ᠬᠠᠷᠢᠶ᠎ᠠ ᠣᠷᠣᠨ ᠤ ᠲᠥᠯᠥᠪᠯᠡᠭᠡᠲᠦ ᠦᠷᠡᠵᠢᠯ ᠤᠨ ᠣᠨᠴᠠ ᠲᠡᠳᠬᠦᠬᠦ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠲᠥᠯᠥᠪᠯᠡᠭᠡᠲᠦ ᠦᠷᠡᠵᠢᠯ ᠤᠨ ᠣᠨᠴᠠ | ᠲᠡᠳᠬᠦᠮᠵᠢ ᠶᠢᠨ ᠭᠡᠷ ᠪᠦᠯᠢ ᠳᠤ ᠨᠡᠶᠢᠴᠡᠬᠦ ᠤᠯᠤᠰ ᠠᠴᠠ ᠣᠯᠭᠤᠬᠤ ᠲᠤᠰᠠᠯᠠᠮᠵᠢ ᠶᠢ ᠬᠦᠷᠲᠡᠭᠡᠬᠦ ᠶᠢᠨ ᠲᠦᠯᠦᠭᠡ᠂ | ᠣᠶᠢᠷ᠎ᠠ ᠳᠤ᠂ ᠬᠦᠴᠦᠷᠬᠡᠭᠵᠢᠯ ᠵᠠᠮ ᠤᠨ ᠵᠡᠭᠡᠯᠢ ᠭᠤᠳᠤᠮᠵᠢ ᠶᠢᠨ ᠶᠢᠨ ᠯᠢᠨ ᠨᠡᠶᠢᠭᠡᠮ ᠲᠣᠭᠤᠷᠢᠭ ︽ᠨᠢᠭᠡ ᠶᠢ ᠴᠦ | ᠣᠷᠬᠢᠭᠳᠠᠭᠤᠯᠬᠤ ᠥᠬᠡᠶ᠂ ᠨᠢᠭᠡ ᠶᠢ ᠴᠦ ᠪᠤᠷᠤᠭᠤᠳᠠᠭᠤᠯᠵᠤ ᠪᠣᠯᠬᠤ ᠥᠬᠡᠶ︾ ᠵᠠᠷᠴᠢᠮ ᠶᠣᠰᠣᠭᠠᠷ ᠲᠤᠰᠬᠠᠶ | ᠠᠵᠢᠯ ᠤᠨ ᠬᠤᠷᠠᠯ ᠥᠷᠨᠢᠭᠦᠯᠦᠭᠰᠡᠨ ᠪᠥᠭᠡᠳ ᠨᠡᠶᠢᠭᠡᠮ ᠲᠣᠭᠤᠷᠢᠭ ᠤᠨ ᠠᠵᠢᠯᠲᠠᠳ ᠢ ᠳᠣᠭᠢᠷᠠᠭᠤᠯᠤᠨ ᠬᠠᠷᠢᠶ᠎ᠠ | ᠣᠷᠣᠨ ᠳᠠᠭᠠᠨ ᠲᠥᠯᠥᠪᠯᠡᠭᠡᠲᠦ ᠦᠷᠡᠵᠢᠯ ᠤᠨ ᠣᠨᠴᠠ ᠲᠡᠳᠬᠦᠮᠵᠢ ᠶᠢᠨ ᠪᠠᠶᠢᠳᠠᠯ ᠢ ᠣᠶᠢᠯᠠᠭᠠᠬᠤ ᠵᠢᠴᠢ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃ | ᠲᠣᠰ ᠤᠳᠠᠭᠠᠨ ᠤ ᠤᠬᠠᠭᠤᠯᠭ᠎ᠠ ᠶᠢ ᠭᠤᠤᠯᠳᠠᠭᠤ ᠨᠡᠶᠢᠭᠡᠮ ᠲᠣᠭᠤᠷᠢᠭ ᠤᠨ ᠰᠦᠯᠵᠢᠶᠡᠨ ᠤ ᠰᠦᠷᠦᠭᠵᠢᠯ᠂ | ᠰᠠᠭᠤᠭᠠᠯᠢ ᠠᠷᠠᠳ ᠤᠨ ᠦᠢᠯᠡᠴᠢᠯᠡᠭᠡᠨ ᠤ ᠰᠦᠷᠦᠭᠵᠢᠯ᠂ ᠰᠠᠭᠤᠭᠠᠯᠢ ᠠᠷᠠᠳ ᠤᠨ ᠨᠢᠭᠤᠷᠳᠠᠬᠤ ᠶᠢ ᠤᠶᠠᠯᠳᠤᠭᠤᠯᠬᠤ | ᠠᠷᠭ᠎ᠠ ᠮᠠᠶ᠋ᠢᠭ ᠢᠶᠠᠷ ᠳᠠᠮᠵᠢᠭᠤᠯᠤᠨ ᠶᠠᠪᠤᠭᠳᠠᠭᠤᠯᠵᠠᠢ᠃ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠲᠥᠯᠥᠪᠯᠡᠭᠡᠲᠦ | ᠦᠷᠡᠵᠢᠯ ᠤᠨ ᠬᠡᠷ ᠪᠦᠯᠢ ᠶᠢᠨ ᠣᠨᠴᠠ ᠲᠡᠳᠬᠦᠬᠦ ᠲᠥᠷᠥ ᠶᠢᠨ ᠪᠣᠳᠣᠯᠭ᠎ᠠ ᠶᠢᠨ ᠠᠭᠤᠯᠭ᠎ᠠ᠂ ᠲᠡᠳᠬᠦᠨ ᠳᠡᠮᠵᠢᠬᠦ | ᠨᠥᠬᠦᠴᠡᠯ᠂ ᠭᠤᠶᠤᠴᠢᠯᠠᠨ ᠮᠡᠳᠡᠭᠦᠯᠬᠦ ᠲᠠᠰ ᠳᠠᠷᠠᠭᠠᠯᠠᠯ ᠵᠡᠷᠭᠡ ᠬᠠᠮᠢᠶ᠎ᠠ ᠪᠥᠬᠦᠶ ᠠᠭᠤᠯᠭ᠎ᠠ ᠶᠢ ᠨᠠᠷᠢᠨ | ᠲᠠᠶᠢᠯᠪᠤᠷᠢᠯᠠᠬᠤ ᠶᠢᠨ ᠬᠠᠮᠲᠤ ᠬᠠᠷᠢᠶ᠎ᠠ ᠣᠷᠣᠨ ᠤ ᠳᠣᠲᠣᠷᠠᠬᠢ ᠲᠥᠯᠥᠪᠯᠡᠭᠡᠲᠦ ᠦᠷᠡᠵᠢᠯ ᠤᠨ ᠣᠨᠴᠠ ᠲᠡᠳᠬᠦᠬᠦ | ᠪᠠᠷᠢᠮᠵᠢᠶ᠎ᠠ ᠳᠤ ᠨᠡᠶᠢᠴᠡᠬᠦ ᠰᠠᠭᠤᠭᠠᠯᠢ ᠠᠷᠠᠳ ᠢ ᠨᠠᠷᠢᠨ ᠬᠢᠨᠠᠮᠠᠭᠠᠶ ᠤᠶᠢᠯᠠᠭᠠᠨ ᠪᠠᠶᠢᠴᠠᠭᠠᠵᠤ᠂ ᠲᠥᠯᠥᠪᠯᠡᠭᠡᠲᠦ | ᠦᠷᠡᠵᠢᠯ ᠤᠨ ᠣᠨᠴᠠ ᠲᠡᠳᠬᠦᠮᠵᠢ ᠶᠢᠨ ᠲᠥᠷᠥ ᠶᠢᠨ ᠪᠣᠳᠣᠯᠭ᠎ᠠ ᠶᠢ ᠦᠨᠡᠨ ᠬᠦ ᠪᠣᠳᠠᠲᠠᠶ ᠳᠤ | ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃ | ᠲᠣᠰ ᠤᠳᠠᠭᠠᠨ ᠤ ᠤᠬᠠᠭᠤᠯᠭ᠎ᠠ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠲᠥᠯᠥᠪᠯᠡᠭᠡᠲᠦ ᠦᠷᠡᠵᠢᠯ ᠤᠨ | ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠨᠡᠮᠡᠭᠳᠡᠭᠦᠯᠵᠦ᠂ ᠬᠠᠷᠢᠶᠠᠲᠤ ᠣᠷᠣᠨ ᠤ ᠲᠥᠯᠥᠪᠯᠡᠭᠡᠲᠦ | ᠦᠷᠡᠵᠢᠯ ᠤᠨ ᠣᠨᠴᠠ ᠲᠡᠳᠬᠦᠮᠵᠢ ᠶᠢᠨ ᠠᠵᠢᠯ ᠢ ᠤᠷᠤᠭᠰᠢᠲᠠᠶ ᠥᠷᠨᠢᠭᠦᠯᠬᠦ ᠳᠤ ᠰᠠᠶᠢᠨ ᠰᠠᠭᠤᠷᠢ ᠲᠠᠯᠪᠢᠵᠤ | ᠥᠭᠴᠡᠶ᠃ |