ᠴᠢᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ︽ᠳᠥᠷᠪᠡ ᠶᠢ ᠴᠢᠩᠭᠠᠳᠬᠠᠵᠤ ᠳᠥᠷᠪᠡ ᠶᠢ ᠠᠬᠢᠭᠤᠯᠵᠦ︾ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠪᠡ
ᠨᠡᠶᠢᠲᠡᠯᠡᠭᠰᠡᠨ ᠴᠠᠭ᠄
2024/11/15
      ᠡᠨᠡ ᠵᠢᠯ ᠠᠴᠠ ᠨᠠᠭᠠᠰᠢ᠂ ᠴᠢᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠲᠣᠭᠤᠷᠢᠭ ᠤᠨ ᠨᠠᠮ ᠤᠨ ᠬᠤᠷᠢᠶ᠎ᠠ ᠲᠤᠭᠤᠷᠢᠭ ᠤᠨ ᠵᠠᠰᠠᠭ ᠤᠨ ᠣᠷᠳᠣᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠬᠠᠤᠯᠢᠵᠢᠯ ᠤᠨ ᠬᠡᠷᠡᠭᠴᠡᠭᠡ ᠳᠤ ᠪᠦᠲᠦᠮᠵᠢᠲᠡᠢ ᠬᠠᠷᠢᠭᠤᠯᠲᠠ ᠥᠭᠴᠦ᠂ ︽ᠳᠥᠷᠪᠡ ᠶᠢ ᠴᠢᠩᠭᠠᠳᠬᠠᠵᠤ ᠳᠥᠷᠪᠡ ᠶᠢ ᠠᠬᠢᠭᠤᠯᠬᠤ︾᠎ ᠪᠠᠷ ᠡᠵᠡᠩᠨᠡᠯᠲᠡ ᠶᠢᠨ ᠭᠤᠣᠯ ᠴᠣᠭᠴᠠ ᠶᠢᠨ ᠴᠢᠩᠱᠠᠨ ᠲᠣᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠤᠨ ᠲᠤᠬᠠᠢ ᠬᠠᠤᠯᠢᠵᠢᠯ ᠤᠨ ᠲᠥᠷᠥᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃      ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭᠠᠨ ᠤ ᠮᠠᠷᠭᠤᠯᠳᠤᠭᠠᠨ ᠢ ᠨᠠᠮᠳᠠᠭᠤᠯᠬᠤ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠤᠨ᠎ᠠ      ︽ᠠᠷᠠᠳ ᠤᠨ ᠲᠥᠯᠥᠭᠡ ᠳᠠᠬᠢᠨ ᠵᠥᠪᠯᠡᠬᠦ︾ ᠵᠣᠷᠢᠯᠲᠠ ᠶᠢ ᠪᠠᠷᠢᠮᠲᠠᠯᠠᠵᠤ᠂ 11 ᠵᠠᠰᠠᠭ ᠵᠠᠬᠢᠷᠭᠠᠨ ᠤ ᠳᠠᠬᠢᠨ ᠵᠥᠪᠯᠡᠬᠦ ᠣᠷᠣᠯᠠᠨ ᠭᠦᠢᠴᠡᠳᠬᠡᠬᠦ ᠴᠡᠭ ᠢ ᠪᠠᠶᠢᠭᠤᠯᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠠᠷᠭ᠎ᠠ ᠵᠠᠮ ᠢ ᠥᠷᠭᠡᠳᠬᠡᠨ᠎ᠡ᠃ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠬᠡᠷᠡᠭ ᠢ ᠰᠢᠢᠳᠪᠦᠷᠢᠯᠡᠬᠦ ᠠᠵᠢᠯ ᠤᠨ ᠳᠦᠷᠢᠮ ᠢ ᠲᠣᠭᠲᠠᠭᠠᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠬᠡᠷᠡᠭ ᠢ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠦᠨ᠎ᠡ᠃ ︽ᠬᠦᠯᠢᠶᠡᠨ ᠠᠪᠬᠤ ᠠᠴᠠ ᠡᠮᠦᠨ᠎ᠡ ᠮᠡᠳᠡᠭᠳᠡᠬᠦ︾ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠬᠡᠷᠡᠭ ᠤᠨ ᠳᠤᠮᠳᠠᠬᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠪᠣᠳᠠᠲᠠᠢ ᠦᠢᠯᠡ ᠠᠵᠢᠯᠯᠠᠭ᠎ᠠ ᠶᠢᠨ ᠬᠠᠤᠯᠢ ᠶᠣᠰᠣᠴᠢ ᠴᠢᠨᠠᠷ᠂ ᠵᠦᠢ ᠵᠣᠬᠢᠰᠲᠤ ᠴᠢᠨᠠᠷ ᠢ ᠴᠢᠩᠭ᠎ᠠ ᠬᠢᠨᠠᠨ ᠪᠠᠶᠢᠴᠠᠭᠠᠵᠤ᠂ ᠵᠦᠢ ᠵᠣᠬᠢᠰ ᠦᠭᠡᠢ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠴᠠᠭ ᠲᠤᠬᠠᠢ ᠳᠤᠨᠢ ᠵᠠᠯᠠᠷᠠᠭᠤᠯᠵᠤ᠂ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠨ᠎ᠠ᠃ ᠡᠶᠡᠳᠡᠭᠦᠯᠬᠦ ᠠᠵᠢᠯ ᠤᠨ ᠠᠷᠭ᠎ᠠ ᠮᠠᠶ᠋ᠢᠭ ᠤᠨ ᠬᠡᠷᠡᠭᠯᠡᠯᠲᠡ ᠶᠢ ᠴᠢᠩᠭᠠᠳᠬᠠᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠬᠡᠷᠡᠭ ᠲᠤ ︽ᠡᠶᠡᠲᠡᠭᠦᠯᠵᠦ ᠳᠡᠶᠢᠯᠬᠦ ᠶᠢ ᠨᠢ ᠴᠥᠮ ᠡᠶᠡᠲᠡᠭᠦᠯᠬᠦ︾᠎ ᠶᠢ ᠪᠠᠷᠢᠮᠲᠠᠯᠠᠨ᠎ᠠ᠃ 2024 ᠣᠨ ᠳᠤ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠢ ᠨᠡᠶᠢᠲᠡ 15 ᠬᠤᠪᠢ ᠬᠦᠯᠢᠶᠡᠨ ᠠᠪᠴᠤ ᠰᠢᠢᠳᠪᠦᠷᠢᠯᠡᠪᠡ᠃ ᠡᠭᠦᠨ ᠳᠤ ᠬᠡᠷᠡᠭ ᠤᠨ ᠡᠮᠦᠨ᠎ᠡ 1 ᠬᠡᠷᠡᠭ ᠢ ᠡᠶᠡᠳᠡᠭᠦᠯᠦᠨ᠂ 4 ᠬᠡᠷᠡᠭ ᠢ ᠪᠠᠷᠢᠮᠲᠠᠯᠠᠵᠤ᠂ ᠡᠶᠡᠳᠡᠭᠦᠯᠦᠭᠡᠳ 3 ᠬᠡᠷᠡᠭ ᠢ ᠡᠴᠦᠰᠯᠡᠭᠦᠯᠵᠦ᠂ 1 ᠬᠡᠷᠡᠭ ᠢ ᠬᠦᠴᠦᠨ ᠦᠭᠡᠢ ᠪᠣᠯᠭᠠᠵᠤ᠂ 1 ᠬᠡᠷᠡᠭ ᠢ ᠪᠤᠴᠠᠭᠠᠵᠤ᠂ 5 ᠬᠡᠷᠡᠭ ᠢ ᠶᠠᠭ ᠰᠢᠢᠳᠪᠦᠷᠢᠯᠡᠵᠦ ᠪᠠᠶᠢᠨ᠎ᠠ᠃      ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠤᠨ᠎ᠠ      2024 ᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠶᠢ ᠪᠠᠶᠢᠴᠠᠭᠠᠬᠤ ᠲᠥᠯᠥᠪᠯᠡᠭᠡ ᠶᠢ ᠲᠣᠭᠲᠠᠭᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠨᠠᠷᠢᠯᠢᠬᠵᠢᠭᠤᠯᠤᠨ ᠬᠡᠮᠵᠢᠶᠡᠵᠢᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠦᠨᠳᠦᠰᠦᠨ ᠱᠠᠲᠤᠨ ᠤ ᠥᠭᠡᠷᠡᠴᠢᠯᠡᠯᠲᠡ ᠶᠢ ᠴᠢᠩᠭᠠᠳᠬᠠᠵᠤ᠂ ᠴᠢᠩ ᠹᠦ᠋ ᠪᠠᠯᠭᠠᠰᠤ ᠪᠣᠯᠤᠨ ᠰᠢᠩ ᠱᠧᠩ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ ᠲᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠤᠷᠰᠢᠯᠲᠠ ᠶᠢᠨ ᠴᠡᠭ ᠢ ᠪᠠᠶᠢᠭᠤᠯᠤᠭᠰᠠᠨ ᠰᠠᠭᠤᠷᠢᠨ ᠳᠡᠭᠡᠷ᠎ᠡ᠂ ᠪᠤᠰᠤᠳ 8 ᠬᠠᠤᠯᠢ ᠴᠠᠭᠠᠵᠠ ᠶᠢᠨ ᠭᠠᠵᠠᠷ ᠲᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠵᠡᠷᠭᠡᠪᠡᠷ ᠠᠬᠢᠭᠤᠯᠵᠤ᠂ ᠬᠠᠷᠢᠶ᠎ᠠ ᠣᠷᠣᠨ ᠤ ᠳᠣᠲᠣᠷᠠᠬᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ᠂ ᠲᠣᠮᠢᠯᠠᠭᠰᠠᠨ ᠰᠠᠯᠪᠤᠷᠢ ᠵᠡᠷᠭᠡ ᠦᠨᠳᠦᠰᠦᠨ ᠱᠠᠲᠤᠨ ᠤ ᠲᠣᠮᠢᠯᠠᠭᠰᠠᠨ ᠪᠠᠶᠢᠭᠤᠯᠤᠮᠵᠢ ᠳᠤ ᠵᠢᠯ ᠪᠦᠷᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠵᠢᠯ ᠪᠦᠷᠢ 2 ᠤᠳᠠᠭ᠎ᠠ ᠠᠴᠠ ᠳᠤᠲᠠᠭᠤ ᠦᠭᠡᠢ ᠥᠷᠨᠢᠭᠦᠯᠬᠦ ᠶᠢ ᠪᠠᠷᠢᠮᠲᠠᠯᠠᠨ᠎ᠠ᠃ ᠡᠭᠦᠨ ᠤ ᠬᠠᠮᠲᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠠᠵᠢᠯ ᠢ ᠥᠷᠨᠢᠭᠦᠯᠵᠦ᠂ ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠦᠷᠭᠦᠯᠵᠢᠯᠡᠨ ᠵᠢᠷᠤᠮᠵᠢᠭᠤᠯᠵᠤ᠂ ︽ᠨᠢᠭᠡ ᠯᠡ ᠠᠳᠠᠯᠢ ᠪᠠᠶᠢᠯᠭᠠᠬᠤ︾᠂ ︽ᠬᠥᠳᠡᠯᠭᠡᠭᠡᠨ ᠤ ᠮᠠᠶ᠋ᠢᠭ︾᠎ ᠢᠶᠠᠷ ᠬᠠᠤᠯᠢ ᠬᠡᠷᠡᠭᠵᠢᠭᠦᠯᠬᠦ᠂ ᠳᠤᠷ᠎ᠠ ᠪᠠᠷ ᠢᠶᠠᠨ ᠬᠠᠤᠯᠢ ᠬᠡᠷᠡᠭᠵᠢᠭᠦᠯᠬᠦ ᠵᠡᠷᠭᠡ ᠠᠰᠠᠭᠤᠳᠠᠯ ᠢ ᠡᠷᠡᠰ ᠬᠤᠷᠢᠭᠯᠠᠨ᠎ᠠ᠃ 2024 ᠣᠨ ᠳᠤ ᠵᠠᠬ᠎ᠠ ᠳᠡᠯᠭᠡᠭᠦᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠨᠠᠪᠴᠢᠨ ᠲᠠᠮᠠᠬᠢ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠲᠤᠰᠬᠠᠢ ᠬᠠᠤᠯᠢ ᠬᠡᠷᠡᠭᠵᠢᠭᠦᠯᠦᠯᠲᠡ ᠳᠤ 8 ᠤᠳᠠᠭ᠎ᠠ ᠬᠢᠨᠠᠯᠲᠠ ᠲᠠᠯᠪᠢᠵᠤ᠂ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠰᠠᠨᠠᠭᠤᠯᠭ᠎ᠠ ᠶᠢᠨ ᠪᠢᠴᠢᠭ︾᠂ ︽ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠭᠰᠠᠨ ᠠᠰᠠᠭᠤᠳᠠᠯ ᠤᠨ ᠬᠠᠷᠢᠭᠤ ᠲᠤᠰᠬᠠᠯ︾᠎ ᠢ 17 ᠬᠤᠪᠢ ᠳᠠᠷᠤᠮᠠᠯᠯᠠᠨ ᠲᠠᠷᠬᠠᠭᠠᠪᠠ᠃      ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠤᠨ᠎ᠠ      ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠳ ᠬᠤᠪᠢᠳᠠᠨ ᠬᠠᠮᠢᠶᠠᠷᠴᠤ ᠪᠠᠶᠢᠭ᠎ᠠ ᠭᠤᠣᠯᠳᠠᠯᠭ᠎ᠠ ᠲᠠᠢ ᠬᠦᠷᠢᠶᠡᠨ ᠳᠠᠬᠢ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢ ᠴᠢᠩᠭᠠᠳᠬᠠᠬᠤ ᠶᠢ ᠢᠳᠡᠪᠬᠢᠲᠡᠢ ᠠᠬᠢᠭᠤᠯᠵᠤ᠂ ᠴᠢᠩᠱᠠᠨ ᠲᠣᠭᠤᠷᠢᠭ ᠤᠨ ᠢᠲᠡᠭᠡᠮᠵᠢᠲᠡᠢ ᠪᠠᠶᠢᠬᠤ ᠴᠢᠬᠤᠯᠠ ᠶᠡᠭᠡ ᠠᠭᠤᠷ ᠠᠮᠢᠰᠬᠤᠯ ᠢ ᠪᠤᠢ ᠪᠣᠯᠭᠠᠨ᠎ᠠ᠃ ᠵᠠᠰᠠᠭ ᠤᠨ ᠣᠷᠳᠣᠨ ᠤ ᠢᠲᠡᠭᠡᠯ ᠠᠯᠳᠠᠭᠰᠠᠨ ᠠᠵᠢᠯᠯᠠᠭ᠎ᠠ ᠶᠢ ᠶᠡᠬᠡᠪᠡᠷ ᠵᠢᠭᠰᠠᠭᠠᠨ ᠪᠠᠶᠢᠴᠠᠭᠠᠵᠤ᠂ ᠲᠦᠢᠯᠪᠤᠷᠢᠲᠠᠢ ᠪᠠᠶᠢᠴᠠᠭᠠᠬᠤ ᠠᠵᠢᠯᠯᠠᠭ᠎ᠠ ᠶᠢ ᠥᠷᠨᠢᠭᠦᠯᠵᠦ᠂ ᠠᠮᠠᠯᠠᠯᠲᠠ ᠪᠠᠨ ᠪᠡᠶᠡᠯᠡᠭᠦᠯᠬᠦ ᠶᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠭᠤᠣᠯᠳᠠᠯᠭ᠎ᠠ ᠲᠠᠢ ᠠᠭᠤᠯᠭ᠎ᠠ ᠪᠣᠯᠭᠠᠵᠤ᠂ ᠨᠠᠷᠢᠨ ᠨᠢᠮᠪᠠᠢ ᠪᠠᠶᠢᠷᠢᠯᠠᠭᠤᠯᠤᠨ᠂ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠨ᠎ᠠ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ᠂ ᠭᠡᠷ᠎ᠡ ᠵᠥᠷᠢᠴᠡᠵᠦ‌ᠦᠷᠢᠲᠦᠭᠰᠡᠨ ᠳᠤᠮᠳᠠ ᠵᠢᠵᠢᠭ ᠠᠵᠤ ᠠᠬᠤᠶᠢᠯᠠᠯ ᠤᠨ ᠵᠣᠭᠤᠰ ᠢ ᠳᠠᠩᠰᠠᠯᠠᠨ ᠲᠡᠮᠳᠡᠭᠯᠡᠬᠦ ︵ᠵᠠᠭᠠᠯᠳᠤᠯᠭ᠎ᠠ︶ ᠲᠠᠪᠴᠠᠩ᠂ ︽ᠥᠪᠥᠷ ᠠᠵᠤ ᠠᠬᠤᠶᠢᠯᠠᠯ ᠳᠤ ᠨᠡᠪᠲᠡᠷᠡᠬᠦ︾ ᠲᠠᠪᠴᠠᠩ ᠵᠡᠷᠭᠡ ᠵᠠᠭᠠᠯᠳᠤᠯᠭ᠎ᠠ ᠶᠢᠨ ᠲᠠᠪᠴᠠᠩ ᠤᠨ ᠴᠢᠩᠱᠠᠨ ᠲᠣᠭᠤᠷᠢᠭ ᠤᠨ ᠵᠠᠰᠠᠭ ᠤᠨ ᠣᠷᠳᠣᠨ ᠤ ᠢᠲᠡᠭᠡᠯ ᠠᠯᠳᠠᠭᠰᠠᠨ ᠠᠵᠢᠯᠯᠠᠭ᠎ᠠ ᠶᠢᠨ ᠲᠤᠬᠠᠢ ᠠᠰᠠᠭᠤᠳᠠᠯ ᠤᠨ ᠰᠦᠪᠡᠭᠴᠢ ᠶᠢ ᠡᠮᠬᠢᠯᠡᠵᠦ᠂ ᠠᠵᠢᠯ ᠤᠨ ᠡᠬᠡ ᠳᠠᠩᠰᠠ ᠪᠠᠶᠢᠭᠤᠯᠤᠨ᠂ ᠬᠠᠷᠢᠭᠤᠴᠠᠯᠭᠠᠲᠤ ᠨᠢᠭᠡᠴᠡ ᠶᠢᠨ ᠭᠡᠷ᠎ᠡ ᠪᠠᠨ ᠭᠦᠢᠴᠡᠳᠬᠡᠵᠦ ᠠᠮᠠᠯᠠᠯᠲᠠ ᠪᠠᠨ ᠭᠦᠢᠴᠡᠳᠬᠡᠬᠦ ᠶᠢ ᠴᠠᠭ ᠲᠤᠬᠠᠢ ᠳᠤᠨᠢ ᠰᠢᠮᠳᠠᠭᠤᠯᠤᠨ᠎ᠠ᠃ ᠣᠳᠣ ᠪᠣᠯᠲᠠᠯ᠎ᠠ᠂ ᠨᠢᠭᠡᠨᠲᠡ 12 ᠠᠰᠠᠭᠤᠳᠠᠯ ᠢ ᠰᠢᠢᠳᠪᠦᠷᠢᠯᠡᠵᠦ᠂ ᠶᠠᠭ 6 ᠠᠰᠠᠭᠤᠳᠠᠯ ᠢ ᠰᠢᠢᠳᠪᠦᠷᠢᠯᠡᠵᠦ ᠪᠠᠶᠢᠨ᠎ᠠ᠃       ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠴᠠᠭᠠᠵᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢ ᠴᠢᠩᠭᠠᠷᠠᠭᠤᠯᠵᠤ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠤᠨ᠎ᠠ      ᠬᠠᠤᠯᠢᠴᠢ ᠶᠢᠨ ᠠᠵᠤ ᠠᠬᠤᠶᠢᠯᠠᠯ ᠳᠤ ᠣᠷᠣᠬᠤ ᠲᠣᠭᠲᠠᠴᠠ ᠶᠢ ᠪᠠᠶᠢᠭᠤᠯᠵᠤ᠂ ︽ᠬᠠᠤᠯᠢᠴᠢ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠠᠵᠢᠯᠲᠠᠳ ᠠᠵᠤ ᠠᠬᠤᠶᠢᠯᠠᠯ ᠢ ᠰᠤᠷᠪᠤᠯᠵᠢᠯᠠᠬᠤ︾ ᠵᠡᠷᠭᠡ ᠠᠵᠢᠯᠯᠠᠭ᠎ᠠ ᠶᠢ ᠥᠷᠨᠢᠭᠦᠯᠵᠦ᠂ ᠠᠵᠤ ᠠᠬᠤᠶᠢᠯᠠᠯ ᠤᠨ ᠬᠠᠤᠯᠢ ᠴᠠᠭᠠᠵᠠ ᠶᠢᠨ ᠠᠶᠤᠯ ᠲᠦᠭᠰᠢᠭᠦᠷᠢ ᠶᠢ ᠬᠠᠳᠠᠭᠠᠯᠠᠵᠤ᠂ ᠬᠥᠳᠡᠯᠮᠦᠷᠢ ᠠᠵᠢᠯᠲᠠᠨ ᠤ ᠶᠠᠪᠤᠳᠠᠯ ᠤᠨ ᠠᠵᠢᠯᠴᠢᠨ ᠬᠡᠷᠡᠭᠯᠡᠬᠦ᠂ ᠭᠡᠷ᠎ᠡ ᠶᠢᠨ ᠵᠢᠭᠤᠷᠠᠯᠳᠤᠭᠠᠨ ᠵᠡᠷᠭᠡ ᠲᠠᠯ᠎ᠠ ᠪᠠᠷ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠪᠠ ᠬᠠᠤᠯᠢ ᠴᠠᠭᠠᠵᠠ ᠶᠢᠨ ᠤᠬᠠᠭᠤᠯᠭ᠎ᠠ ᠶᠢ ᠦᠷᠨᠢᠭᠦᠯᠦᠨ᠎ᠡ᠃ ᠦᠨ᠎ᠡ ᠲᠥᠯᠥᠪᠦᠷᠢ ᠦᠭᠡᠢ ᠪᠠᠷ ᠠᠵᠤ ᠠᠬᠤᠶᠢᠯᠠᠯ ᠳᠤ ︽ᠬᠠᠤᠯᠢ ᠪᠠᠷ ᠵᠠᠰᠠᠬᠤ ᠪᠡᠶ᠎ᠡ ᠶᠢᠨ ᠪᠠᠶᠢᠴᠠᠭᠠᠯᠲᠠ︾ ᠬᠢᠵᠦ᠂ ᠬᠠᠤᠯᠢ ᠴᠠᠭᠠᠵᠠ ᠶᠢᠨ ᠮᠠᠳᠠᠭ ᠲᠠᠢ ᠠᠰᠠᠭᠤᠳᠠᠯ ᠢ ᠨᠢᠭᠤᠷᠳᠠᠨ ᠲᠠᠶᠢᠯᠪᠤᠷᠢᠯᠠᠵᠤ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠴᠤᠭᠯᠠᠭᠤᠯᠵᠤ᠂ ᠠᠵᠤ ᠠᠬᠤᠶᠢᠯᠠᠯ ᠢ ᠬᠠᠪᠰᠤᠷᠤᠨ ᠬᠠᠤᠯᠢ ᠴᠠᠭᠠᠵᠠ ᠶᠢᠨ ᠲᠠᠯ᠎ᠠ ᠪᠠᠷ ᠣᠷᠣᠰᠢᠵᠤ ᠪᠠᠶᠢᠭ᠎ᠠ ᠠᠶᠤᠯ ᠲᠦᠭᠰᠢᠭᠦᠷᠢ ᠶᠢᠨ ᠭᠡᠮ ᠰᠣᠭᠤᠭ ᠢ ᠡᠮᠬᠢᠯᠡᠵᠦ᠂ ︽ᠡᠪᠡᠳᠴᠢᠨ ᠳᠤᠨᠢ ᠲᠠᠭᠠᠷᠠᠭᠤᠯᠤᠨ ᠡᠮ ᠥᠭᠬᠦ︾᠎ ᠳᠤ ᠴᠡᠭᠴᠡᠯᠡᠨ ᠰᠠᠶᠢᠵᠢᠷᠠᠭᠤᠯᠬᠤ ᠰᠠᠨᠠᠯ ᠪᠠ ᠰᠠᠨᠠᠭᠤᠯᠭ᠎ᠠ ᠳᠤᠷᠠᠳᠪᠠ᠃ ᠬᠠᠤᠯᠢᠴᠢ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠠᠵᠢᠯᠲᠠᠳ ᠢ ᠵᠣᠬᠢᠶᠠᠨ ᠪᠠᠶᠢᠭᠤᠯᠤᠨ ᠠᠵᠤ ᠠᠬᠤᠶᠢᠯᠠᠯ ᠤᠨ ᠡᠯ᠎ᠡ ᠲᠥᠷᠥᠯ ᠤᠨ ᠭᠡᠷ᠎ᠡ ᠶᠢ ᠬᠢᠨᠠᠨ ᠪᠠᠶᠢᠴᠠᠭᠠᠵᠤ᠂ ᠬᠡᠷᠡᠭᠵᠢᠭᠦᠯᠵᠦ ᠪᠣᠯᠬᠤᠶᠢᠴᠠ ︽ᠬᠠᠤᠯᠢ ᠴᠠᠭᠠᠵᠠ ᠶᠢᠨ ᠲᠦᠭᠰᠢᠭᠦᠷᠢ ᠶᠢᠨ ᠰᠠᠨᠠᠭᠤᠯᠤᠮᠵᠢ ᠶᠢᠨ ᠵᠠᠬᠢᠳᠠᠯ︾ ᠪᠤᠶᠤ ︽ᠬᠠᠤᠯᠢ ᠴᠠᠭᠠᠵᠠ ᠶᠢᠨ ᠰᠠᠨᠠᠯ ᠤᠨ ᠪᠢᠴᠢᠭ︾᠎ ᠢ ᠳᠤᠷᠠᠳᠴᠤ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠪᠦᠬᠦ ᠬᠦᠴᠦᠨ ᠢᠶᠠᠷ ᠢᠶᠠᠨ  ᠬᠠᠮᠠᠭᠠᠯᠠᠨ᠎ᠠ᠃ 2024 ᠣᠨ ᠳᠤ ᠬᠠᠤᠯᠢ ᠶᠢ ᠠᠵᠤ ᠠᠬᠤᠶᠢᠯᠠᠯ ᠳᠤ ᠬᠦᠷᠭᠡᠬᠦ ᠠᠵᠢᠯᠯᠠᠭ᠎ᠠ ᠶᠢ 20 ᠭᠠᠷᠤᠢ ᠤᠳᠠᠭ᠎ᠠ᠂ ︽ᠬᠠᠤᠯᠢ ᠪᠠᠷ ᠵᠠᠰᠠᠬᠤ ᠪᠡᠶ᠎ᠡ ᠶᠢᠨ ᠪᠠᠶᠢᠴᠠᠭᠠᠯᠲᠠ︾᠎ ᠶᠢᠨ ᠠᠵᠢᠯ ᠢ 40 ᠭᠠᠷᠤᠢ ᠤᠳᠠᠭ᠎ᠠ ᠥᠷᠨᠢᠭᠦᠯᠵᠦ᠂ 300 ᠭᠠᠷᠤᠢ ᠬᠠᠤᠯᠢ ᠴᠠᠭᠠᠵᠠ ᠶᠢᠨ ᠰᠠᠨᠠᠯ ᠳᠤᠷᠠᠳᠴᠠᠢ᠃   
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号