ᠡᠨᠡ ᠵᠢᠯ ᠠᠴᠠ ᠨᠠᠭᠠᠰᠢ᠂ ᠴᠢᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠲᠣᠭᠤᠷᠢᠭ ᠤᠨ | ᠨᠠᠮ ᠤᠨ ᠬᠤᠷᠢᠶ᠎ᠠ ᠲᠤᠭᠤᠷᠢᠭ ᠤᠨ ᠵᠠᠰᠠᠭ ᠤᠨ ᠣᠷᠳᠣᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ | ᠰᠢᠯᠢᠳᠡᠭᠵᠢᠭᠦᠯᠬᠦ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠬᠠᠤᠯᠢᠵᠢᠯ ᠤᠨ ᠬᠡᠷᠡᠭᠴᠡᠭᠡ ᠳᠤ ᠪᠦᠲᠦᠮᠵᠢᠲᠡᠢ | ᠬᠠᠷᠢᠭᠤᠯᠲᠠ ᠥᠭᠴᠦ᠂ ︽ᠳᠥᠷᠪᠡ ᠶᠢ ᠴᠢᠩᠭᠠᠳᠬᠠᠵᠤ ᠳᠥᠷᠪᠡ ᠶᠢ ᠠᠬᠢᠭᠤᠯᠬᠤ︾ ᠪᠠᠷ ᠡᠵᠡᠩᠨᠡᠯᠲᠡ ᠶᠢᠨ ᠭᠤᠣᠯ | ᠴᠣᠭᠴᠠ ᠶᠢᠨ ᠴᠢᠩᠱᠠᠨ ᠲᠣᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠤᠨ ᠲᠤᠬᠠᠢ ᠬᠠᠤᠯᠢᠵᠢᠯ ᠤᠨ | ᠲᠥᠷᠥᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ | ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭᠠᠨ ᠤ ᠮᠠᠷᠭᠤᠯᠳᠤᠭᠠᠨ ᠢ ᠨᠠᠮᠳᠠᠭᠤᠯᠬᠤ ᠶᠢ | ᠴᠢᠩᠭᠠᠳᠬᠠᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠤᠨ᠎ᠠ | ︽ᠠᠷᠠᠳ ᠤᠨ ᠲᠥᠯᠥᠭᠡ ᠳᠠᠬᠢᠨ ᠵᠥᠪᠯᠡᠬᠦ︾ ᠵᠣᠷᠢᠯᠲᠠ ᠶᠢ ᠪᠠᠷᠢᠮᠲᠠᠯᠠᠵᠤ᠂ 11 ᠵᠠᠰᠠᠭ ᠵᠠᠬᠢᠷᠭᠠᠨ ᠤ ᠳᠠᠬᠢᠨ | ᠵᠥᠪᠯᠡᠬᠦ ᠣᠷᠣᠯᠠᠨ ᠭᠦᠢᠴᠡᠳᠬᠡᠬᠦ ᠴᠡᠭ ᠢ ᠪᠠᠶᠢᠭᠤᠯᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠠᠷᠭ᠎ᠠ ᠵᠠᠮ ᠢ | ᠥᠷᠭᠡᠳᠬᠡᠨ᠎ᠡ᠃ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠬᠡᠷᠡᠭ ᠢ | ᠰᠢᠢᠳᠪᠦᠷᠢᠯᠡᠬᠦ ᠠᠵᠢᠯ ᠤᠨ ᠳᠦᠷᠢᠮ ᠢ ᠲᠣᠭᠲᠠᠭᠠᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ | ᠵᠠᠬᠢᠷᠭᠠᠨ ᠢᠶᠠᠷ ᠳᠠᠬᠢᠨ ᠵᠥᠪᠯᠡᠭᠦᠯᠬᠦ ᠬᠡᠷᠡᠭ ᠢ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠬᠦᠴᠦᠯᠡᠨ | ᠳᠡᠭᠡᠭᠰᠢᠯᠡᠭᠦᠯᠦᠨ᠎ᠡ᠃ ︽ᠬᠦᠯᠢᠶᠡᠨ ᠠᠪᠬᠤ ᠠᠴᠠ ᠡᠮᠦᠨ᠎ᠡ ᠮᠡᠳᠡᠭᠳᠡᠬᠦ︾ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠬᠡᠷᠡᠭ ᠤᠨ ᠳᠤᠮᠳᠠᠬᠢ ᠵᠠᠰᠠᠭ | ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠪᠣᠳᠠᠲᠠᠢ ᠦᠢᠯᠡ ᠠᠵᠢᠯᠯᠠᠭ᠎ᠠ ᠶᠢᠨ ᠬᠠᠤᠯᠢ ᠶᠣᠰᠣᠴᠢ ᠴᠢᠨᠠᠷ᠂ | ᠵᠦᠢ ᠵᠣᠬᠢᠰᠲᠤ ᠴᠢᠨᠠᠷ ᠢ ᠴᠢᠩᠭ᠎ᠠ ᠬᠢᠨᠠᠨ ᠪᠠᠶᠢᠴᠠᠭᠠᠵᠤ᠂ ᠵᠦᠢ ᠵᠣᠬᠢᠰ ᠦᠭᠡᠢ ᠵᠠᠰᠠᠭ ᠵᠠᠬᠢᠷᠭᠠᠨ ᠤ ᠦᠢᠯᠡ | ᠠᠵᠢᠯᠯᠠᠭ᠎ᠠ ᠶᠢ ᠴᠠᠭ ᠲᠤᠬᠠᠢ ᠳᠤᠨᠢ ᠵᠠᠯᠠᠷᠠᠭᠤᠯᠵᠤ᠂ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ | ᠦᠨᠡᠨᠬᠦ ᠬᠠᠮᠠᠭᠠᠯᠠᠨ᠎ᠠ᠃ ᠡᠶᠡᠳᠡᠭᠦᠯᠬᠦ ᠠᠵᠢᠯ ᠤᠨ ᠠᠷᠭ᠎ᠠ ᠮᠠᠶ᠋ᠢᠭ ᠤᠨ ᠬᠡᠷᠡᠭᠯᠡᠯᠲᠡ ᠶᠢ ᠴᠢᠩᠭᠠᠳᠬᠠᠵᠤ᠂ ᠠᠵᠤ | ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠬᠡᠷᠡᠭ ᠲᠤ ︽ᠡᠶᠡᠲᠡᠭᠦᠯᠵᠦ | ᠳᠡᠶᠢᠯᠬᠦ ᠶᠢ ᠨᠢ ᠴᠥᠮ ᠡᠶᠡᠲᠡᠭᠦᠯᠬᠦ︾ ᠶᠢ ᠪᠠᠷᠢᠮᠲᠠᠯᠠᠨ᠎ᠠ᠃ 2024 ᠣᠨ ᠳᠤ ᠠᠵᠤ ᠠᠬᠤᠶᠢᠯᠠᠯ ᠳᠤ ᠬᠤᠯᠪᠣᠭᠳᠠᠭᠰᠠᠨ | ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠢ ᠨᠡᠶᠢᠲᠡ 15 ᠬᠤᠪᠢ ᠬᠦᠯᠢᠶᠡᠨ ᠠᠪᠴᠤ ᠰᠢᠢᠳᠪᠦᠷᠢᠯᠡᠪᠡ᠃ | ᠡᠭᠦᠨ ᠳᠤ ᠬᠡᠷᠡᠭ ᠤᠨ ᠡᠮᠦᠨ᠎ᠡ 1 ᠬᠡᠷᠡᠭ ᠢ ᠡᠶᠡᠳᠡᠭᠦᠯᠦᠨ᠂ 4 ᠬᠡᠷᠡᠭ ᠢ ᠪᠠᠷᠢᠮᠲᠠᠯᠠᠵᠤ᠂ ᠡᠶᠡᠳᠡᠭᠦᠯᠦᠭᠡᠳ 3 ᠬᠡᠷᠡᠭ ᠢ | ᠡᠴᠦᠰᠯᠡᠭᠦᠯᠵᠦ᠂ 1 ᠬᠡᠷᠡᠭ ᠢ ᠬᠦᠴᠦᠨ ᠦᠭᠡᠢ ᠪᠣᠯᠭᠠᠵᠤ᠂ 1 ᠬᠡᠷᠡᠭ ᠢ ᠪᠤᠴᠠᠭᠠᠵᠤ᠂ 5 ᠬᠡᠷᠡᠭ ᠢ ᠶᠠᠭ | ᠰᠢᠢᠳᠪᠦᠷᠢᠯᠡᠵᠦ ᠪᠠᠶᠢᠨ᠎ᠠ᠃ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠤᠨ ᠨᠠᠶᠢᠳᠠᠪᠤᠷᠢᠵᠢᠭᠤᠯᠤᠯᠲᠠ ᠶᠢ | ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠤᠯᠠᠮ ᠨᠢᠭᠡ | ᠠᠯᠬᠤᠮ ᠲᠦᠯᠬᠢᠨ ᠠᠬᠢᠭᠤᠯᠤᠨ᠎ᠠ | 2024 ᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠬᠠᠤᠯᠢ | ᠬᠡᠷᠡᠭᠵᠢᠭᠦᠯᠬᠦ ᠶᠢ ᠪᠠᠶᠢᠴᠠᠭᠠᠬᠤ ᠲᠥᠯᠥᠪᠯᠡᠭᠡ ᠶᠢ ᠲᠣᠭᠲᠠᠭᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ | ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠨᠠᠷᠢᠯᠢᠬᠵᠢᠭᠤᠯᠤᠨ ᠬᠡᠮᠵᠢᠶᠡᠵᠢᠭᠦᠯᠦᠨᠡ᠃ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠦᠨᠳᠦᠰᠦᠨ ᠱᠠᠲᠤᠨ ᠤ ᠥᠭᠡᠷᠡᠴᠢᠯᠡᠯᠲᠡ ᠶᠢ ᠴᠢᠩᠭᠠᠳᠬᠠᠵᠤ᠂ ᠴᠢᠩ ᠹᠦ᠋ | ᠪᠠᠯᠭᠠᠰᠤ ᠪᠣᠯᠤᠨ ᠰᠢᠩ ᠱᠧᠩ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ ᠲᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠤᠷᠰᠢᠯᠲᠠ ᠶᠢᠨ ᠴᠡᠭ ᠢ ᠪᠠᠶᠢᠭᠤᠯᠤᠭᠰᠠᠨ ᠰᠠᠭᠤᠷᠢᠨ ᠳᠡᠭᠡᠷ᠎ᠡ᠂ ᠪᠤᠰᠤᠳ | 8 ᠬᠠᠤᠯᠢ ᠴᠠᠭᠠᠵᠠ ᠶᠢᠨ ᠭᠠᠵᠠᠷ ᠲᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ | ᠵᠡᠷᠭᠡᠪᠡᠷ ᠠᠬᠢᠭᠤᠯᠵᠤ᠂ ᠬᠠᠷᠢᠶ᠎ᠠ ᠣᠷᠣᠨ ᠤ ᠳᠣᠲᠣᠷᠠᠬᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ᠂ | ᠲᠣᠮᠢᠯᠠᠭᠰᠠᠨ ᠰᠠᠯᠪᠤᠷᠢ ᠵᠡᠷᠭᠡ ᠦᠨᠳᠦᠰᠦᠨ ᠱᠠᠲᠤᠨ ᠤ ᠲᠣᠮᠢᠯᠠᠭᠰᠠᠨ ᠪᠠᠶᠢᠭᠤᠯᠤᠮᠵᠢ ᠳᠤ ᠵᠢᠯ ᠪᠦᠷᠢ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠵᠢᠯ ᠪᠦᠷᠢ 2 ᠤᠳᠠᠭ᠎ᠠ ᠠᠴᠠ ᠳᠤᠲᠠᠭᠤ ᠦᠭᠡᠢ | ᠥᠷᠨᠢᠭᠦᠯᠬᠦ ᠶᠢ ᠪᠠᠷᠢᠮᠲᠠᠯᠠᠨ᠎ᠠ᠃ ᠡᠭᠦᠨ ᠤ ᠬᠠᠮᠲᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠬᠡᠷᠡᠭ ᠤᠨ | ᠡᠪᠬᠡᠮᠡᠯ ᠢ ᠦᠨᠡᠯᠡᠨ ᠪᠠᠶᠢᠴᠠᠭᠠᠬᠤ ᠠᠵᠢᠯ ᠢ ᠥᠷᠨᠢᠭᠦᠯᠵᠦ᠂ ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠦᠯᠲᠡ ᠶᠢ ᠦᠷᠭᠦᠯᠵᠢᠯᠡᠨ ᠵᠢᠷᠤᠮᠵᠢᠭᠤᠯᠵᠤ᠂ ︽ᠨᠢᠭᠡ ᠯᠡ ᠠᠳᠠᠯᠢ ᠪᠠᠶᠢᠯᠭᠠᠬᠤ︾᠂ ︽ᠬᠥᠳᠡᠯᠭᠡᠭᠡᠨ ᠤ | ᠮᠠᠶ᠋ᠢᠭ︾ ᠢᠶᠠᠷ ᠬᠠᠤᠯᠢ ᠬᠡᠷᠡᠭᠵᠢᠭᠦᠯᠬᠦ᠂ ᠳᠤᠷ᠎ᠠ ᠪᠠᠷ ᠢᠶᠠᠨ ᠬᠠᠤᠯᠢ ᠬᠡᠷᠡᠭᠵᠢᠭᠦᠯᠬᠦ ᠵᠡᠷᠭᠡ ᠠᠰᠠᠭᠤᠳᠠᠯ ᠢ ᠡᠷᠡᠰ | ᠬᠤᠷᠢᠭᠯᠠᠨ᠎ᠠ᠃ 2024 ᠣᠨ ᠳᠤ ᠵᠠᠬ᠎ᠠ ᠳᠡᠯᠭᠡᠭᠦᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ᠂ ᠨᠠᠪᠴᠢᠨ ᠲᠠᠮᠠᠬᠢ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠲᠤᠰᠬᠠᠢ ᠬᠠᠤᠯᠢ | ᠬᠡᠷᠡᠭᠵᠢᠭᠦᠯᠦᠯᠲᠡ ᠳᠤ 8 ᠤᠳᠠᠭ᠎ᠠ ᠬᠢᠨᠠᠯᠲᠠ ᠲᠠᠯᠪᠢᠵᠤ᠂ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ | ᠬᠢᠨᠠᠯᠲᠠ ᠲᠠᠯᠪᠢᠬᠤ ᠰᠠᠨᠠᠭᠤᠯᠭ᠎ᠠ ᠶᠢᠨ ᠪᠢᠴᠢᠭ︾᠂ ︽ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠭᠰᠠᠨ ᠠᠰᠠᠭᠤᠳᠠᠯ ᠤᠨ | ᠬᠠᠷᠢᠭᠤ ᠲᠤᠰᠬᠠᠯ︾ ᠢ 17 ᠬᠤᠪᠢ ᠳᠠᠷᠤᠮᠠᠯᠯᠠᠨ ᠲᠠᠷᠬᠠᠭᠠᠪᠠ᠃ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠶᠢ ᠴᠢᠩᠭᠠᠳᠬᠠᠵᠤ᠂ | ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠤᠨ᠎ᠠ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠰᠤᠷᠭᠠᠨ ᠬᠥᠮᠦᠵᠢᠯ ᠤᠨ | ᠲᠣᠪᠴᠢᠶ᠎ᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠵᠡᠷᠭᠡ ᠰᠠᠯᠠᠭ᠎ᠠ | ᠮᠥᠴᠢᠷ ᠤᠳ ᠬᠤᠪᠢᠳᠠᠨ ᠬᠠᠮᠢᠶᠠᠷᠴᠤ ᠪᠠᠶᠢᠭ᠎ᠠ ᠭᠤᠣᠯᠳᠠᠯᠭ᠎ᠠ ᠲᠠᠢ ᠬᠦᠷᠢᠶᠡᠨ ᠳᠠᠬᠢ ᠦᠨᠡᠨᠴᠢ ᠢᠲᠡᠭᠡᠮᠵᠢ ᠶᠢᠨ | ᠤᠬᠠᠭᠤᠯᠭ᠎ᠠ ᠶᠢ ᠴᠢᠩᠭᠠᠳᠬᠠᠬᠤ ᠶᠢ ᠢᠳᠡᠪᠬᠢᠲᠡᠢ ᠠᠬᠢᠭᠤᠯᠵᠤ᠂ ᠴᠢᠩᠱᠠᠨ ᠲᠣᠭᠤᠷᠢᠭ ᠤᠨ ᠢᠲᠡᠭᠡᠮᠵᠢᠲᠡᠢ ᠪᠠᠶᠢᠬᠤ | ᠴᠢᠬᠤᠯᠠ ᠶᠡᠭᠡ ᠠᠭᠤᠷ ᠠᠮᠢᠰᠬᠤᠯ ᠢ ᠪᠤᠢ ᠪᠣᠯᠭᠠᠨ᠎ᠠ᠃ ᠵᠠᠰᠠᠭ ᠤᠨ ᠣᠷᠳᠣᠨ ᠤ ᠢᠲᠡᠭᠡᠯ ᠠᠯᠳᠠᠭᠰᠠᠨ ᠠᠵᠢᠯᠯᠠᠭ᠎ᠠ ᠶᠢ | ᠶᠡᠬᠡᠪᠡᠷ ᠵᠢᠭᠰᠠᠭᠠᠨ ᠪᠠᠶᠢᠴᠠᠭᠠᠵᠤ᠂ ᠲᠦᠢᠯᠪᠤᠷᠢᠲᠠᠢ ᠪᠠᠶᠢᠴᠠᠭᠠᠬᠤ ᠠᠵᠢᠯᠯᠠᠭ᠎ᠠ ᠶᠢ ᠥᠷᠨᠢᠭᠦᠯᠵᠦ᠂ ᠠᠮᠠᠯᠠᠯᠲᠠ ᠪᠠᠨ | ᠪᠡᠶᠡᠯᠡᠭᠦᠯᠬᠦ ᠶᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠭᠤᠣᠯᠳᠠᠯᠭ᠎ᠠ ᠲᠠᠢ ᠠᠭᠤᠯᠭ᠎ᠠ | ᠪᠣᠯᠭᠠᠵᠤ᠂ ᠨᠠᠷᠢᠨ ᠨᠢᠮᠪᠠᠢ ᠪᠠᠶᠢᠷᠢᠯᠠᠭᠤᠯᠤᠨ᠂ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠨ᠎ᠠ᠃ 12345 ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ᠂ ᠭᠡᠷ᠎ᠡ ᠵᠥᠷᠢᠴᠡᠵᠦᠦᠷᠢᠲᠦᠭᠰᠡᠨ ᠳᠤᠮᠳᠠ ᠵᠢᠵᠢᠭ ᠠᠵᠤ | ᠠᠬᠤᠶᠢᠯᠠᠯ ᠤᠨ ᠵᠣᠭᠤᠰ ᠢ ᠳᠠᠩᠰᠠᠯᠠᠨ ᠲᠡᠮᠳᠡᠭᠯᠡᠬᠦ ︵ᠵᠠᠭᠠᠯᠳᠤᠯᠭ᠎ᠠ︶ ᠲᠠᠪᠴᠠᠩ᠂ ︽ᠥᠪᠥᠷ ᠠᠵᠤ ᠠᠬᠤᠶᠢᠯᠠᠯ ᠳᠤ | ᠨᠡᠪᠲᠡᠷᠡᠬᠦ︾ ᠲᠠᠪᠴᠠᠩ ᠵᠡᠷᠭᠡ ᠵᠠᠭᠠᠯᠳᠤᠯᠭ᠎ᠠ ᠶᠢᠨ ᠲᠠᠪᠴᠠᠩ ᠤᠨ ᠴᠢᠩᠱᠠᠨ ᠲᠣᠭᠤᠷᠢᠭ ᠤᠨ ᠵᠠᠰᠠᠭ ᠤᠨ ᠣᠷᠳᠣᠨ ᠤ | ᠢᠲᠡᠭᠡᠯ ᠠᠯᠳᠠᠭᠰᠠᠨ ᠠᠵᠢᠯᠯᠠᠭ᠎ᠠ ᠶᠢᠨ ᠲᠤᠬᠠᠢ ᠠᠰᠠᠭᠤᠳᠠᠯ ᠤᠨ ᠰᠦᠪᠡᠭᠴᠢ ᠶᠢ ᠡᠮᠬᠢᠯᠡᠵᠦ᠂ ᠠᠵᠢᠯ ᠤᠨ ᠡᠬᠡ | ᠳᠠᠩᠰᠠ ᠪᠠᠶᠢᠭᠤᠯᠤᠨ᠂ ᠬᠠᠷᠢᠭᠤᠴᠠᠯᠭᠠᠲᠤ ᠨᠢᠭᠡᠴᠡ ᠶᠢᠨ ᠭᠡᠷ᠎ᠡ ᠪᠠᠨ ᠭᠦᠢᠴᠡᠳᠬᠡᠵᠦ ᠠᠮᠠᠯᠠᠯᠲᠠ ᠪᠠᠨ ᠭᠦᠢᠴᠡᠳᠬᠡᠬᠦ ᠶᠢ | ᠴᠠᠭ ᠲᠤᠬᠠᠢ ᠳᠤᠨᠢ ᠰᠢᠮᠳᠠᠭᠤᠯᠤᠨ᠎ᠠ᠃ ᠣᠳᠣ ᠪᠣᠯᠲᠠᠯ᠎ᠠ᠂ ᠨᠢᠭᠡᠨᠲᠡ 12 ᠠᠰᠠᠭᠤᠳᠠᠯ ᠢ ᠰᠢᠢᠳᠪᠦᠷᠢᠯᠡᠵᠦ᠂ ᠶᠠᠭ 6 | ᠠᠰᠠᠭᠤᠳᠠᠯ ᠢ ᠰᠢᠢᠳᠪᠦᠷᠢᠯᠡᠵᠦ ᠪᠠᠶᠢᠨ᠎ᠠ᠃ | ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠴᠠᠭᠠᠵᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢ | ᠴᠢᠩᠭᠠᠷᠠᠭᠤᠯᠵᠤ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠢ ᠤᠯᠠᠮ ᠨᠢᠭᠡ ᠠᠯᠬᠤᠮ | ᠲᠦᠯᠬᠢᠨ ᠠᠬᠢᠭᠤᠯᠤᠨ᠎ᠠ | ᠬᠠᠤᠯᠢᠴᠢ ᠶᠢᠨ ᠠᠵᠤ ᠠᠬᠤᠶᠢᠯᠠᠯ ᠳᠤ ᠣᠷᠣᠬᠤ ᠲᠣᠭᠲᠠᠴᠠ ᠶᠢ ᠪᠠᠶᠢᠭᠤᠯᠵᠤ᠂ ︽ᠬᠠᠤᠯᠢᠴᠢ᠂ ᠦᠨᠳᠦᠰᠦᠨ | ᠱᠠᠲᠤᠨ ᠤ ᠬᠠᠤᠯᠢ ᠴᠠᠭᠠᠵᠠ ᠶᠢᠨ ᠠᠵᠢᠯᠲᠠᠳ ᠠᠵᠤ ᠠᠬᠤᠶᠢᠯᠠᠯ ᠢ ᠰᠤᠷᠪᠤᠯᠵᠢᠯᠠᠬᠤ︾ ᠵᠡᠷᠭᠡ ᠠᠵᠢᠯᠯᠠᠭ᠎ᠠ ᠶᠢ | ᠥᠷᠨᠢᠭᠦᠯᠵᠦ᠂ ᠠᠵᠤ ᠠᠬᠤᠶᠢᠯᠠᠯ ᠤᠨ ᠬᠠᠤᠯᠢ ᠴᠠᠭᠠᠵᠠ ᠶᠢᠨ ᠠᠶᠤᠯ ᠲᠦᠭᠰᠢᠭᠦᠷᠢ ᠶᠢ ᠬᠠᠳᠠᠭᠠᠯᠠᠵᠤ᠂ ᠬᠥᠳᠡᠯᠮᠦᠷᠢ | ᠠᠵᠢᠯᠲᠠᠨ ᠤ ᠶᠠᠪᠤᠳᠠᠯ ᠤᠨ ᠠᠵᠢᠯᠴᠢᠨ ᠬᠡᠷᠡᠭᠯᠡᠬᠦ᠂ ᠭᠡᠷ᠎ᠡ ᠶᠢᠨ ᠵᠢᠭᠤᠷᠠᠯᠳᠤᠭᠠᠨ ᠵᠡᠷᠭᠡ ᠲᠠᠯ᠎ᠠ ᠪᠠᠷ ᠲᠥᠷᠥ ᠶᠢᠨ | ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠪᠠ ᠬᠠᠤᠯᠢ ᠴᠠᠭᠠᠵᠠ ᠶᠢᠨ ᠤᠬᠠᠭᠤᠯᠭ᠎ᠠ ᠶᠢ ᠦᠷᠨᠢᠭᠦᠯᠦᠨ᠎ᠡ᠃ ᠦᠨ᠎ᠡ | ᠲᠥᠯᠥᠪᠦᠷᠢ ᠦᠭᠡᠢ ᠪᠠᠷ ᠠᠵᠤ ᠠᠬᠤᠶᠢᠯᠠᠯ ᠳᠤ ︽ᠬᠠᠤᠯᠢ ᠪᠠᠷ ᠵᠠᠰᠠᠬᠤ ᠪᠡᠶ᠎ᠡ ᠶᠢᠨ ᠪᠠᠶᠢᠴᠠᠭᠠᠯᠲᠠ︾ ᠬᠢᠵᠦ᠂ ᠬᠠᠤᠯᠢ | ᠴᠠᠭᠠᠵᠠ ᠶᠢᠨ ᠮᠠᠳᠠᠭ ᠲᠠᠢ ᠠᠰᠠᠭᠤᠳᠠᠯ ᠢ ᠨᠢᠭᠤᠷᠳᠠᠨ ᠲᠠᠶᠢᠯᠪᠤᠷᠢᠯᠠᠵᠤ᠂ ᠠᠵᠤ ᠠᠬᠤᠶᠢᠯᠠᠯ ᠤᠨ ᠬᠦᠰᠡᠯ | ᠱᠠᠭᠠᠷᠳᠠᠯᠭ᠎ᠠ ᠶᠢ ᠴᠤᠭᠯᠠᠭᠤᠯᠵᠤ᠂ ᠠᠵᠤ ᠠᠬᠤᠶᠢᠯᠠᠯ ᠢ ᠬᠠᠪᠰᠤᠷᠤᠨ ᠬᠠᠤᠯᠢ ᠴᠠᠭᠠᠵᠠ ᠶᠢᠨ ᠲᠠᠯ᠎ᠠ ᠪᠠᠷ ᠣᠷᠣᠰᠢᠵᠤ | ᠪᠠᠶᠢᠭ᠎ᠠ ᠠᠶᠤᠯ ᠲᠦᠭᠰᠢᠭᠦᠷᠢ ᠶᠢᠨ ᠭᠡᠮ ᠰᠣᠭᠤᠭ ᠢ ᠡᠮᠬᠢᠯᠡᠵᠦ᠂ ︽ᠡᠪᠡᠳᠴᠢᠨ ᠳᠤᠨᠢ ᠲᠠᠭᠠᠷᠠᠭᠤᠯᠤᠨ ᠡᠮ ᠥᠭᠬᠦ︾ | ᠳᠤ ᠴᠡᠭᠴᠡᠯᠡᠨ ᠰᠠᠶᠢᠵᠢᠷᠠᠭᠤᠯᠬᠤ ᠰᠠᠨᠠᠯ ᠪᠠ ᠰᠠᠨᠠᠭᠤᠯᠭ᠎ᠠ ᠳᠤᠷᠠᠳᠪᠠ᠃ ᠬᠠᠤᠯᠢᠴᠢ᠂ ᠦᠨᠳᠦᠰᠦᠨ ᠱᠠᠲᠤᠨ ᠤ | ᠬᠠᠤᠯᠢ ᠴᠠᠭᠠᠵᠠ ᠶᠢᠨ ᠠᠵᠢᠯᠲᠠᠳ ᠢ ᠵᠣᠬᠢᠶᠠᠨ ᠪᠠᠶᠢᠭᠤᠯᠤᠨ ᠠᠵᠤ ᠠᠬᠤᠶᠢᠯᠠᠯ ᠤᠨ ᠡᠯ᠎ᠡ ᠲᠥᠷᠥᠯ ᠤᠨ ᠭᠡᠷ᠎ᠡ ᠶᠢ | ᠬᠢᠨᠠᠨ ᠪᠠᠶᠢᠴᠠᠭᠠᠵᠤ᠂ ᠬᠡᠷᠡᠭᠵᠢᠭᠦᠯᠵᠦ ᠪᠣᠯᠬᠤᠶᠢᠴᠠ ︽ᠬᠠᠤᠯᠢ ᠴᠠᠭᠠᠵᠠ ᠶᠢᠨ ᠲᠦᠭᠰᠢᠭᠦᠷᠢ ᠶᠢᠨ ᠰᠠᠨᠠᠭᠤᠯᠤᠮᠵᠢ ᠶᠢᠨ | ᠵᠠᠬᠢᠳᠠᠯ︾ ᠪᠤᠶᠤ ︽ᠬᠠᠤᠯᠢ ᠴᠠᠭᠠᠵᠠ ᠶᠢᠨ ᠰᠠᠨᠠᠯ ᠤᠨ ᠪᠢᠴᠢᠭ︾ ᠢ ᠳᠤᠷᠠᠳᠴᠤ᠂ ᠠᠵᠤ ᠠᠬᠤᠶᠢᠯᠠᠯ ᠤᠨ ᠡᠷᠡᠭᠦᠯ ᠢᠶᠠᠷ | ᠬᠥᠭᠵᠢᠬᠦ ᠶᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ 2024 ᠣᠨ ᠳᠤ ᠬᠠᠤᠯᠢ ᠶᠢ ᠠᠵᠤ ᠠᠬᠤᠶᠢᠯᠠᠯ ᠳᠤ | ᠬᠦᠷᠭᠡᠬᠦ ᠠᠵᠢᠯᠯᠠᠭ᠎ᠠ ᠶᠢ 20 ᠭᠠᠷᠤᠢ ᠤᠳᠠᠭ᠎ᠠ᠂ ︽ᠬᠠᠤᠯᠢ ᠪᠠᠷ ᠵᠠᠰᠠᠬᠤ ᠪᠡᠶ᠎ᠡ ᠶᠢᠨ ᠪᠠᠶᠢᠴᠠᠭᠠᠯᠲᠠ︾ ᠶᠢᠨ ᠠᠵᠢᠯ ᠢ | 40 ᠭᠠᠷᠤᠢ ᠤᠳᠠᠭ᠎ᠠ ᠥᠷᠨᠢᠭᠦᠯᠵᠦ᠂ 300 ᠭᠠᠷᠤᠢ ᠬᠠᠤᠯᠢ ᠴᠠᠭᠠᠵᠠ ᠶᠢᠨ ᠰᠠᠨᠠᠯ ᠳᠤᠷᠠᠳᠴᠠᠢ᠃ | | | |