1 — 10 ᠳ᠋ᠤᠭᠠᠷ ᠰᠠᠷ᠎ᠠ ᠪᠤᠯᠳᠠᠯ᠎ᠠ ᠴᠢᠩᠱᠠᠨ ᠲᠣᠭᠤᠷᠢᠭ ᠤᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠲᠦᠷᠭᠡᠨ ᠨᠡᠮᠡᠭᠳᠡᠵᠦ᠂ ᠬᠤᠶᠠᠷ ᠲᠥᠷᠥᠯ ᠤᠨ ᠲᠠᠸᠠᠷ ᠬᠤᠪᠢ ᠨᠡᠮᠡᠷᠢ ᠲᠣᠪᠤᠶᠢᠮ᠎ᠠ ᠪᠠᠶᠢᠨ᠎ᠠ
ᠨᠡᠶᠢᠲᠡᠯᠡᠭᠰᠡᠨ ᠴᠠᠭ᠄
2024/11/13
      1 — 10 ᠳ᠋ᠤᠭᠠᠷ ᠰᠠᠷ᠎ᠠ ᠳᠤ᠂ ᠴᠢᠩᠱᠠᠨ ᠲᠣᠭᠤᠷᠢᠭ ᠤᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 3.2%᠎ ᠢᠶᠠᠷ ᠨᠡᠮᠡᠭᠳᠡᠵᠦ᠂ 1 — 9  ᠳ᠋ᠦ᠋ᠭᠡᠷ ᠰᠠᠷ᠎ᠠ ᠳᠤ 0.1 ᠵᠠᠭᠤᠨ ᠤ ᠴᠡᠭ ᠲᠦᠷᠭᠡᠳᠪᠡ᠃ ᠡᠭᠦᠨ ᠳᠤ 10 ᠳ᠋ᠤᠭᠠᠷ ᠰᠠᠷ᠎ᠠ ᠶᠢᠨ ᠬᠢᠵᠠᠭᠠᠷᠯᠠᠭᠰᠠᠨ ᠳᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 4 %᠎ ᠪᠠᠷ ᠨᠡᠮᠡᠭᠳᠡᠵᠦ᠂ ᠳᠡᠭᠡᠷ᠎ᠡ ᠰᠠᠷ᠎ᠠ ᠶᠢᠨ ᠬᠢ ᠠᠴᠠ 0. 6 ᠵᠠᠭᠤᠨ ᠤ ᠨᠢᠭᠡᠴᠢ ᠲᠦᠷᠭᠡᠨ ᠨᠡᠮᠡᠭᠳᠡᠵᠦ᠂ ᠮᠠᠰᠢᠨ ᠲᠡᠷᠭᠡ᠂ ᠬᠡᠷ ᠤᠨ ᠴᠠᠬᠢᠯᠭᠠᠨ ᠬᠡᠷᠡᠭᠰᠡᠯ ᠪᠠ ᠲᠠᠭᠤ ᠳᠦᠷᠰᠦ ᠰᠢᠩᠭᠡᠭᠡᠯᠲᠡ ᠶᠢᠨ ᠪᠠᠭᠠᠵᠢ ᠬᠡᠷᠡᠭᠰᠡᠯ ᠵᠡᠷᠭᠡ ᠬᠤᠶᠠᠷ ᠶᠡᠭᠡ ᠲᠥᠷᠥᠯ ᠤᠨ ᠲᠣᠰ ᠰᠠᠷ᠎ᠠ ᠳᠤ ᠲᠣᠰ ᠲᠣᠰ ᠵᠢᠵᠢᠭᠯᠡᠨ ᠬᠤᠳᠠᠯᠳᠤᠭᠰᠠᠨ ᠲᠤᠭ᠎ᠠ ᠶᠢ 8.5᠂ 2.8 ᠵᠠᠭᠤᠨ ᠤ ᠨᠢᠭᠡᠴᠢ ᠨᠡᠮᠡᠭᠳᠡᠭᠦᠯᠬᠦ ᠪᠠᠷ ᠳᠠᠶᠢᠴᠢᠯᠠᠵᠤ᠂ ᠲᠣᠪᠤᠶᠢᠮ᠎ᠠ ᠬᠤᠪᠢ ᠨᠡᠮᠡᠷᠢ ᠦᠵᠡᠭᠦᠯᠪᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号