| | | | | ᠰᠤᠷᠪᠤᠯᠵᠢᠯᠠᠭᠰᠠᠨ ᠭᠤᠣᠯ ᠰᠡᠳᠦᠪ᠄ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠵᠢᠭᠰᠠᠭᠠᠯ ᠤᠨ ᠭᠠᠵᠠᠷ ᠢ | ᠳᠡᠰ ᠳᠡᠪᠰᠢᠭᠦᠯᠵᠦ᠂ ᠰᠠᠭᠤᠭᠠᠯᠢ ᠠᠷᠠᠳ ᠤᠨ ᠵᠢᠷᠭᠠᠯ ᠲᠠᠢ ᠠᠮᠢᠳᠤᠷᠠᠯ ᠢ ︽ᠲᠣᠭᠤᠷᠢᠭ ᠲᠤ ᠣᠷᠣᠭᠤᠯᠬᠤ︾ ᠪᠣᠯᠭᠠᠪᠠ | | ᠰᠤᠷᠪᠤᠯᠵᠢᠯᠠᠭᠰᠠᠨ ᠴᠠᠭ᠄ 2024 ᠣᠨ ᠤ 10 ᠰᠠᠷ᠎ᠠ ᠶᠢᠨ 25 ᠤ ᠡᠳᠦᠷ | ᠰᠤᠷᠪᠤᠯᠵᠢᠯᠠᠭ᠎ᠠ ᠬᠦᠯᠢᠶᠡᠭᠰᠡᠨ ᠵᠤᠴᠢᠨ᠄ ᠴᠢᠯᠥᠭᠡᠲᠦ ᠵᠠᠮ ᠤᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ | ᠬᠤᠷᠢᠶ᠎ᠠ ᠶᠢᠨ ᠱᠦᠵᠢ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠡᠷᠬᠢᠯᠡᠭᠴᠢ ᠭᠦᠸᠧ ᠶᠤᠸᠠᠢ | ᠲᠣᠪᠴᠢᠯᠠᠪᠠᠯ᠄ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠵᠢᠭᠰᠠᠭᠠᠯ ᠤᠨ ᠭᠠᠵᠠᠷ ᠨᠢ ᠤᠯᠠᠨ ᠲᠦᠮᠡᠨ ᠤ | ᠰᠡᠳᠬᠢᠯ ᠳᠤ ᠬᠦᠷᠬᠦ᠂ ᠨᠠᠮ ᠪᠠ ᠤᠯᠠᠨ ᠲᠦᠮᠡᠨ ᠤ ᠬᠠᠷᠢᠴᠠᠭ᠎ᠠ ᠶᠢ ᠣᠶᠢᠷᠠᠲᠤᠭᠤᠯᠬᠤ ᠦᠢᠯᠡᠴᠢᠯᠡᠭᠡᠨ ᠤ ᠲᠠᠪᠴᠠᠩ | ᠪᠣᠯᠤᠭᠰᠠᠨ ᠤ ᠬᠤᠪᠢ ᠳᠤ᠂ ᠨᠠᠮ ᠪᠠ ᠤᠯᠠᠨ ᠲᠦᠮᠡᠨ ᠤ ᠠᠵᠢᠯ ᠢ ᠥᠷᠨᠢᠭᠦᠯᠬᠦ ︽ᠭᠡᠷ ᠤᠨ ᠡᠭᠦᠳᠡ︾ ᠶᠢᠨ | ᠵᠢᠭᠰᠠᠭᠠᠯ ᠤᠨ ᠭᠠᠵᠠᠷ ᠪᠣᠯᠬᠤ ᠪᠠᠷ ᠪᠠᠷᠠᠬᠤ ᠦᠭᠡᠢ᠂ ᠪᠠᠰᠠ ᠨᠠᠮ ᠤᠨ ᠭᠡᠰᠢᠭᠦᠨ ᠪᠠ ᠤᠯᠠᠨ ᠲᠦᠮᠡᠨ ᠤ | ᠬᠤᠭᠤᠷᠣᠨᠳᠣᠬᠢ ︽ᠠᠷᠠᠳ ᠤᠨ ᠰᠡᠳᠬᠢᠯ ᠤᠨ ᠬᠥᠭᠦᠷᠭᠡ︾ ᠪᠤᠯᠤᠭᠰᠠᠨ ᠪᠠᠶᠢᠨ᠎ᠠ᠃ ᠡᠨᠡ ᠵᠢᠯ᠂ ᠴᠢᠩᠱᠠᠨ | ᠲᠣᠭᠤᠷᠢᠭ ᠤᠨ ᠴᠢᠯᠥᠭᠡᠲᠦ ᠵᠠᠮ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠰᠢᠨ᠎ᠡ ᠪᠠᠶᠢᠳᠠᠯ ᠪᠣᠯᠤᠨ | ᠰᠢᠨ᠎ᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠵᠢᠭᠰᠠᠭᠠᠯ ᠤᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠬᠦ᠂ | ᠡᠩᠨᠡᠭᠡ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠦᠢᠯᠡᠴᠢᠯᠡᠭᠡ ᠶᠢ ᠳᠡᠭᠡᠭᠰᠢᠯᠡᠭᠦᠯᠬᠦ ᠶᠢ ᠪᠦᠲᠦᠮᠵᠢᠲᠡᠢ ᠠᠷᠭ᠎ᠠ ᠵᠠᠮ | ᠪᠣᠯᠭᠠᠵᠤ᠂ ᠵᠢᠭᠰᠠᠭᠠᠯ ᠤᠨ ᠭᠠᠵᠠᠷ ᠤᠨ ᠰᠢᠰᠲ᠋ᠧᠮ ᠤᠨ ᠴᠢᠳᠠᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠨᠠᠮ ᠪᠠ ᠤᠯᠠᠨ ᠲᠦᠮᠡᠨ ᠤ ᠵᠢᠭᠰᠠᠭᠠᠯ ᠤᠨ ᠭᠠᠵᠠᠷ ᠤᠨ ︽ᠵᠢᠰᠦ ᠳᠦᠷᠢ︾ ᠪᠣᠯᠤᠨ | ︽ᠠᠭᠤᠯᠤᠭᠳᠠᠬᠤᠨ︾ ᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ | 【 ᠬᠥᠲᠥᠯᠥᠭᠴᠢ 】 | ᠬᠠᠷᠢᠶ᠎ᠠ ᠣᠷᠣᠨ ᠤ ᠳᠣᠲᠣᠷᠠᠬᠢ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠵᠢᠭᠰᠠᠭᠠᠯ ᠤᠨ ᠭᠠᠵᠠᠷ ᠤᠨ | ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖ | 【 ᠰᠤᠷᠪᠤᠯᠵᠢᠯᠠᠭ᠎ᠠ ᠬᠦᠯᠢᠶᠡᠭᠰᠡᠨ ᠵᠤᠴᠢᠨ ᠭᠦᠸᠧ ᠶᠤᠸᠠᠢ】 | ᠴᠢᠯᠦᠭᠡᠲᠦ ᠵᠠᠮ ᠤᠨ ᠵᠡᠭᠡᠯᠢ ᠭᠤᠳᠤᠮᠵᠢ ᠳᠤ ᠣᠲᠣ 7 ᠵᠢᠷᠤᠮᠵᠢᠭᠤᠨ ᠪᠠᠶᠢᠭᠤᠯᠤᠭᠰᠠᠨ ᠨᠡᠶᠢᠭᠡᠮ | ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠢ ᠪᠠᠶᠢᠭᠤᠯᠵᠤ᠂ 16 ᠨᠠᠮ ᠪᠠ ᠣᠯᠠᠨ | ᠲᠦᠮᠡᠨ ᠤ ᠥᠷᠲᠡᠭᠡ᠂ 30 ᠠᠳᠠᠯ ᠠᠬᠤᠶ ᠶᠢᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠢᠩᠬᠢᠮ᠂ 3 | ᠨᠠᠮ ᠤᠨ ᠪᠠᠶᠢᠭᠤᠯᠤᠯᠲᠠ ᠶᠢᠨ ᠠᠭᠤᠳᠠᠮ ᠲᠠᠯᠠᠪᠠᠶ ᠶᠢ ᠪᠠᠶᠢᠭᠤᠯᠵᠤ᠂ ︽ᠭᠤᠤᠯ ᠵᠢᠭᠰᠠᠭᠠᠯ ᠤᠨ ᠭᠠᠵᠠᠷ ᠤᠨ ᠥᠷᠲᠡᠭᠡ | ᠴᠡᠭ︾ ᠢ ᠬᠠᠷᠢᠯᠴᠠᠨ ᠤᠶᠠᠯᠳᠤᠭᠤᠯᠤᠭᠰᠠᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠡᠩᠨᠡᠭᠡ ᠶᠢ | ᠪᠦᠷᠢᠯᠳᠦᠭᠦᠯᠵᠦ᠂ ︽ᠨᠢᠭᠡ ᠵᠢᠵᠢᠭ ᠲᠣᠭᠤᠷᠢᠭ ᠨᠢᠭᠡ ᠵᠢᠭᠰᠠᠭᠠᠯ ᠤᠨ ᠭᠠᠵᠠᠷ︾ ᠢ ᠨᠡᠶᠢᠳᠡᠮ ᠪᠦᠷᠬᠦᠭᠦᠯᠵᠦ᠂ ᠬᠠᠷᠢᠶᠠᠲᠤ | ᠣᠷᠣᠨ ᠤ ᠰᠠᠭᠤᠭᠠᠯᠢ ᠠᠷᠠᠳ ᠤᠨ ᠬᠠᠮᠲᠤ ᠪᠠᠷ ᠰᠤᠷᠤᠯᠴᠠᠵᠤ ᠬᠠᠮᠲᠤ ᠪᠠᠷ ᠴᠡᠩᠭᠡᠬᠦ ᠶᠢ ᠪᠡᠶᠡᠯᠡᠭᠦᠯᠬᠦ | ︽ᠰᠣᠯᠢᠯᠴᠠᠭᠠᠨ ᠤ ᠲᠠᠪᠴᠠᠩ︾ ᠢ ᠪᠠᠶᠢᠭᠤᠯᠪᠠ᠃ ᠡᠭᠦᠨ ᠤ ᠬᠠᠮᠲᠤ ᠵᠡᠭᠡᠯᠢ ᠭᠤᠳᠤᠮᠵᠢ ᠶᠢᠨ ᠬᠢᠨ ᠣᠯᠠᠨ ᠲᠦᠮᠡᠨ ᠤ | ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠬᠠᠷᠢᠶᠠᠲᠤ ᠣᠷᠣᠨ ᠤ ᠳᠣᠲᠣᠷ᠎ᠠ ᠨᠠᠰᠤᠲᠠᠨ ᠳᠤ ᠦᠢᠯᠡᠴᠢᠯᠡᠬᠦ 8 | ᠲᠥᠪ ᠢ ᠪᠠᠶᠢᠭᠤᠯᠵᠤ᠂ 8 ︽ᠬᠤᠪᠢᠰᠬᠠᠯ ᠤᠨ ᠡᠨᠧᠷᠭᠢ ᠬᠠᠳᠠᠭᠠᠯᠠᠬᠤ ᠥᠷᠲᠡᠭᠡ︾ ᠶᠢ ᠪᠠᠶᠢᠭᠤᠯᠬᠤ ᠶᠢᠨ ᠬᠠᠮᠲᠤ | ᠪᠤᠭᠤᠲᠤ ᠬᠤᠲᠠ ᠶᠢᠨ ᠠᠩᠬᠠᠳᠠᠭᠴᠢ ᠺᠢᠨᠣ᠋ ᠶᠢᠨ ᠭᠤᠤᠯ ᠰᠡᠳᠦᠪᠲᠦ ᠪᠢᠴᠢᠯ ᠬᠡᠯᠪᠡᠷᠢ ᠶᠢᠨ ᠮᠦᠽᠧᠶ ᠶᠢᠨ ︽ᠯᠢ | ᠴᠦᠨ︾ ᠺᠢᠨᠣ᠋ ᠶᠢᠨ ᠮᠦᠽᠧᠶ ᠶᠢ ᠰᠢᠨ᠎ᠡ ᠪᠠᠷ ᠪᠠᠶᠢᠭᠤᠯᠵᠦ᠂ ᠵᠡᠭᠡᠯᠢ ᠭᠤᠳᠤᠮᠵᠢ ᠶᠢᠨ ᠬᠠᠷᠢᠶ᠎ᠠ ᠣᠷᠣᠨ ᠤ ᠳᠣᠲᠣᠷᠠᠬᠢ | ᠡᠯ᠎ᠡ ᠲᠥᠷᠥᠯ ᠤᠨ ᠵᠢᠭᠰᠠᠭᠠᠯ ᠤᠨ ᠭᠠᠵᠠᠷ ᠢ ᠰᠦᠯᠵᠢᠯᠳᠦᠭᠦᠯᠵᠦ᠂ ᠤᠲᠠᠰᠤ ᠪᠠᠷ ᠬᠤᠯᠪᠣᠵᠤ᠂ ᠨᠠᠮ ᠤᠨ ᠬᠡᠰᠢᠬᠦᠨ | ᠣᠯᠠᠨ ᠲᠦᠮᠡᠨ ᠤ ᠦᠢᠯᠡᠴᠢᠯᠡᠭᠡᠨ ᠤ ᠵᠢᠭᠰᠠᠭᠠᠯ ᠤᠨ ᠭᠠᠵᠠᠷ ᠢ ᠪᠠᠶᠢᠭᠤᠯᠵᠠᠶ᠃ | 【 ᠬᠥᠲᠥᠯᠥᠭᠴᠢ 】 | ᠴᠢᠯᠥᠭᠡᠲᠦ ᠵᠠᠮ ᠤᠨ ᠵᠡᠭᠡᠯᠢ ᠭᠤᠳᠤᠮᠵᠢ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠵᠢᠭᠰᠠᠭᠠᠯ ᠤᠨ | ᠭᠠᠵᠠᠷ ᠢ ᠲᠠᠰ ᠳᠡᠪᠰᠢᠭᠦᠯᠬᠦ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠣᠶ︖ | 【 ᠰᠤᠷᠪᠤᠯᠵᠢᠯᠠᠭ᠎ᠠ ᠬᠦᠯᠢᠶᠡᠭᠰᠡᠨ ᠵᠤᠴᠢᠨ ᠭᠦᠸᠧ ᠶᠤᠸᠠᠢ】 | ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠵᠢᠭᠰᠠᠭᠠᠯ ᠤᠨ ᠭᠠᠵᠠᠷ ᠨᠢ ᠣᠯᠠᠨ ᠲᠦᠮᠡᠨ ᠤ ᠰᠡᠳᠬᠢᠯ ᠳᠤ | ᠬᠦᠷᠬᠦ᠂ ᠨᠠᠮ ᠪᠠ ᠣᠯᠠᠨ ᠲᠦᠮᠡᠨ ᠤ ᠬᠠᠷᠢᠴᠠᠭ᠎ᠠ ᠶᠢ ᠣᠶᠢᠷᠠᠲᠤᠭᠤᠯᠬᠤ ᠦᠢᠯᠡᠴᠢᠯᠡᠭᠡᠨ ᠤ ᠲᠠᠪᠴᠠᠩ ᠪᠣᠯᠤᠭᠰᠠᠨ ᠤ | ᠬᠤᠪᠢ ᠳᠤ᠂ ᠨᠠᠮ ᠪᠠ ᠣᠯᠠᠨ ᠲᠦᠮᠡᠨ ᠤ ᠠᠵᠢᠯ ᠢ ᠥᠷᠨᠢᠭᠦᠯᠬᠦ ︽ᠬᠡᠷ ᠤᠨ ᠡᠭᠦᠳᠡ︾ ᠶᠢᠨ ᠵᠢᠭᠰᠠᠭᠠᠯ ᠤᠨ ᠭᠠᠵᠠᠷ | ᠪᠣᠯᠬᠤ ᠪᠠᠷ ᠪᠠᠷᠠᠬᠤ ᠥᠬᠡᠶ᠂ ᠪᠠᠰᠠ ᠨᠠᠮ ᠤᠨ ᠭᠡᠰᠢᠭᠦᠨ ᠪᠠ ᠣᠯᠠᠨ ᠲᠦᠮᠡᠨ ᠤ ᠬᠤᠭᠤᠷᠣᠨᠳᠣᠬᠢ ︽ᠠᠷᠠᠳ ᠤᠨ | ᠰᠡᠳᠬᠢᠯ ᠤᠨ ᠬᠥᠭᠦᠷᠭᠡ︾ ᠪᠤᠯᠤᠭᠰᠠᠨ ᠪᠠᠶᠢᠨ᠎ᠠ᠃ ᠡᠨᠡ ᠵᠢᠯ ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ | ᠴᠢᠯᠥᠭᠡᠲᠦ ᠵᠠᠮ ᠤᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠰᠢᠨ᠎ᠡ ᠪᠠᠶᠢᠳᠠᠯ ᠪᠠ ᠰᠢᠨ᠎ᠡ | ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠵᠢᠭᠰᠠᠭᠠᠯ ᠤᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠡᠩᠨᠡᠭᠡ | ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠦᠢᠯᠡᠴᠢᠯᠡᠭᠡ ᠶᠢ ᠲᠠᠰ ᠳᠡᠪᠰᠢᠭᠦᠯᠬᠦ ᠶᠢ ᠪᠦᠲᠦᠮᠵᠢᠲᠡᠶ ᠠᠷᠭ᠎ᠠ ᠵᠠᠮ | ᠪᠣᠯᠭᠠᠵᠤ᠂ ᠵᠢᠭᠰᠠᠭᠠᠯ ᠤᠨ ᠭᠠᠵᠠᠷ ᠤᠨ ᠰᠢᠰᠲ᠋ᠧᠮ ᠤᠨ ᠴᠢᠳᠠᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠨᠠᠮ ᠪᠠ ᠣᠯᠠᠨ ᠲᠦᠮᠡᠨ ᠤ ᠵᠢᠭᠰᠠᠭᠠᠯ ᠤᠨ ᠭᠠᠵᠠᠷ ᠤᠨ ︽ᠵᠢᠰᠦ ᠳᠦᠷᠢ︾ ᠪᠠ | ︽ᠠᠭᠤᠯᠤᠭᠳᠠᠬᠤᠨ︾ ᠪᠠᠶᠢᠳᠠᠯ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ | ᠰᠢᠨ᠎ᠡ ᠶᠢ ᠡᠭᠦᠳᠦᠨ ᠠᠭᠤᠰᠤᠯᠴᠠᠵᠤ ᠬᠠᠮᠲᠤ ᠪᠠᠷ ᠪᠠᠶᠢᠭᠤᠯᠵᠤ᠂ ᠨᠠᠮ ᠪᠠ ᠣᠯᠠᠨ ᠲᠦᠮᠡᠨ ᠤ | ᠦᠢᠯᠡᠴᠢᠯᠡᠭᠡᠨ ᠤ ︽ᠵᠢᠭᠰᠠᠭᠠᠯ ᠤᠨ ᠭᠠᠵᠠᠷ︾ ᠢ ᠥᠷᠭᠡᠳᠬᠡᠪᠡ | ᠨᠢᠭᠡ ᠳᠤ᠂ ᠳᠠᠷᠤᠭᠠᠰᠤ ᠶᠢ ᠬᠥᠩᠭᠡᠯᠡᠵᠦ ᠦᠷ᠎ᠡ ᠠᠰᠢᠭ ᠢ ᠨᠡᠮᠡᠭᠳᠡᠭᠦᠯᠬᠦ ᠬᠤᠣᠰ ᠴᠢᠭᠯᠡᠯ ᠢᠶᠠᠷ ᠬᠦᠴᠦᠯᠡᠵᠦ᠂ | ᠵᠢᠷᠤᠮᠵᠢᠭᠰᠠᠨ ᠪᠠᠶᠢᠭᠤᠯᠤᠯᠲᠠ ᠶᠢ ᠠᠬᠢᠭᠤᠯᠪᠠ᠃ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠬᠡᠯᠪᠡᠷᠢᠴᠢ | ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ 7 ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠢ | ᠵᠢᠷᠤᠮᠵᠢᠭᠤᠯᠤᠨ ᠪᠠᠶᠢᠭᠤᠯᠵᠤ᠂ ᠡᠯ᠎ᠡ ᠲᠥᠷᠥᠯ ᠤᠨ ᠴᠢᠳᠠᠮᠵᠢ ᠶᠢᠨ ᠲᠠᠰᠤᠭ ᠢ ᠰᠢᠨᠵᠢᠯᠡᠬᠦ ᠤᠬᠠᠭᠠᠨᠴᠢ ᠪᠠᠷ ᠵᠦᠶ | ᠵᠣᠬᠢᠰᠲᠠᠶ ᠲᠥᠯᠥᠪᠵᠢᠭᠦᠯᠵᠦ᠂ ᠤᠷᠢᠳ ᠬᠤᠵᠢᠳ 50 ᠳᠣᠲᠣᠭᠠᠳᠤ ᠭᠠᠳᠠᠭᠠᠳᠤ ᠶᠢᠨ ᠫᠠᠶᠢᠰᠠ ᠲᠡᠮᠳᠡᠭ ᠢ | ᠴᠡᠪᠡᠷᠯᠡᠵᠦ᠂ 29 ᠳᠣᠲᠣᠭᠠᠳᠤ ᠶᠢᠨ ᠫᠠᠶᠢᠰᠠ ᠲᠡᠮᠳᠡᠭ ᠢ ᠰᠢᠯᠢᠳᠡᠭᠵᠢᠭᠦᠯᠦᠨ ᠨᠡᠶᠢᠳᠬᠡᠵᠦ᠂ ᠲᠥᠪ ᠤᠨ ᠴᠢᠳᠠᠮᠵᠢ ᠶᠢᠨ | ᠤᠳᠤᠷᠢᠳᠬᠠᠯ ᠵᠢᠷᠤᠭ ᠪᠠ ᠵᠢᠭᠠᠯᠲᠠ ᠶᠢᠨ ᠫᠠᠶᠢᠰᠠ ᠶᠢ ᠳᠣᠭᠢᠷᠠᠭᠤᠯᠵᠤ᠂ ᠠᠭᠤᠯᠭ᠎ᠠ ᠨᠢ ᠲᠣᠳᠣᠷᠬᠠᠶ᠂ ᠵᠠᠭᠪᠤᠷ ᠨᠢ | ᠨᠢᠭᠡᠳᠦᠯᠲᠡᠶ ᠪᠠᠶᠢᠬᠤ ᠶᠢ ᠪᠡᠶᠡᠯᠡᠭᠦᠯᠪᠡ᠃ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠶᠡᠭᠡ ᠲᠢᠩᠬᠢᠮ ᠤᠨ | ᠴᠣᠩᠬᠤᠪᠴᠢ ᠶᠢ ᠰᠢᠯᠢᠳᠡᠭᠵᠢᠭᠦᠯᠦᠨ ᠨᠡᠶᠢᠯᠡᠭᠦᠯᠵᠦ᠂ ᠠᠷᠠᠳ ᠤᠨ ᠶᠠᠪᠤᠳᠠᠯ᠂ ᠨᠡᠶᠢᠭᠡᠮ ᠤᠨ ᠪᠠᠲᠤᠯᠠᠭ᠎ᠠ᠂ ᠡᠮ | ᠡᠮᠨᠡᠯᠭᠡ ᠶᠢᠨ ᠳᠠᠭᠠᠳᠬᠠᠯ ᠵᠡᠷᠭᠡ ᠣᠯᠠᠨ ᠦᠢᠯᠡᠴᠢᠯᠡᠭᠡᠨ ᠤ ᠴᠣᠩᠬᠤᠪᠴᠢ ᠶᠢ 2 ︽ᠶᠡᠷᠦᠩᠬᠡᠶᠢᠯᠡᠭᠰᠡᠨ ᠦᠢᠯᠡᠴᠢᠯᠡᠭᠡ︾ | ᠪᠣᠯᠭᠠᠨ ᠡᠮᠬᠢᠯᠡᠨ ᠨᠡᠶᠢᠯᠡᠭᠦᠯᠵᠦ᠂ ︽ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ᠂ ᠶᠡᠷᠦᠩᠬᠡᠶᠢᠯᠡᠭᠰᠡᠨ | ᠦᠢᠯᠡᠴᠢᠯᠡᠭᠡ︾ ᠶᠢ ᠪᠡᠶᠡᠯᠡᠭᠦᠯᠪᠡ᠃ | ᠬᠤᠶᠠᠷ ᠲᠤ᠂ ᠦᠢᠯᠡᠴᠢᠯᠡᠭᠡᠨ ᠤ ᠵᠢᠭᠰᠠᠭᠠᠯ ᠤᠨ ᠭᠠᠵᠠᠷ ᠬᠠᠷᠢᠯᠴᠠᠨ ᠬᠤᠯᠪᠣᠯᠳᠤᠵᠤ᠂ ︽ᠬᠤᠪᠢᠰᠬᠠᠯ ᠤᠨ | ᠵᠢᠭᠰᠠᠭᠠᠯ︾ ᠢ ᠴᠣᠭᠴᠠᠯᠠᠪᠠ᠃ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ | ᠦᠢᠯᠡᠴᠢᠯᠡᠭᠡᠨ ᠤ ᠲᠥᠪ ᠨᠢ ᠨᠢᠭᠡᠳᠦᠯᠲᠡᠶ ᠲᠥᠯᠥᠪᠯᠡᠨ ᠬᠥᠲᠥᠯᠦᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ | ᠬᠠᠷᠢᠶ᠎ᠠ ᠣᠷᠣᠨ ᠤ ᠡᠯ᠎ᠡ ᠲᠥᠷᠥᠯ ᠤᠨ ᠣᠯᠠᠨ ᠨᠡᠶᠢᠲᠡ ᠶᠢᠨ ᠣᠷᠣᠨ ᠵᠠᠶ ᠶᠢ ᠡᠮᠬᠢᠯᠡᠨ ᠨᠡᠶᠢᠯᠡᠭᠦᠯᠵᠦ ᠥᠷᠭᠡᠳᠬᠡᠨ᠂ | 16 ᠨᠠᠮ ᠪᠠ ᠣᠯᠠᠨ ᠲᠦᠮᠡᠨ ᠤ ᠥᠷᠲᠡᠭᠡ᠂ 14 ᠨᠡᠷᠡᠨ ᠭᠡᠷᠡᠯᠲᠦ ︽ᠬᠥᠷᠰᠢ ᠵᠡᠷᠭᠡᠯᠡᠳᠡᠭᠡ ᠬᠡᠷ︾᠂ 30 ᠠᠳᠠᠯ | ᠠᠬᠤᠶ ᠶᠢᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠢᠩᠬᠢᠮ᠂ 3 ᠨᠠᠮ ᠤᠨ ᠪᠠᠶᠢᠭᠤᠯᠤᠯᠲᠠ ᠶᠢᠨ ᠠᠭᠤᠳᠠᠮ | ᠲᠠᠯᠠᠪᠠᠶ ᠶᠢ ᠪᠠᠶᠢᠭᠤᠯᠵᠤ᠂ ︽ᠭᠤᠤᠯ ᠵᠢᠭᠰᠠᠭᠠᠯ ᠤᠨ ᠭᠠᠵᠠᠷ ᠤᠨ ᠥᠷᠲᠡᠭᠡ ᠴᠡᠭ︾ ᠢ ᠬᠠᠷᠢᠯᠴᠠᠨ | ᠤᠶᠠᠯᠳᠤᠭᠤᠯᠤᠭᠰᠠᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠵᠢᠭᠰᠠᠭᠠᠯ ᠤᠨ ᠭᠠᠵᠠᠷ ᠢ ᠰᠦᠪᠡᠭᠴᠢᠯᠡᠨ | ᠪᠠᠶᠢᠭᠤᠯᠵᠤ᠂ ︽ᠨᠢᠭᠡ ᠵᠢᠵᠢᠭ ᠲᠣᠭᠤᠷᠢᠭ ᠨᠢᠭᠡ ᠵᠢᠭᠰᠠᠭᠠᠯ ᠤᠨ ᠭᠠᠵᠠᠷ︾ ᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠦᠨ᠂ | ᠬᠠᠷᠢᠶ᠎ᠠ ᠣᠷᠣᠨ ᠤ ᠰᠠᠭᠤᠭᠠᠯᠢ ᠠᠷᠠᠳ ᠤᠨ ᠬᠠᠮᠲᠤ ᠪᠠᠷ ᠰᠤᠷᠤᠯᠴᠠᠵᠤ ᠬᠠᠮᠲᠤ ᠪᠠᠷ ᠴᠡᠩᠭᠡᠬᠦ ᠶᠢ ᠪᠡᠶᠡᠯᠡᠭᠦᠯᠬᠦ | ︽ᠰᠣᠯᠢᠯᠴᠠᠭᠠᠨ ᠤ ᠲᠠᠪᠴᠠᠩ︾ ᠢ ᠪᠠᠶᠢᠭᠤᠯᠪᠠ᠃ | ᠭᠤᠷᠪᠠ ᠳᠤ᠂ ᠤᠯᠠᠨ ᠡᠰᠢᠲᠦ ᠬᠡᠷᠡᠭᠴᠡᠭᠡ ᠱᠠᠭᠠᠷᠳᠠᠯᠭ᠎ᠠ ᠶᠢ ᠬᠠᠮᠵᠢᠯᠴᠠᠨ ᠲᠥᠯᠥᠪᠵᠢᠭᠦᠯᠵᠦ᠂ ︽ᠤᠨᠴᠠᠯᠢᠬᠳᠤ | ᠬᠠᠮᠲᠤ ᠪᠠᠷ ᠪᠠᠶᠢᠭᠤᠯᠬᠤ︾ ᠶᠢ ᠪᠤᠢ ᠪᠤᠯᠭᠠᠪᠠ᠃ ᠵᠡᠭᠡᠯᠢ ᠭᠤᠳᠤᠮᠵᠢ ᠶᠢᠨ ᠬᠢᠨ ᠣᠯᠠᠨ ᠲᠦᠮᠡᠨ ᠤ ᠬᠡᠷᠡᠭᠴᠡᠭᠡ | ᠱᠠᠭᠠᠷᠳᠠᠯᠭ᠎ᠠ ᠶᠢᠨ ᠲᠣᠭᠤᠷᠢᠨ ᠳᠤ᠂ ᠪᠠᠶᠢᠭᠤᠯᠭ᠎ᠠ ᠨᠢᠭᠡᠴᠢ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ︽ᠬᠤᠶᠠᠷ | ᠰᠢᠨ᠎ᠡ︾ ᠶᠢᠨ ᠵᠣᠬᠢᠶᠠᠨ ᠪᠠᠶᠢᠭᠤᠯᠤᠯᠲᠠ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠵᠣᠷᠢᠭᠵᠢᠭᠤᠯᠵᠤ᠂ | ᠬᠠᠷᠢᠶ᠎ᠠ ᠣᠷᠣᠨ ᠳᠤ ᠨᠠᠰᠤᠲᠠᠨ ᠳᠤ ᠦᠢᠯᠡᠴᠢᠯᠡᠬᠦ ᠲᠥᠪ ᠢ 8 ᠪᠠᠶᠢᠭᠤᠯᠵᠤ᠂ ᠬᠤᠭᠤᠯᠠ ᠤᠮᠳᠠ᠂ ᠰᠣᠶᠣᠯ ᠴᠡᠩᠭᠡᠯ | ᠵᠡᠷᠭᠡ ᠦᠢᠯᠡᠴᠢᠯᠡᠭᠡ ᠶᠢ ᠬᠠᠩᠭᠠᠪᠠ︔ ᠥᠪᠡᠷ ᠤᠨ ᠭᠡᠷ ᠤᠨ ᠬᠥᠮᠥᠰ ᠤᠨ ᠤᠬᠠᠭᠤᠯᠭ᠎ᠠ ᠶᠢᠨ ᠥᠷᠲᠡᠭᠡ ᠶᠢ | ᠪᠠᠶᠢᠭᠤᠯᠵᠤ᠂ ︽ᠡᠭᠦᠯᠡᠨ ᠬᠢᠴᠢᠶᠡᠯ ᠤᠨ ᠲᠠᠩᠬᠢᠮ︾᠂ ︽ᠡᠭᠦᠯᠡᠨ ᠳᠡᠯᠭᠡᠭᠦᠷ︾ ᠵᠡᠷᠭᠡ 43 ᠬᠤᠭᠤᠴᠠᠭ᠎ᠠ ᠰᠢᠭᠤᠳ | ᠨᠡᠪᠲᠡᠷᠡᠭᠦᠯᠵᠦ᠂ ᠨᠡᠶᠢᠲᠡ 3.6 ᠲᠦᠮᠡ ᠭᠠᠷᠤᠢ ᠬᠥᠮᠥᠨ ᠰᠣᠨᠢᠷᠬᠠᠪᠠ︔ 8 ︽ᠬᠤᠪᠢᠰᠬᠠᠯᠲᠤ ᠡᠨᠧᠷᠭᠢ ᠬᠠᠳᠠᠭᠠᠯᠠᠬᠤ | ᠥᠷᠲᠡᠭᠡ︾ ᠶᠢ ᠪᠠᠶᠢᠭᠤᠯᠵᠤ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠠᠵᠢᠯ ᠣᠯᠭᠤᠯᠲᠠ ᠶᠢᠨ | ᠬᠠᠮᠲᠤᠯᠢᠭ ᠲᠤ ︽10+X︾ ᠳᠥᠭᠦᠮ ᠳᠥᠲᠡ ᠦᠢᠯᠡᠴᠢᠯᠡᠭᠡ ᠬᠠᠩᠭᠠᠪᠠ︔ ᠪᠤᠭᠤᠲᠤ ᠬᠤᠲᠠ ᠶᠢᠨ ᠠᠩᠬᠠᠳᠠᠭᠴᠢ | ᠺᠢᠨᠣ᠋ ᠶᠢᠨ ᠭᠤᠣᠯ ᠰᠡᠳᠦᠪᠲᠦ ᠪᠢᠴᠢᠯ ᠬᠡᠯᠪᠡᠷᠢ ᠶᠢᠨ ᠮᠦᠽᠧᠢ ᠶᠢᠨ ︽ᠯᠢ ᠴᠦᠨ︾ ᠺᠢᠨᠣ᠋ ᠶᠢᠨ ᠮᠦᠽᠧᠢ ᠶᠢ ᠰᠢᠨ᠎ᠡ ᠪᠠᠷ | ᠡᠭᠦᠳᠴᠦ᠂ ᠺᠢᠨᠣ᠋ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠳᠡᠯᠭᠡᠨ ᠦᠵᠡᠭᠦᠯᠦᠯᠭᠡ᠂ ᠭᠤᠣᠯ ᠰᠡᠳᠦᠪᠲᠦ | ᠦᠵᠡᠰᠬᠦᠯᠡᠩ᠂ ᠨᠡᠶᠢᠲᠡ ᠶᠢᠨ ᠠᠰᠠᠷᠠᠮᠵᠢ ᠶᠢᠨ ᠺᠢᠨᠣ᠋ ᠵᠡᠷᠭᠡ ᠭᠤᠶᠢᠳᠠ ᠰᠠᠶᠢᠬᠠᠨ ᠠᠵᠢᠯᠯᠠᠭ᠎ᠠ ᠶᠢ ᠥᠷᠨᠢᠭᠦᠯᠵᠦ᠂ | ᠬᠠᠷᠢᠶᠠᠲᠤ ᠣᠷᠣᠨ ᠤ ᠡᠯ᠎ᠡ ᠲᠦᠷᠦᠯ ᠤᠨ ᠵᠢᠭᠰᠠᠭᠠᠯ ᠤᠨ ᠭᠠᠵᠠᠷ ᠢ ᠰᠦᠯᠵᠢᠶᠡᠨ ᠳᠤ ᠬᠤᠯᠪᠣᠵᠤ᠂ ᠵᠠᠬ᠎ᠠ | ᠳᠡᠯᠭᠡᠭᠦᠷ ᠲᠠᠢ ᠬᠤᠯᠪᠣᠵᠤ᠂ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠵᠢᠭᠰᠠᠭᠠᠯ ᠤᠨ ᠭᠠᠵᠠᠷ ᠤᠨ ︽ᠵᠡᠭᠡᠯᠢ | ᠭᠤᠳᠤᠮᠵᠢ ᠶᠢᠨ ᠶᠡᠷᠦᠩᠬᠡᠶᠢᠯᠡᠭᠰᠡᠨ ᠴᠣᠭᠴᠠ︾ ᠶᠢ ᠪᠠᠶᠢᠭᠤᠯᠪᠠ᠃ | 【 ᠬᠥᠲᠥᠯᠥᠭᠴᠢ 】 | ᠴᠢᠯᠥᠭᠡᠲᠦ ᠵᠠᠮ ᠵᠡᠭᠡᠯᠢ ᠭᠤᠳᠤᠮᠵᠢ ᠶᠢ ᠬᠡᠷᠬᠢᠨ ᠲᠡᠰ ᠳᠡᠪᠰᠢᠭᠦᠯᠦᠭᠰᠡᠨ ᠤ ᠳᠠᠷᠠᠭᠠᠬᠢ ᠨᠠᠮ ᠤᠯᠠᠨ | ᠲᠦᠮᠡᠨ ᠤ ᠦᠢᠯᠡᠴᠢᠯᠡᠭᠡᠨ ᠤ ᠵᠢᠭᠰᠠᠭᠠᠯ ᠤᠨ ᠭᠠᠵᠠᠷ ᠢ ᠠᠰᠢᠭᠯᠠᠨ ᠰᠠᠭᠤᠭᠠᠯᠢ ᠠᠷᠠᠳ ᠤᠯᠠᠨ ᠳᠤ ᠦᠢᠯᠡᠴᠢᠯᠡᠬᠦ | ᠪᠤᠢ︖ | 【 ᠰᠤᠷᠪᠤᠯᠵᠢᠯᠠᠭ᠎ᠠ ᠬᠦᠯᠢᠶᠡᠭᠰᠡᠨ ᠵᠤᠴᠢᠨ ᠭᠦᠸᠧ ᠶᠤᠸᠠᠢ】 | ᠨᠢᠭᠡ᠂ ᠴᠢᠳᠠᠪᠤᠷᠢ ᠣᠯᠭᠤᠬᠤ ᠳᠤ ᠰᠠᠭᠤᠷᠢᠯᠠᠨ ᠬᠠᠮᠲᠤᠪᠠᠷ ᠵᠠᠰᠠᠵᠤ᠂ ᠨᠡᠶᠢᠭᠡᠮ ᠤᠨ ᠵᠠᠰᠠᠯᠲᠠ ᠶᠢᠨ | ︽ᠠᠮᠢᠵᠢᠷᠠᠯ ᠤᠨ ᠬᠦᠴᠦᠨ ᠤ ᠬᠦᠷᠢᠶ᠎ᠡ︾ ᠶᠢ ᠴᠢᠩᠭᠠᠷᠠᠭᠤᠯᠤᠨ᠎ᠠ | ᠨᠢᠭᠡ ᠳᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠴᠢᠳᠠᠪᠤᠷᠢᠲᠠᠨ ᠢ ᠬᠥᠮᠦᠵᠢᠭᠦᠯᠵᠦ᠂ ︽ᠡᠨᠧᠷᠭᠢ ᠣᠯᠭᠤᠬᠤ | ᠢᠨᠵᠧᠨᠧᠷᠢᠩ︾ ᠢ ᠠᠬᠢᠭᠤᠯᠤᠨ᠎ᠠ᠃ ᠴᠢᠯᠥᠭᠡᠲᠦ ᠵᠠᠮ ᠤᠨ ᠵᠡᠭᠡᠯᠢ ᠭᠤᠳᠤᠮᠵᠢ ᠨᠢ ᠴᠢᠩᠱᠠᠨ ᠲᠣᠭᠤᠷᠢᠭ ᠤᠨ ᠨᠡᠶᠢᠭᠡᠮ | ᠲᠣᠭᠤᠷᠢᠭ ᠤᠨ ᠵᠠᠰᠠᠯᠲᠠ ᠶᠢᠨ ᠳᠡᠭᠡᠳᠦ ᠰᠤᠷᠭᠠᠭᠤᠯᠢ ︵ᠴᠢᠯᠥᠭᠡᠲᠦ ᠵᠠᠮ ᠵᠡᠭᠡᠯᠢ ᠭᠤᠳᠤᠮᠵᠢ ᠶᠢᠨ ᠬᠤᠪᠢᠶᠠᠷᠢ | ᠰᠤᠷᠭᠠᠭᠤᠯᠢ︶ ᠳᠤ ᠲᠦᠰᠢᠭᠯᠡᠨ ᠰᠤᠷᠤᠯᠴᠠᠯᠭ᠎ᠠ ᠶᠢᠨ ᠬᠢᠴᠢᠶᠡᠯ ᠤᠨ ᠲᠠᠩᠬᠢᠮ ᠢ ᠰᠢᠨ᠎ᠡ ᠪᠠᠷ ᠡᠭᠦᠳᠦᠨ ᠪᠠᠶᠢᠭᠤᠯᠵᠤ᠂ | ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠶᠡᠭᠡ ᠳᠡᠭᠡᠳᠦ ᠰᠤᠷᠭᠠᠭᠤᠯᠢ᠂ ᠲᠤᠭᠤᠷᠢᠭ ᠤᠨ ᠰᠢᠭᠤᠳ ᠬᠠᠷᠢᠶ᠎ᠠ | ᠪᠠᠶᠢᠭᠤᠯᠭ᠎ᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠭᠤᠣᠯᠯᠠᠭᠴᠢ ᠬᠦᠴᠦᠨ ᠢ ᠤᠷᠢᠵᠤ ᠵᠢᠯᠣᠭᠤᠳᠣᠭᠴᠢ | ᠪᠠᠭᠰᠢ ᠶᠢᠨ ᠲᠤᠰᠢᠶᠠᠯ ᠢ ᠡᠭᠦᠷᠭᠡᠯᠡᠭᠦᠯᠵᠦ᠂ ᠵᠢᠯᠣᠭᠤᠳᠣᠭᠴᠢ ᠪᠠᠭᠰᠢ ᠬᠢᠴᠢᠶᠡᠯ ᠤᠷᠤᠬᠤ᠂ ᠲᠤᠬᠠᠶ ᠶᠢᠨ ᠲᠠᠯᠠᠪᠤᠷ ᠲᠤ | ᠳᠡᠯᠭᠡᠷᠡᠭᠦᠯᠬᠦ᠂ ᠲᠤᠰᠬᠠᠶ ᠰᠡᠳᠦᠪ ᠢᠶᠠᠷ ᠰᠤᠳᠤᠯᠤᠨ ᠰᠤᠷᠤᠯᠴᠠᠬᠤ ᠵᠡᠷᠭᠡ ᠬᠡᠯᠪᠡᠷᠢ ᠪᠠᠷ ᠣᠶᠤᠨᠴᠢ ᠨᠠᠰᠤᠵᠢᠯ ᠤᠨ | ᠠᠰᠠᠷᠠᠮᠵᠢ᠂ ᠬᠤᠪᠢᠰᠬᠠᠯ ᠤᠨ ᠠᠳᠠᠯ ᠠᠬᠤᠶ᠂ ᠪᠠᠴᠢᠮ ᠪᠠᠶᠢᠳᠠᠯ ᠢ ᠠᠷᠭᠠᠴᠠᠬᠤ ᠵᠡᠷᠭᠡ ᠨᠠᠷᠢᠯᠢᠭ ᠤᠨᠤᠪᠴᠢᠲᠠᠢ ᠡᠨᠧᠷᠭᠢ | ᠣᠯᠭᠤᠬᠤ ᠬᠢᠴᠢᠶᠡᠯ ᠢ 13 ᠬᠤᠭᠤᠴᠠᠭ᠎ᠠ ᠡᠷᠭᠢᠯᠡᠭᠰᠡᠨ ᠪᠥᠭᠡᠳ ᠰᠡᠳᠦᠪ ᠤᠨ ᠲᠣᠭᠤᠷᠢᠨ ᠳᠤ ︽ᠨᠢᠭᠡ ᠤᠯᠠᠷᠢᠯ | ᠨᠢᠭᠡ ᠭᠤᠤᠯ ᠰᠡᠳᠦᠪ︾ ᠤᠨ ᠣᠨᠴᠠᠯᠢᠭᠲᠤ ᠠᠵᠢᠯᠯᠠᠭ᠎ᠠ᠂ ︽ᠨᠢᠭᠡ ᠵᠢᠯ ᠳᠤ ᠨᠢᠭᠡ ᠳ᠋ᠦᠩᠨᠡᠯᠲᠡ ᠬᠢᠬᠦ︾ ᠲᠤᠰᠬᠠᠶ | ᠰᠡᠳᠦᠪᠲᠦ ᠬᠠᠷᠢᠭᠤ ᠮᠡᠳᠡᠭᠦᠯᠦᠯᠲᠡ ᠶᠢ ᠥᠷᠨᠢᠭᠦᠯᠵᠦ᠂ ᠣᠳᠣᠬᠢᠴᠢᠯᠠᠭᠰᠠᠨ ᠦᠨᠳᠦᠰᠦᠨ ᠱᠠᠲᠤᠨ ᠤ ᠵᠠᠰᠠᠯᠲᠠ ᠶᠢᠨ | ᠦᠢᠯᠡᠴᠢᠯᠡᠭᠡᠨ ᠤ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠨᠡᠶᠢᠭᠡᠮ ᠲᠣᠭᠤᠷᠢᠭ ᠤᠨ ᠠᠵᠢᠯᠲᠠᠨ ᠤ ᠡᠩᠨᠡᠭᠡ ᠶᠢ | ᠪᠥᠬᠦ ᠬᠦᠴᠦᠨ ᠢᠶᠠᠷ ᠢᠶᠠᠨ ᠳᠠᠪᠲᠠᠨ ᠪᠤᠯᠪᠠᠰᠤᠷᠠᠭᠤᠯᠤᠨ᠎ᠠ᠃ | ᠬᠤᠶᠠᠷ ᠲᠤ᠂ ᠦᠨᠳᠦᠰᠦᠨ ᠱᠠᠲᠤᠨ ᠤ ᠠᠷᠠᠳᠴᠢᠯᠠᠯ ᠢᠶᠠᠷ ᠵᠥᠪᠯᠡᠬᠦ ᠶᠢ ᠴᠢᠩᠭᠠᠳᠬᠠᠵᠤ᠂ ︽ᠬᠠᠮᠲᠤ ᠪᠠᠷ | ᠵᠠᠰᠠᠬᠤ ᠬᠥᠭᠵᠢᠮ ᠤᠨ ᠬᠠᠭᠤᠳᠠᠰᠤ︾ ᠶᠢ ᠬᠥᠭᠵᠢᠮᠳᠡᠨ᠎ᠡ᠃ ︽ᠴᠢᠯᠥᠭᠡᠲᠦ ᠵᠠᠮ ᠤᠨ ᠵᠡᠭᠡᠯᠢ ᠭᠤᠳᠤᠮᠵᠢ ᠶᠢᠨ ᠨᠡᠶᠢᠭᠡᠮ | ᠲᠣᠭᠤᠷᠢᠭ ᠤᠨ ᠬᠡᠷᠡᠭ ᠵᠥᠪᠯᠡᠵᠦ ᠵᠥᠪᠳᠡᠯᠴᠡᠬᠦ ᠠᠵᠢᠯ ᠤᠨ ᠭᠠᠷ ᠳᠡᠪᠲᠡᠷ︾ ᠢ ᠲᠣᠭᠲᠠᠭᠠᠵᠤ᠂ ᠳᠥᠷᠪᠡᠨ ᠱᠠᠲᠤᠨ ᠤ | ᠬᠡᠷᠡᠭ ᠵᠥᠪᠯᠡᠵᠦ ᠵᠥᠪᠳᠡᠯᠴᠡᠬᠦ ᠵᠠᠭᠪᠤᠷ ᠢ ᠪᠠᠶᠢᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠲᠥᠷᠥᠯ ᠵᠦᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠥᠭᠬᠦ | ᠲᠦᠷᠢᠮ᠂ ᠤᠯᠤᠰ ᠲᠥᠷᠥ ᠶᠢᠨ ᠵᠥᠪᠯᠡᠯᠭᠡᠨ ᠤ ︽ᠨᠢᠭᠤᠷᠲᠠᠨ ᠵᠥᠪᠳᠡᠯᠴᠡᠬᠦ︾ ᠬᠡᠷᠡᠭ ᠵᠥᠪᠯᠡᠬᠦ ᠲᠠᠪᠴᠠᠩ ᠵᠡᠷᠭᠡ ᠲᠠᠢ | ᠤᠶᠠᠯᠳᠤᠭᠤᠯᠤᠨ᠂ ᠡᠯ᠎ᠡ ᠨᠡᠶᠢᠭᠡᠮ ᠲᠣᠭᠤᠷᠢᠭ ᠤᠨ ᠬᠢᠨ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ᠂ ︽ᠬᠤᠶᠠᠷ | ᠰᠢᠨ᠎ᠡ︾ ᠶᠢᠨ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠬᠡ ᠶᠢᠨ ᠲᠥᠯᠥᠭᠡᠯᠡᠭᠴᠢ ᠵᠡᠷᠭᠡ ᠣᠯᠠᠨ ᠡᠰᠢᠲᠦ ᠬᠦᠴᠦᠨ ᠢ ᠬᠠᠮᠲᠤᠪᠠᠷ ᠬᠡᠷᠡᠭ ᠵᠥᠪᠯᠡᠵᠦ ᠵᠥᠪᠳᠡᠯᠴᠡᠬᠦ ᠳᠤ | ᠣᠷᠣᠯᠴᠠᠵᠤ᠂ ᠴᠠᠬᠢᠯᠭᠠᠨ ᠬᠥᠳᠡᠯᠭᠡᠭᠦᠷᠲᠦ ᠲᠡᠷᠭᠡ ᠶᠢ ᠳᠤᠷ᠎ᠠ ᠪᠠᠷ ᠢᠶᠠᠨ ᠵᠣᠭᠰᠣᠭᠠᠬᠤ᠂ ᠠᠳᠠᠯ ᠠᠬᠤᠶ ᠶᠢᠨ | ᠦᠢᠯᠡᠴᠢᠯᠡᠭᠡᠨ ᠤ ᠵᠢᠭᠤᠷᠠᠯᠳᠤᠭᠠᠨ᠂ ᠰᠠᠭᠤᠷᠢ ᠲᠥᠬᠦᠭᠡᠷᠦᠮᠵᠢ ᠶᠢ ᠬᠠᠮᠠᠭᠠᠯᠠᠬᠤ ᠵᠡᠷᠭᠡ ᠰᠠᠭᠤᠭᠠᠯᠢ ᠠᠷᠠᠳ ᠤᠨ | ᠳᠡᠷᠭᠡᠳᠡᠬᠢ ᠵᠣᠪᠠᠨᠢᠯ᠂ ᠬᠦᠴᠢᠷ ᠶᠠᠪᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃ | ᠭᠤᠷᠪᠠ ᠳᠤ᠂ ᠬᠠᠷᠢᠶ᠎ᠠ ᠣᠷᠣᠨ ᠤ ᠪᠠᠨ ︽ᠠᠷᠠᠳ ᠤᠨ ᠳᠤᠮᠳᠠᠬᠢ ᠭᠠᠷᠮᠠᠭᠠᠢ ᠭᠠᠷ︾ ᠢ ᠠᠭᠤᠳᠠᠯᠵᠤ᠂ | ︽ᠦᠪᠡᠷᠲᠡᠭᠡᠨ ᠵᠠᠰᠠᠬᠤ ᠠᠭᠤᠷ ᠠᠮᠢᠰᠬᠤᠯ︾ ᠢ ᠠᠬᠢᠭᠤᠯᠤᠨ᠎ᠠ᠃ ︽ᠴᠢᠳᠠᠪᠤᠷᠢᠲᠠᠨ ᠠᠷᠠᠳ ᠤᠨ ᠳᠤᠮᠳᠠ ᠪᠠᠶᠢᠬᠤ᠂ | ᠥᠪᠡᠷ ᠤᠨ ᠪᠡᠶ᠎ᠡ ᠳᠡᠭᠡᠨ ᠴᠢᠳᠠᠪᠤᠷᠢ ᠲᠠᠢ ᠬᠥᠮᠦᠨ ᠪᠤᠯᠬᠤ︾ ᠭᠡᠬᠦ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠵᠦ᠂ | ᠬᠠᠷᠢᠶ᠎ᠠ ᠣᠷᠣᠨ ᠳᠠᠭᠠᠨ ︽ᠵᠠᠯᠠᠭᠤᠴᠤᠳ︾᠂ ︽ᠠᠳᠠᠯ ᠦᠢᠯᠡᠰ ᠴᠣᠭᠴᠠᠯᠠᠬᠤ︾᠂ ︽ᠦᠢᠯᠡᠴᠢᠯᠡᠭᠡ︾ ᠵᠡᠷᠭᠡ ᠵᠠᠭᠤᠨ | ︽ᠴᠢᠳᠠᠪᠤᠷᠢᠲᠠᠨ︾ ᠢ ᠰᠢᠯᠭᠠᠷᠠᠭᠤᠯᠵᠤ᠂ ︽ᠥᠪᠡᠷ ᠤᠨ ᠭᠡᠷ ᠤᠨ ᠴᠢᠳᠠᠪᠤᠷᠢᠲᠠᠨ ᠤ ᠬᠥᠮᠥᠷᠭᠡ︾ ᠶᠢ ᠪᠠᠶᠢᠭᠤᠯᠵᠤ᠂ | ᠣᠷᠴᠢᠨ ᠲᠣᠭᠤᠷᠢᠨ ᠢ ᠵᠠᠰᠠᠬᠤ᠂ ᠤᠷᠠᠨ ᠰᠠᠶᠢᠬᠠᠨ ᠤ ᠠᠵᠢᠯᠯᠠᠭ᠎ᠠ᠂ ᠴᠠᠬᠢᠯᠭᠠᠨ ᠬᠡᠷᠡᠭᠰᠡᠯ ᠢ ᠰᠡᠯᠪᠢᠨ ᠵᠠᠰᠠᠬᠤ᠂ | ᠮᠥᠩᠭᠦᠨ ᠭᠦᠢᠯᠭᠡᠭᠡᠨ ᠤ ᠰᠤᠷᠭᠠᠨ ᠬᠥᠮᠦᠵᠢᠯ ᠤᠨ ᠤᠬᠠᠭᠤᠯᠭ᠎ᠠ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡᠨ ᠤ | ᠠᠵᠢᠯᠯᠠᠭ᠎ᠠ ᠶᠢ 113 ᠤᠳᠠᠭ᠎ᠠ ᠥᠷᠨᠢᠭᠦᠯᠪᠡ᠃ ᠲᠡᠳᠡᠨᠤᠰ ᠤᠨ ᠳᠠᠭᠠᠭᠤᠯᠭ᠎ᠠ ᠳᠣᠤᠷ᠎ᠠ᠂ ᠨᠠᠩ ᠣᠯᠠᠨ ᠰᠠᠭᠤᠭᠠᠯᠢ | ᠠᠷᠠᠳ ᠨᠡᠶᠢᠭᠡᠮ ᠲᠣᠭᠤᠷᠢᠭ ᠤᠨ ᠡᠨᠡ ᠬᠦ ︽ᠶᠡᠭᠡ ᠭᠡᠷ ᠪᠦᠯᠢ︾ ᠳᠤᠮᠳᠠ ᠨᠡᠶᠢᠭᠡᠮ ᠲᠣᠭᠤᠷᠢᠭ ᠤᠨ ᠵᠠᠰᠠᠯᠲᠠ ᠳᠤ | ᠣᠷᠣᠯᠴᠠᠵᠤ᠂ ᠦᠨᠳᠦᠰᠦᠨ ᠱᠠᠲᠤᠨ ᠤ ᠣᠯᠠᠨ ᠲᠦᠮᠡᠨ ᠤ ᠦᠪᠡᠷ ᠲᠤ ᠪᠠᠨ ᠵᠠᠰᠠᠬᠤ ᠠᠮᠢᠵᠢᠷᠠᠯ ᠤᠨ ᠬᠦᠴᠦᠨ ᠢ | ᠤᠯᠠᠮ ᠨᠢᠭᠡ ᠠᠯᠬᠤᠮ ᠬᠦᠭᠵᠢᠭᠡᠨ᠎ᠡ᠃ | ᠬᠤᠶᠠᠷ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠠᠷᠠᠳ ᠢᠷᠭᠡᠳ ᠤᠨ ᠠᠮᠢᠳᠤᠷᠠᠯ ᠤᠨ | ︽ᠵᠣᠯ ᠵᠢᠷᠭᠠᠯ︾ ᠢ ᠠᠬᠢᠭᠤᠯᠤᠨ᠎ᠠ | ᠨᠢᠭᠡ ᠳᠤ᠂ ᠤᠷ᠎ᠠ ᠴᠢᠳᠠᠪᠤᠷᠢ ᠶᠢᠨ ᠡᠬᠢ ᠪᠠᠶᠠᠯᠢᠭ ᠢ ᠬᠤᠷᠠᠮᠳᠤᠭᠤᠯᠵᠤ᠂ ︽ᠶᠠᠰᠤ ᠴᠢᠨᠠᠷ ᠤᠨ ᠬᠢᠴᠢᠶᠡᠯ ᠤᠨ | ᠲᠠᠩᠬᠢᠮ︾ ᠢ ᠪᠠᠶᠢᠭᠤᠯᠤᠨ᠎ᠠ᠃ ᠳᠤᠮᠳᠠᠳᠤ ᠤᠯᠤᠰ ᠤᠨ ᠵᠠᠯᠠᠭᠤᠴᠤᠳ ᠤᠨ ᠢᠷᠡᠭᠡᠳᠦᠶ ᠶᠢᠨ ᠰᠤᠷᠭᠠᠨ ᠬᠥᠮᠦᠵᠢᠯ ᠤᠨ | ᠪᠣᠯᠪᠠᠰᠤᠷᠠᠯ ᠤᠨ ᠪᠦᠯᠦᠭᠯᠡᠯ ᠵᠡᠷᠭᠡ ᠲᠤᠰᠬᠠᠶ ᠮᠡᠷᠭᠡᠵᠢᠯ ᠤᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ 9 | ᠣᠷᠣᠭᠤᠯᠤᠨ ᠠᠪᠴᠢᠷᠠᠵᠤ᠂ ︽ᠢᠷᠡᠭᠡᠳᠦᠶ ᠶᠢᠨ ᠣᠳᠣᠨ︾ ᠤᠨᠴᠠᠯᠢᠬᠳᠤ ᠬᠢᠴᠢᠶᠡᠯ ᠤᠨ ᠲᠢᠩᠭᠢᠮ ᠢ ᠪᠣᠶ ᠪᠣᠯᠭᠠᠵᠤ᠂ | ᠰᠢᠨᠵᠢᠯᠡᠬᠦ ᠤᠬᠠᠭᠠᠨ ᠮᠡᠷᠭᠡᠵᠢᠯ᠂ ᠵᠢᠷᠤᠭ ᠵᠢᠷᠤᠬᠤ᠂ ᠪᠡᠶ᠎ᠡ ᠶᠢᠨ ᠲᠠᠮᠢᠷ ᠵᠡᠷᠭᠡ ᠤᠨᠴᠠᠯᠢᠬᠳᠤ ᠳᠤᠷ᠎ᠠ ᠰᠣᠨᠢᠷᠬᠠᠯ ᠤᠨ | ᠬᠢᠴᠢᠶᠡᠯ ᠢ ᠨᠡᠭᠡᠭᠡᠪᠡ︔ ︽ᠵᠠᠯᠠᠭᠤᠴᠤᠳ ᠤᠨ ᠣᠷᠣᠢ ᠶᠢᠨ ᠰᠤᠷᠭᠠᠭᠤᠯᠢ︾ ᠶᠢ ᠡᠭᠦᠳᠴᠦ᠂ ᠤᠷᠠᠯᠢᠭ᠂ ᠬᠥᠳᠡᠯᠭᠡᠭᠡᠨ᠂ | ᠠᠮᠢᠳᠤᠷᠠᠯ ᠤᠨ ᠪᠣᠳᠠᠰ ᠤᠨ ᠪᠤᠰᠤ ᠰᠣᠶᠣᠯ ᠤᠨ ᠥᠪ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠵᠡᠷᠭᠡ | ᠲᠥᠷᠥᠯ ᠤᠨ ᠬᠢᠴᠢᠶᠡᠯ ᠢ ᠨᠡᠭᠡᠭᠡᠵᠦ᠂ ᠣᠲᠣ ᠪᠣᠯᠲᠠᠯ᠎ᠠ ᠨᠢᠭᠡᠨᠲᠡ 32 ᠬᠤᠭᠤᠴᠠᠭ᠎ᠠ ᠡᠷᠭᠢᠯᠡᠵᠦ᠂ ᠣᠯᠠᠨ ᠲᠦᠮᠡᠨ ᠤ | ᠣᠶᠤᠨ ᠤ ᠰᠣᠶᠣᠯ ᠤᠨ ᠬᠡᠷᠡᠭᠴᠡᠭᠡ ᠶᠢ ᠪᠥᠬᠦ ᠲᠠᠯ᠎ᠠ ᠪᠠᠷ᠂ ᠣᠯᠠᠨ ᠲᠠᠰ ᠳᠠᠪᠬᠤᠷᠭ᠎ᠠ ᠪᠠᠷ ᠬᠠᠩᠭᠠᠨ᠎ᠠ᠃ | ᠬᠤᠶᠠᠷ ᠲᠤ᠂ ᠴᠢᠳᠠᠪᠤᠷᠢᠲᠠᠨ ᠤ ᠡᠬᠢ ᠪᠠᠶᠠᠯᠢᠭ ᠢ ᠨᠢᠭᠲᠠᠷᠠᠭᠤᠯᠵᠤ᠂ ᠵᠠᠯᠠᠭᠤ ᠨᠠᠰᠤᠨ ᠤ ᠠᠮᠢᠵᠢᠷᠠᠯ ᠤᠨ | ᠬᠦᠴᠦᠨ ᠢ ᠣᠷᠣᠭᠤᠯᠤᠨ᠎ᠠ᠃ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠯᠤᠭ᠎ᠠ ᠰᠤᠷᠭᠠᠭᠤᠯᠢ ᠶᠢᠨ | ᠨᠡᠶᠢᠭᠡᠮ ᠤᠨ ᠬᠤᠯᠪᠣᠭᠠᠯᠠᠨ ᠬᠥᠳᠡᠯᠦᠯᠴᠡᠬᠦ ᠲᠦᠷᠦᠯ ᠵᠦᠢᠯ ᠢ ᠰᠢᠨ᠎ᠡ ᠶᠢ ᠡᠭᠦᠳᠦᠨ ᠪᠠᠶᠢᠭᠤᠯᠵᠤ᠂ ᠤᠶᠤᠲᠠᠳ ᠤᠨ | ᠨᠡᠶᠢᠭᠡᠮ ᠲᠣᠭᠤᠷᠢᠭ ᠤᠨ ᠦᠢᠯᠡᠳᠦᠯᠭᠡ ᠶᠢᠨ ᠲᠥᠯᠥᠪᠯᠡᠭᠡ ᠶᠢ ᠬᠠᠮᠲᠤ ᠪᠠᠷ ᠪᠠᠶᠢᠭᠤᠯᠬᠤ ᠬᠡᠯᠡᠯᠴᠡᠭᠡᠷ ᠲᠤ ᠭᠠᠷ ᠤᠨ | ᠦᠰᠦᠭ ᠵᠢᠷᠤᠵᠤ᠂ 7 ᠶᠡᠭᠡ ᠣᠶᠤᠲᠠᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢ ᠪᠠᠶᠢᠭᠤᠯᠵᠤ᠂ | ︽ᠠᠷᠪᠠᠨ ᠶᠡᠭᠡ ᠵᠠᠯᠠᠭᠤ ᠨᠠᠰᠤᠨ ᠤ ᠲᠦᠷᠦᠯ ᠵᠦᠢᠯ︾ ᠢ ᠡᠭᠦᠳᠴᠦ᠂ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ | ᠰᠠᠯᠠᠭ᠎ᠠ᠂ ᠲᠤᠰᠬᠠᠢ ᠮᠡᠷᠭᠡᠵᠢᠯ ᠪᠣᠯᠤᠨ ᠴᠢᠳᠠᠪᠤᠷᠢᠲᠠᠨ ᠤ ᠳᠠᠪᠠᠭᠤᠯᠢᠭ ᠢ ᠪᠠᠳᠠᠷᠠᠭᠤᠯᠵᠤ᠂ ᠨᠡᠶᠢᠭᠡᠮ ᠲᠣᠭᠤᠷᠢᠭ ᠤᠨ | ᠦᠢᠯᠡᠴᠢᠯᠡᠭᠡ ᠶᠢ ᠲᠦᠷᠦᠯ ᠵᠦᠢᠯᠵᠢᠭᠦᠯᠦᠨ ᠪᠦᠲᠦᠭᠡᠬᠦ᠂ ᠲᠦᠷᠦᠯ ᠳᠡᠮᠳᠡᠭᠵᠢᠬᠦᠯᠬᠦ ᠪᠠᠶᠢᠭᠤᠯᠤᠯᠲᠠ ᠶᠢ ᠬᠢᠵᠦ᠂ | ᠳᠡᠭᠡᠳᠦ ᠰᠤᠷᠭᠠᠭᠤᠯᠢ ᠶᠢᠨ ᠰᠤᠷᠤᠭᠴᠢᠳ ᠤᠨ ᠭᠠᠪᠢᠶ᠎ᠠ ᠪᠠᠶᠢᠭᠤᠯᠬᠤ ᠲᠠᠪᠴᠠᠩ ᠲᠠᠢ᠂ ᠨᠡᠶᠢᠭᠡᠮ ᠲᠣᠭᠤᠷᠢᠭ ᠤᠨ | ᠠᠵᠢᠯ ᠬᠢᠬᠦ ᠡᠬᠢ ᠪᠠᠶᠠᠯᠢᠭ ᠲᠠᠢ ᠰᠠᠶᠢᠨ ᠣᠷᠴᠢᠯ ᠢ ᠪᠤᠢ ᠪᠣᠯᠭᠠᠨ᠎ᠠ᠃ | ᠭᠤᠷᠪᠠ ᠳᠤ᠂ ᠠᠵᠤ ᠠᠬᠤᠶᠢᠯᠠᠯ ᠤᠨ ᠡᠬᠢ ᠪᠠᠶᠠᠯᠢᠭ ᠢ ᠬᠤᠷᠠᠮᠳᠤᠭᠤᠯᠵᠤ᠂ ᠨᠡᠶᠢᠲᠡ ᠶᠢᠨ ᠠᠰᠠᠷᠠᠮᠵᠢ ᠶᠢᠨ ᠬᠡᠪ | ᠰᠤᠷᠲᠠᠯ ᠢ ᠳᠠᠮᠵᠢᠭᠤᠯᠤᠨ᠎ᠠ᠃ ᠬᠠᠷᠢᠶᠠᠲᠤ ᠣᠷᠣᠨ ᠤ ᠠᠵᠤ ᠠᠬᠤᠶᠢᠯᠠᠯ ᠤᠨ ᠬᠦᠴᠦᠨ ᠢ ᠭᠦᠢᠴᠡᠳ ᠳᠠᠶᠢᠴᠢᠯᠠᠵᠤ᠂ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠳᠤ ᠬᠠᠮᠲᠤᠪᠠᠷ ᠣᠷᠣᠯᠴᠠᠨ᠎ᠠ᠃ ᠡᠯ᠎ᠡ ᠨᠡᠶᠢᠭᠡᠮ | ᠲᠣᠭᠤᠷᠢᠭ ᠤᠨ ᠬᠢᠨ ᠪᠤᠭᠤᠲᠤ ᠶᠢᠨ ᠴᠠᠬᠢᠯᠭᠠᠨ ᠬᠠᠩᠭᠠᠬᠤ ᠴᠢᠩᠱᠠᠨ ᠤ ᠬᠤᠪᠢᠶᠠᠷᠢ ᠲᠣᠪᠴᠢᠶ᠎ᠠ ᠲᠠᠢ ᠬᠤᠯᠪᠣᠭᠠᠯᠠᠨ | ︽ᠠᠷᠠᠳ ᠤᠨ ᠵᠣᠪᠠᠨᠢᠯ ᠢ ᠰᠢᠢᠳᠪᠦᠷᠢᠯᠡᠬᠦ︾ ᠲᠦᠷᠦᠯ ᠵᠦᠢᠯ ᠢ ᠥᠷᠨᠢᠭᠦᠯᠵᠦ᠂ ᠮᠧᠩ ᠨᠢᠦ ᠰᠦ ᠶᠢᠨ ᠦᠢᠯᠡᠰ ᠤᠨ | ᠪᠤᠭᠤᠲᠤ ᠶᠢᠨ ᠦᠢᠯᠡᠳᠪᠦᠷᠢ ᠲᠠᠢ ︽ᠦᠲᠡᠯᠦᠭᠡ ᠨᠠᠰᠦᠨ ᠤ ᠪᠠᠶᠠᠷ ᠪᠠᠶᠠᠰᠦᠯᠲᠦ︾ ᠲᠦᠷᠦᠯ ᠵᠦᠢᠯ ᠢ ᠠᠬᠢᠭᠤᠯᠵᠤ᠂ | ᠪᠤᠭᠤᠲᠤ ᠶᠢᠨ ᠴᠤᠤ ᠵᠢᠤᠢ ᠨᠢᠳᠦᠨ ᠡᠮᠨᠡᠯᠭᠡ ᠶᠢᠨ ᠬᠤᠷᠢᠶ᠎ᠠ ᠵᠡᠷᠭᠡ ᠤᠯᠠᠨ ᠡᠮᠴᠢᠯᠡᠭᠡᠨ ᠤ ᠪᠠᠶᠢᠭᠤᠯᠤᠮᠵᠢ ᠲᠠᠢ | ᠠᠯᠪᠠᠨ ᠵᠢᠷᠤᠮ ᠤᠨ ᠡᠮᠴᠢᠯᠡᠭᠡ ᠨᠡᠶᠢᠭᠡᠮ ᠲᠣᠭᠤᠷᠢᠭ ᠲᠤ ᠣᠷᠣᠬᠤ ᠠᠵᠢᠯᠯᠠᠭ᠎ᠠ ᠥᠷᠨᠢᠭᠦᠯᠵᠦ᠂ ᠣᠷᠴᠢᠨ | ᠲᠣᠭᠤᠷᠢᠨ ᠨᠢ ᠨᠥᠬᠦᠷᠰᠡᠭ᠂ ᠦᠢᠯᠡᠴᠢᠯᠡᠭᠡ ᠨᠢ ᠨᠥᠬᠦᠷᠰᠡᠭ᠂ ᠡᠷᠡᠭᠦᠯ ᠴᠢᠭᠢᠷᠠᠭ ᠨᠥᠬᠦᠷᠰᠡᠭ ᠵᠡᠷᠭᠡ ᠤᠯᠠᠨ | ᠵᠦᠢᠯ ᠤᠨ ᠬᠡᠯᠪᠡᠷᠢ ᠪᠠᠷ ᠪᠦᠬᠦ ᠨᠠᠰᠤᠨ ᠤ ᠨᠥᠬᠦᠷᠰᠡᠭ ᠨᠡᠶᠢᠭᠡᠮ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ | ᠬᠠᠮᠲᠤᠪᠠᠷ ᠠᠬᠢᠭᠤᠯᠤᠨ᠎ᠠ᠃ | | | |