᠬᠡᠯᠪᠡᠷᠢ ᠶᠢ ᠬᠤᠪᠢᠷᠠᠭᠤᠯᠬᠤ ᠶᠢ ᠲᠦᠷᠭᠡᠳᠬᠡᠬᠦ ᠪᠣᠯᠤᠨ᠎ᠠ᠃      10 ᠰᠠᠷ᠎ᠠ ᠶᠢᠨ 16 ᠤ ᠡᠳᠦᠷ᠂ ᠪᠸᠢ ᠪᠧᠨ ᠬᠦᠨᠳᠦ ᠬᠡᠯᠪᠡᠷᠢ ᠶᠢᠨ ᠮᠠᠰᠢᠨ ᠲᠡᠷᠭᠡ ᠴᠡᠭᠡ ᠪᠣᠭᠤᠮᠲᠠ ᠶᠢᠨ ᠲᠡᠷᠭᠡ ᠬᠥᠰᠬᠡ ᠪᠣᠷᠣᠯᠠᠭᠤᠯᠬᠤ ᠦᠢᠯᠡᠴᠢᠯᠡᠭᠡᠨ ᠤ ᠲᠥᠪ ᠠᠵᠢᠯ ᠡᠬᠢᠯᠡᠭᠦᠯᠬᠦ ᠶᠣᠰᠣᠯᠠᠯ ᠤᠨ ᠳᠣᠤᠵᠠ ᠬᠠᠶᠢᠴᠢᠯᠠᠬᠤ᠂ ᠲᠡᠷᠭᠡ ᠲᠤᠰᠢᠶᠠᠬᠤ ᠶᠣᠰᠣᠯᠠᠯ ᠶᠠᠪᠤᠭᠤᠯᠪᠠ᠃ ᠴᠡᠭᠡ ᠪᠣᠭᠤᠮᠲᠠ ᠶᠢᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠪᠸᠢ ᠪᠧᠨ ᠬᠦᠨᠳᠦ ᠬᠡᠯᠪᠡᠷᠢ ᠶᠢᠨ ᠮᠠᠰᠢᠨ ᠲᠡᠷᠭᠡ᠂ ᠤᠮᠠᠷᠠᠲᠤ ᠶᠢᠨ ᠲᠡᠷᠭᠡ ᠬᠥᠰᠬᠡ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠠᠵᠤ ᠦᠢᠯᠡᠰ ᠤᠨ ᠬᠡᠯᠬᠢᠶ᠎ᠡ ᠶᠢᠨ ᠬᠠᠮᠲᠤᠷᠠᠯᠴᠠᠭᠠᠨ ᠤ ᠬᠠᠨᠢᠲᠠᠨ ᠪᠣᠯᠤᠨ ᠬᠠᠷᠢᠶ᠎ᠠ ᠭᠠᠵᠠᠷ ᠤᠨ ᠠᠵᠤ ᠠᠬᠤᠶᠢᠯᠠᠯ ᠤᠨ ᠲᠥᠯᠥᠭᠡᠯᠡᠭᠴᠢ ᠣᠷᠣᠯᠴᠠᠪᠠ᠃ ᠲᠤᠬᠠᠶ ᠶᠢᠨ ᠲᠠᠯᠠᠪᠠᠶ ᠳᠤ ᠠᠩᠬᠠᠨ ᠤ ᠪᠦᠯᠦᠭ 200 ᠵᠠᠬᠢᠶᠠᠯᠠᠭ᠎ᠠ ᠶᠢᠨ ᠭᠡᠷ᠎ᠡ ᠲᠣᠭᠲᠠᠬᠤ ᠪᠠ 30 ᠲᠡᠷᠭᠡ ᠬᠥᠰᠬᠡ ᠲᠤᠰᠢᠶᠠᠬᠤ ᠶᠣᠰᠣᠯᠠᠯ ᠶᠠᠪᠤᠭᠤᠯᠵᠤ᠂ ᠪᠸᠢ ᠪᠧᠨ ᠬᠦᠨᠳᠦ ᠬᠡᠯᠪᠡᠷᠢ ᠶᠢᠨ ᠮᠠᠰᠢᠨ ᠲᠡᠷᠭᠡ᠂ ᠤᠮᠠᠷᠠᠲᠤ ᠣᠷᠣᠨ ᠤ ᠮᠠᠰᠢᠨ ᠲᠡᠷᠭᠡᠨ ᠤ ᠲᠥᠯᠥᠭᠡᠯᠡᠭᠴᠢ ᠳᠤᠮᠳᠠᠳᠤ ᠤᠯᠤᠰ᠂ ᠮᠤᠩᠭᠤᠯ ᠬᠤᠶᠠᠷ ᠤᠯᠤᠰ ᠤᠨ ᠬᠡᠷᠡᠭᠯᠡᠭᠴᠢᠳ ᠲᠤ  ᠪᠧᠢ ᠪᠧᠨ ᠬᠦᠨᠳᠦ ᠠᠴᠢᠶᠠᠨ ᠤ ᠮᠠᠰᠢᠨ ᠢ ᠪᠡᠯᠭᠡᠳᠡᠭᠰᠡᠨ ︽ᠠᠯᠲᠠᠨ ᠲᠦᠯᠬᠢᠭᠦᠷ︾ ᠢ ᠥᠭᠴᠦ᠂ ᠪᠣᠷᠣᠯᠠᠭᠤᠯᠬᠤ ᠦᠢᠯᠡᠴᠢᠯᠡᠭᠡᠨ ᠤ ᠲᠥᠪ ᠤᠨ ᠠᠩᠬᠠᠨ ᠤ ᠪᠦᠯᠦᠭ ᠵᠠᠬᠢᠶᠠᠯᠠᠭ᠎ᠠ ᠶᠢᠨ ᠬᠠᠭᠤᠳᠠᠰᠤ ︽ᠰᠠᠶᠢᠨ ᠡᠬᠢᠯᠡᠯᠲᠡ︾ ᠶᠢ ᠪᠡᠶᠡᠯᠡᠭᠦᠯᠪᠡ᠃      10 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠤᠯᠤᠰ ᠤᠨ ᠲᠠᠰ ᠤᠨ ︽ᠤᠳᠬ᠎ᠠ ᠤᠷᠠᠯᠢᠭ ᠬᠤᠶᠠᠷ ᠰᠢᠨ᠎ᠡ︾ ᠲᠣᠭᠤᠷᠢᠭ ᠤᠨ ᠦᠢᠯᠡᠳᠦᠯᠭᠡ ᠶᠢᠨ ᠰᠠᠭᠤᠷᠢᠨ ᠭᠠᠵᠠᠷ ︵ᠴᠢᠩᠱᠠᠨ ᠲᠣᠭᠤᠷᠢᠭ ᠤᠨ ᠳ᠋ᠦᠩ ᠳ᠋ᠠ ᠱᠠᠨ ᠤᠷᠠᠯᠢᠭ ᠤᠨ ᠲᠣᠭᠤᠷᠢᠭ︶ ᠤᠨ ᠫᠠᠶᠢᠰᠠ ᠡᠯᠭᠦᠬᠦ ᠶᠣᠰᠣᠯᠠᠯ ᠪᠤᠭᠤᠲᠤ ᠶᠢᠨ ᠤᠳᠬ᠎ᠠ ᠤᠷᠠᠯᠢᠭᠴᠢᠳ ᠤᠨ ᠬᠡᠷ ᠲᠤ ᠶᠠᠪᠤᠭᠳᠠᠪᠠ᠃ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠤᠯᠤᠰ ᠤᠨ ᠳᠣᠲᠣᠭᠠᠳᠤ ᠶᠢᠨ ᠬᠤᠯᠪᠣᠭ᠎ᠠ ᠬᠡᠯᠲᠡᠰ ᠪᠣᠯᠤᠨ ᠪᠤᠭᠤᠲᠤ ᠬᠤᠳᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠨᠢ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ︽ᠤᠳᠬ᠎ᠠ ᠤᠷᠠᠯᠢᠭ ᠬᠤᠶᠠᠷ ᠰᠢᠨ᠎ᠡ︾ ᠦᠢᠯᠡᠳᠦᠯᠭᠡ ᠶᠢᠨ ᠰᠠᠭᠤᠷᠢᠨ ᠭᠠᠵᠠᠷ ᠤᠨ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ ᠲᠤ ᠭᠠᠷ ᠤᠨ ᠦᠰᠦᠭ ᠵᠢᠷᠤᠪᠠ᠃ ᠬᠤᠶᠠᠷ ᠡᠲᠡᠭᠡᠳ ᠢᠶᠠᠷ  ᠢᠶᠠᠨ ᠰᠠᠭᠤᠷᠢᠨ ᠭᠠᠵᠠᠷ ᠤᠨ ︽ᠤᠳᠬ᠎ᠠ ᠤᠷᠠᠯᠢᠭ ᠬᠤᠶᠠᠷ ᠰᠢᠨ᠎ᠡ︾ ᠶᠢᠨ ᠦᠯᠢᠭᠡᠷ ᠠᠪᠴᠤ ᠵᠣᠬᠢᠶᠠᠨ ᠪᠦᠲᠦᠭᠡᠬᠦ᠂ ᠪᠣᠯᠪᠠᠰᠤᠷᠠᠭᠤᠯᠤᠨ ᠰᠣᠯᠢᠯᠴᠠᠬᠤ᠂ ᠤᠬᠠᠭᠤᠯᠤᠨ ᠳᠡᠯᠭᠡᠨ ᠦᠵᠡᠭᠦᠯᠬᠦ᠂ ᠲᠦᠷᠦᠯ ᠵᠦᠢᠯ ᠤᠨ ᠳᠡᠮᠵᠢᠯᠭᠡ ᠦᠵᠡᠭᠦᠯᠬᠦ ᠵᠡᠷᠭᠡ ᠳᠤ ᠵᠢᠯᠤᠭᠤᠳᠤᠯᠭ᠎ᠠ ᠪᠠ ᠬᠠᠪᠰᠤᠷᠤᠯᠭ᠎ᠠ ᠬᠠᠩᠭᠠᠬᠤ ᠪᠣᠯᠤᠨ᠎ᠠ᠃      10 ᠰᠠᠷ᠎ᠠ ᠶᠢᠨ 23 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠶᠦᠨ ᠰᠢ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ 19 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠴᠢᠩᠱᠠᠨ ᠲᠣᠭᠤᠷᠢᠭ ᠤᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠴᠢᠬᠤᠯᠠ ᠶᠡᠭᠡ ᠲᠥᠷᠥᠯ ᠵᠦᠢᠯ᠂ 2025 ᠣᠨ ᠤ ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠬᠦ ᠪᠠᠷ ᠪᠠᠶᠢᠭ᠎ᠠ᠂ 2025 ᠣᠨ ᠤ ᠳᠡᠭᠡᠳᠦ ᠱᠠᠲᠤᠨ ᠤ ᠪᠠᠯᠠ ᠮᠥᠩᠭᠦ ᠶᠢᠨ ᠲᠥᠷᠥᠯ ᠵᠦᠢᠯ᠂ 2025 ᠣᠨ ᠤ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠣᠨ ᠤ ᠲᠥᠯᠥᠪᠯᠡᠭᠡ ᠵᠡᠷᠭᠡ ᠬᠤᠯᠪᠣᠭᠳᠠᠯ ᠪᠥᠬᠦᠶ ᠵᠦᠢᠯᠡᠰ ᠢ ᠰᠤᠳᠤᠯᠵᠤ᠂ ᠴᠢᠩᠱᠠᠨ ᠲᠣᠭᠤᠷᠢᠭ ᠤᠨ 2024 ᠣᠨ ᠤ ᠲᠦᠷᠦᠭᠦᠤ ᠭᠤᠷᠪᠠᠨ ᠤᠯᠠᠷᠢᠯ ᠤᠨ ᠠᠮᠢ ᠠᠬᠤᠶ ᠶᠢᠨ ᠣᠷᠴᠢᠨ ᠲᠣᠭᠤᠷᠢᠨ ᠤ ᠠᠵᠢᠯ᠂ ᠴᠢᠩᠱᠠᠨ ᠲᠣᠭᠤᠷᠢᠭ ᠤᠨ ᠬᠤᠳᠠᠯᠳᠤᠭ᠎ᠠ ᠡᠵᠡᠨᠡᠭᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠠᠬᠢᠭᠤᠯᠤᠭᠰᠠᠨ ᠪᠠᠶᠢᠳᠠᠯ ᠵᠡᠷᠭᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠪᠠ᠃      10 ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠳᠥᠷᠪᠡᠳᠦᠭᠡᠷ ᠪᠦᠯᠦᠭ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠦᠢᠯᠡᠳᠪᠦᠷᠢᠯᠡᠯ ᠤᠨ ᠴᠢᠨᠠᠷᠲᠠᠶ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ︽ᠠᠷᠪᠠᠨ ᠰᠢᠯᠢᠳᠡᠭ︾ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ ᠶᠢᠨ ᠵᠡᠭᠡᠯᠢ ᠭᠤᠳᠤᠮᠵᠢ ᠶᠢᠨ ᠰᠢᠯᠢᠳᠡᠭ ᠦᠢᠯᠡᠳᠦᠯᠭᠡ ᠶᠢᠨ ᠬᠡᠷᠡᠭ ᠤᠨ ᠵᠢᠱᠢᠶ᠎ᠡ ᠶᠢᠨ ᠨᠡᠷᠡᠰ ᠢ ᠨᠡᠶᠢᠲᠡᠯᠡᠵᠦ᠂ ᠴᠢᠩᠱᠠᠨ ᠲᠣᠭᠤᠷᠢᠭ ᠤᠨ ᠪᠣᠳᠠᠰ ᠤᠨ ᠪᠤᠰᠤ ᠰᠣᠶᠣᠯ ᠤᠨ ᠥᠪ ᠤᠨ ᠬᠤᠶᠠᠷ ᠵᠦᠢᠯ ᠤᠨ ᠨᠡᠷᠡᠰ ᠤᠨ ᠵᠢᠭᠰᠠᠭᠠᠯᠲᠠ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠦᠢᠯᠡᠳᠪᠦᠷᠢᠯᠡᠯ ᠤᠨ ᠴᠢᠨᠠᠷᠲᠠᠶ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠴᠢᠨᠠᠷᠲᠠᠶ ᠰᠠᠭᠤᠷᠢᠨ ᠭᠠᠵᠠᠷ ᠨᠢ ᠲᠦᠷᠦᠭᠦᠤ ᠪᠦᠯᠦᠭ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠦᠢᠯᠡᠳᠪᠦᠷᠢᠯᠡᠯ ᠤᠨ ᠴᠢᠨᠠᠷᠲᠠᠶ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠴᠢᠨᠠᠷᠲᠠᠶ ᠰᠠᠭᠤᠷᠢᠨ ᠭᠠᠵᠠᠷ ᠪᠣᠯᠵᠣ᠂ ᠪᠤᠭᠤᠲᠤ ᠬᠤᠲᠠ ᠶᠢᠨ ᠴᠣᠷ ᠤᠨ ᠭᠠᠭᠴᠠ ᠠᠵᠤ ᠠᠬᠤᠶᠢᠯᠠᠯ ᠪᠣᠯᠵᠠᠶ︔ ︽ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠰᠢᠩ ᠱᠧᠩ ᠪᠠᠯᠭᠠᠰᠤᠨ ᠤ ᠳ᠋ᠦᠩ ᠳ᠋ᠠ ᠭᠸᠦ ᠲᠣᠰᠬᠤᠨ ᠤ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ ᠶᠢᠨ ᠦᠢᠯᠡᠳᠦᠯᠭᠡ ᠶᠢᠨ ᠬᠡᠷᠡᠭ ᠤᠨ ᠵᠢᠱᠢᠶ᠎ᠡ ︽ᠠᠷᠪᠠᠨ ᠰᠢᠯᠢᠳᠡᠭ︾ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠭᠤᠳᠤᠮᠵᠢ ᠶᠢᠨ ᠪᠥᠲᠥᠭᠡᠨ ᠪᠠᠶᠢᠭᠤᠯᠤᠯᠲᠠ ᠶᠢᠨ ᠰᠢᠯᠢᠳᠡᠭ ᠦᠢᠯᠡᠳᠦᠯᠭᠡ ᠶᠢᠨ ᠵᠢᠱᠢᠶ᠎ᠡ ᠶᠢᠨ ᠨᠡᠷᠡᠰ ᠤᠨ ᠵᠢᠭᠰᠠᠭᠠᠯᠲᠠ ᠳᠤ ᠣᠷᠣᠵᠤ᠂ ᠪᠤᠭᠤᠲᠤ ᠬᠤᠲᠠ ᠶᠢᠨ ᠴᠣᠷ ᠤᠨ ᠭᠠᠭᠴᠠ ᠰᠣᠩᠭᠤᠭᠳᠠᠭᠰᠠᠨ ᠬᠡᠷᠡᠭ ᠤᠨ ᠵᠢᠱᠢᠶ᠎ᠡ ᠪᠣᠯᠪᠠ᠃    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号