ᠬᠠᠷᠢᠶᠠᠲᠤ ᠣᠷᠣᠨ ᠤ ᠨᠥᠬᠦᠴᠡᠯ ᠳᠤ ᠨᠡᠶᠢᠴᠡᠬᠦ ᠥᠨᠳᠥᠷ ᠨᠠᠰᠤᠲᠠᠶ ᠨᠠᠰᠤᠲᠠᠶᠢᠴᠤᠳ ᠤᠨ ᠵᠠᠰᠠᠭ ᠤᠨ | ᠣᠷᠳᠣᠨ ᠤ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠭᠥᠷᠳᠡᠬᠦ ᠶᠢ | ᠪᠠᠲᠤᠯᠠᠵᠦ᠂ ᠥᠨᠳᠥᠷ ᠨᠠᠰᠤᠨ ᠤ ᠨᠥᠬᠦᠪᠥᠷᠢ ᠶᠢ ᠴᠠᠭ ᠲᠤᠬᠠᠶ ᠳᠤᠨᠢ ᠬᠦᠯᠢᠶᠡᠨ ᠠᠪᠬᠤ ᠶᠢᠨ ᠲᠦᠯᠦᠭᠡ᠂ ᠬᠠᠷᠢᠶᠠᠲᠤ | ᠣᠷᠣᠨ ᠤ ᠵᠠᠷᠢᠮ ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠶᠢᠴᠤᠳ ᠲᠤ ᠴᠢᠭᠯᠡᠭᠦᠯᠦᠨ᠂ ᠣᠶᠢᠷ᠎ᠠ ᠳᠤ᠂ | ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠵᠤᠯ ᠵᠢᠷᠭᠠᠯᠲᠤ ᠵᠠᠮ ᠤᠨ ᠵᠡᠭᠡᠯᠢ ᠭᠤᠳᠤᠮᠵᠢ ᠶᠢᠨ ᠭᠡᠷᠡᠯ ᠭᠡᠭᠡ | ᠨᠡᠶᠢᠭᠡᠮ ᠲᠣᠭᠤᠷᠢᠭ ᠤᠨ ᠬᠢᠨ ᠲᠤᠤᠷᠵᠢᠯ ᠤᠨ ᠠᠵᠢᠯᠲᠠᠨ ᠢ ᠵᠣᠬᠢᠶᠠᠨ ᠪᠠᠶᠢᠭᠤᠯᠤᠨ ᠡᠷᠦᠬᠡ ᠳᠤ ᠬᠦᠷᠴᠦ ᠥᠨᠳᠥᠷ | ᠨᠠᠰᠤᠲᠠᠶ ᠨᠠᠰᠤᠲᠠᠶᠢᠴᠤᠳ ᠲᠤ ᠨᠥᠬᠦᠪᠥᠷᠢ ᠶᠢᠨ ᠭᠡᠷᠡᠴᠢᠯᠡᠯ ᠬᠢᠵᠦ᠂ ᠰᠠᠭᠤᠭᠠᠯᠢ ᠠᠷᠠᠳ ᠲᠤ ᠦᠢᠯᠡᠴᠢᠯᠡᠭᠡ | ᠬᠠᠩᠭᠠᠵᠦ᠂ ᠬᠠᠷᠢᠶ᠎ᠠ ᠬᠠᠷᠢᠶᠠᠲᠤ ᠣᠷᠣᠨ ᠤ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠴᠥᠮ ᠥᠨᠳᠥᠷ | ᠨᠠᠰᠤᠨ ᠤ ᠨᠡᠮᠡᠭᠦᠷᠢ ᠶᠢᠨ ᠬᠠᠷᠠᠭᠠᠯᠵᠠᠯ ᠢ ᠴᠠᠭ ᠲᠤᠬᠠᠶ ᠳᠤᠨᠢ᠂ ᠭᠦᠢᠴᠡᠳ ᠲᠤᠭ᠎ᠠ ᠪᠠᠷ ᠬᠦᠷᠲᠡᠭᠡᠬᠦ ᠶᠢ ᠦᠨᠡᠨᠬᠦ | ᠪᠠᠲᠤᠯᠠᠪᠠ᠃ | ᠨᠡᠶᠢᠭᠡᠮ ᠲᠣᠭᠤᠷᠢᠭ ᠤᠨ ᠠᠵᠢᠯᠲᠠᠳ ᠪᠣᠯᠪᠠᠰᠤᠷᠠᠩᠭᠤᠶ ᠪᠣᠯᠤᠭᠰᠠᠨ ᠳᠠᠪᠠᠭᠤᠯᠢᠭ ᠢᠶᠠᠨ ᠠᠰᠢᠭᠯᠠᠨ᠂ ᠡᠷᠦᠬᠡ | ᠳᠠᠷᠠᠭᠠᠯᠠᠨ ᠬᠠᠷᠢᠶ᠎ᠠ ᠣᠷᠣᠨ ᠤ ᠪᠠᠨ ᠬᠥᠳᠡᠯᠵᠦ ᠪᠠᠷᠢᠬᠤ ᠳᠤ ᠳᠥᠭᠦᠮ ᠦᠭᠡᠢ ᠵᠢᠴᠢ ᠣᠶᠤᠨᠯᠢᠭ ᠭᠠᠷ ᠤᠲᠠᠰᠤ | ᠬᠡᠷᠡᠭᠯᠡᠵᠦ ᠴᠢᠳᠠᠬᠤ ᠦᠭᠡᠢ ᠨᠠᠰᠤᠲᠠᠶᠢᠴᠤᠳ ᠲᠤ ᠥᠨᠳᠥᠷ ᠨᠠᠰᠤᠨ ᠤ ᠭᠡᠷᠡᠴᠢᠯᠡᠯ ᠬᠢᠵᠦ᠂ ᠭᠡᠷᠡᠴᠢᠯᠡᠯ ᠤᠨ | ᠶᠠᠪᠤᠴᠠ ᠳᠤ ᠨᠠᠰᠤᠲᠠᠶᠢᠴᠤᠳ ᠤᠨ ᠪᠡᠶ᠎ᠡ ᠶᠢᠨ ᠪᠠᠶᠢᠳᠠᠯ ᠪᠠ ᠠᠮᠢᠳᠤᠷᠠᠯ ᠤᠨ ᠪᠠᠶᠢᠳᠠᠯ ᠢ ᠴᠠᠭ ᠲᠤᠬᠠᠶ ᠳᠤᠨᠢ | ᠣᠶᠢᠯᠠᠭᠠᠬᠤ ᠶᠢᠨ ᠬᠠᠮᠲᠤ ᠨᠠᠰᠤᠲᠠᠨ ᠳᠤ ︽ᠬᠥᠮᠦᠨ ᠤ ᠵᠢᠰᠦ ᠶᠢ ᠢᠯᠭᠠᠨ ᠲᠠᠨᠢᠬᠤ ᠭᠡᠷᠡᠴᠢᠯᠡᠯ ᠤᠨ ᠰᠢᠰᠲ᠋ᠧᠮ︾ ᠢ | ᠬᠡᠷᠡᠭᠯᠡᠬᠦ ᠠᠷᠭ᠎ᠠ ᠪᠠ ᠬᠤᠶᠠᠷ ᠬᠡᠮᠵᠢᠯᠳᠦ ᠺᠣᠳ᠋ ᠪᠠᠭᠤᠯᠭᠠᠬᠤ ᠠᠷᠭ᠎ᠠ ᠶᠢ ᠬᠦᠯᠢᠴᠡᠩᠭᠦᠶ ᠪᠠᠷ ᠲᠠᠶᠢᠯᠪᠤᠷᠢᠯᠠᠨ ᠥᠭᠴᠦ᠂ | ᠬᠡᠷᠡᠭᠴᠡᠭᠡ ᠪᠦᠬᠦᠢ ᠰᠠᠭᠤᠭᠠᠯᠢ ᠠᠷᠠᠳ ᠲᠤ ᠭᠠᠷ ᠤᠲᠠᠰᠤᠨ ᠤ APP ᠶᠢᠨ ᠬᠥᠮᠦᠨ ᠤ ᠵᠢᠰᠦ ᠶᠢ ᠢᠯᠭᠠᠨ ᠲᠠᠨᠢᠬᠤ | ᠭᠡᠷᠡᠴᠢᠯᠡᠯ ᠢ ᠦᠨᠡᠨ ᠬᠦ ᠬᠠᠪᠰᠤᠷᠤᠨ ᠪᠡᠶᠡᠯᠡᠭᠦᠯᠵᠡᠢ᠃ | ᠲᠣᠰ ᠤᠳᠠᠭᠠᠨ ᠤ ᠬᠡᠷ ᠲᠤᠨᠢ ᠬᠦᠷᠴᠦ ᠦᠢᠯᠡᠴᠢᠯᠡᠬᠦ ᠠᠵᠢᠯ ᠨᠢ ᠥᠨᠳᠥᠷ ᠨᠠᠰᠤᠲᠠᠶ ᠨᠠᠰᠤᠲᠠᠶᠢᠴᠤᠳ ᠲᠤ | ᠲᠥᠬᠦᠮ ᠦᠵᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠨᠡᠶᠢᠭᠡᠮ ᠲᠣᠭᠤᠷᠢᠭ ᠠᠴᠠ ᠨᠠᠰᠤᠲᠠᠶᠢᠴᠤᠳ ᠢ ᠬᠠᠯᠠᠮᠵᠢᠯᠠᠨ | ᠴᠢᠬᠤᠯᠠᠴᠢᠯᠠᠵᠤ ᠪᠠᠶᠢᠬᠤ ᠶᠢ ᠬᠠᠷᠠᠭᠤᠯᠵᠤ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠭᠡᠷᠡᠯ ᠭᠡᠭᠡ ᠨᠡᠶᠢᠭᠡᠮ | ᠲᠣᠭᠤᠷᠢᠭ ᠬᠠᠷᠢᠶᠠᠲᠤ ᠣᠷᠣᠨ ᠤ ᠨᠠᠰᠤᠲᠠᠶᠢᠴᠤᠳ ᠲᠤ ᠦᠢᠯᠡᠴᠢᠯᠡᠬᠦ ᠪᠠᠷ ᠵᠣᠷᠢᠯᠲᠠ ᠪᠣᠯᠭᠠᠬᠤ ᠶᠢ ᠢᠮᠠᠭᠲᠠ | ᠪᠠᠷᠢᠮᠲᠠᠯᠠᠵᠤ᠂ ᠪᠦᠬᠦ ᠲᠠᠯ᠎ᠠ ᠪᠠᠷ᠂ ᠤᠯᠠᠨ ᠲᠠᠯ᠎ᠠ ᠠᠴᠠ ᠨᠠᠰᠤᠲᠠᠶᠢᠴᠤᠳ ᠲᠤ ᠳᠤᠯᠠᠭᠠᠮᠰᠤᠭ ᠦᠢᠯᠡᠴᠢᠯᠡᠭᠡ ᠬᠠᠩᠭᠠᠵᠤ᠂ | ᠬᠠᠷᠢᠶ᠎ᠠ ᠣᠷᠣᠨ ᠤ ᠨᠠᠰᠤᠲᠠᠶᠢᠴᠤᠳ ᠲᠤ ᠨᠡᠩ ᠪᠠᠶᠠᠷ ᠪᠠᠶᠠᠰᠬᠤᠯᠠᠩ ᠲᠠᠢ ᠥᠲᠡᠯᠦᠭᠡ ᠨᠠᠰᠤ ᠡᠳ᠋ᠯᠡᠭᠦᠯᠦᠨ᠎ᠡ᠃ | | | | | | |