ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠨᠡᠶᠢᠭᠡᠮ ᠤᠨ ᠪᠠᠲᠤᠯᠠᠭ᠎ᠠ ᠶᠢ ᠠᠬᠢᠭᠤᠯᠵᠤ᠂ ᠨᠡᠶᠢᠭᠡᠮ ᠤᠨ | ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠪᠠ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠠᠷᠭ᠎ᠠ | ᠬᠡᠮᠵᠢᠶ᠎ᠡ ᠶᠢ ᠭᠦᠨᠵᠡᠭᠡᠢ ᠤᠬᠠᠭᠤᠯᠬᠤ ᠶᠢᠨ ᠲᠥᠯᠥᠭᠡ᠂ 11 ᠰᠠᠷ᠎ᠠ ᠶᠢᠨ 15 ᠤ ᠡᠳᠦᠷ᠂ ᠴᠢᠩᠱᠠᠨ ᠲᠣᠭᠤᠷᠢᠭ ᠤᠨ | ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠪᠣᠯᠤᠨ ᠴᠢᠩᠱᠠᠨ ᠲᠣᠭᠤᠷᠢᠭ ᠤᠨ | ᠠᠵᠢᠯ ᠠᠴᠠ ᠪᠠᠨ ᠠᠮᠠᠷᠠᠭᠰᠠᠳ ᠤᠨ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠲᠥᠪ ︽ᠴᠢᠩᠱᠠᠨ | ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ︾ ᠶᠢᠨ ᠲᠢᠭ᠋ ᠲᠤᠭ ᠳᠤ | ᠲᠦᠰᠢᠭᠯᠡᠵᠦ᠂ ᠬᠠᠮᠲᠤ ᠪᠠᠷ ᠭᠠᠷ ᠬᠤᠯᠪᠣᠨ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠬᠦ ᠠᠵᠢᠯ ᠢ ᠥᠷᠨᠢᠭᠦᠯᠵᠦ᠂ | ᠴᠢᠩᠱᠠᠨ ᠲᠣᠭᠤᠷᠢᠭ ᠤᠨ 2024 ᠣᠨ ᠤ ᠨᠡᠶᠢᠭᠡᠮ ᠤᠨ ᠳᠠᠭᠠᠳᠬᠠᠯ ᠤᠨ ᠲᠦᠮᠡᠨ ᠡᠷᠦᠬᠡ ᠳᠤ ᠣᠷᠣᠬᠤ | ᠠᠵᠢᠯᠯᠠᠭ᠎ᠠ ᠶᠢᠨ ᠬᠥᠰᠢᠭᠡ ᠶᠢ ᠡᠬᠢᠯᠡᠭᠦᠯᠪᠡ᠃ | ᠰᠢᠭᠤᠳ ᠨᠡᠪᠲᠡᠷᠡᠭᠦᠯᠬᠦ ᠶᠠᠪᠤᠴᠠ ᠳᠤ᠂ ᠠᠵᠢᠯᠲᠠᠳ ᠳᠠᠭᠠᠳᠬᠠᠯ ᠳᠤ ᠣᠷᠣᠯᠴᠠᠬᠤ ᠳᠡᠩᠰᠡᠯᠡᠯᠲᠡ᠂ | ᠬᠠᠷᠠᠭᠠᠯᠵᠠᠯ ᠢ ᠲᠥᠰᠦᠭᠡᠯᠡᠨ ᠪᠤᠳᠤᠬᠤ᠂ ᠬᠠᠷᠠᠭᠠᠯᠵᠠᠯ ᠢ ᠭᠤᠶᠤᠴᠢᠯᠠᠨ ᠠᠪᠬᠤ᠂ ᠨᠡᠶᠢᠭᠡᠮ ᠤᠨ ᠪᠠᠲᠤᠯᠠᠭ᠎ᠠ ᠶᠢᠨ | ᠬᠠᠷᠢᠴᠠᠭ᠎ᠠ ᠶᠢ ᠰᠢᠯᠵᠢᠭᠦᠯᠦᠨ ᠵᠠᠯᠭᠠᠭᠤᠯᠬᠤ᠂ ᠠᠵᠢᠯ ᠠᠴᠠ ᠪᠠᠨ ᠠᠮᠠᠷᠠᠬᠤ ᠶᠢ ᠬᠤᠶᠢᠰᠢᠯᠠᠭᠤᠯᠬᠤ᠂ ᠰᠠᠭᠤᠷᠢ | ᠮᠥᠩᠭᠦ ᠶᠢᠨ ᠠᠮᠤᠷ ᠲᠦᠪᠰᠢᠨ ᠵᠡᠷᠭᠡ ᠣᠯᠠᠨ ᠲᠦᠮᠡᠨ ᠤ ᠠᠩᠬᠠᠷᠴᠤ ᠪᠠᠶᠢᠭ᠎ᠠ ᠨᠡᠶᠢᠭᠡᠮ ᠤᠨ ᠪᠠᠲᠤᠯᠠᠭ᠎ᠠ ᠶᠢᠨ | ᠬᠠᠯᠠᠮᠰᠢᠯ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠣᠶᠢᠯᠠᠭᠠᠵᠤ ᠳᠡᠶᠢᠯᠬᠦ︾᠂ ︽ᠪᠤᠳᠤᠵᠤ ᠲᠠᠶᠢᠯᠬᠤ︾ | ᠰᠦᠯᠵᠢᠶᠡᠨ ᠳᠡᠭᠡᠷᠡᠬᠢ ᠨᠡᠶᠢᠭᠡᠮ ᠤᠨ ᠪᠠᠲᠤᠯᠠᠭ᠎ᠠ ᠶᠢᠨ ᠲᠥᠰᠦᠭᠡᠯᠡᠨ ᠪᠤᠳᠤᠬᠤ ᠦᠢᠯᠡᠴᠢᠯᠡᠭᠡ ᠶᠢ ᠥᠷᠨᠢᠭᠦᠯᠵᠦ᠂ | ᠲᠥᠷᠥ ᠶᠢᠨ ᠪᠣᠳᠣᠯᠭ᠎ᠠ ᠶᠢ ᠨᠢᠭᠤᠷᠳᠠᠨ ᠲᠠᠶᠢᠯᠪᠤᠷᠢᠯᠠᠵᠤ᠂ ︽ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠵᠤ᠂ | ᠬᠥᠮᠦᠨ ᠪᠦᠬᠦᠨ ᠠᠰᠢᠭ ᠭᠥᠷᠳᠡᠬᠦ︾ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠶ ᠪᠣᠶ ᠪᠣᠯᠭᠠᠵᠤ᠂ | ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠨᠥᠯᠥᠭᠡᠯᠡᠬᠦ ᠬᠦᠴᠦᠨ ᠢ ᠪᠥᠬᠦ ᠬᠦᠴᠦᠨ ᠢᠶᠠᠷ ᠢᠶᠠᠨ | ᠥᠷᠭᠡᠳᠬᠡᠵᠦ᠂ ᠣᠯᠠᠨ ᠲᠦᠮᠡᠨ ᠪᠠ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠵᠠᠶ ᠶᠢ | ᠣᠶᠢᠷᠠᠲᠤᠭᠤᠯᠵᠤ᠂ ᠣᠯᠠᠨ ᠲᠦᠮᠡᠨ ᠳᠤ ᠬᠠᠮᠤᠭ ᠤᠨ ᠬᠠᠯᠠᠭᠤᠨ ᠳᠤᠯᠠᠭᠠᠨ ᠬᠠᠨᠢ ᠨᠥᠬᠦᠷᠯᠡᠯ ᠢ ᠬᠦᠷᠭᠡᠪᠡ᠃ | ᠪᠦᠷᠢᠳᠬᠡᠯ ᠢ ᠦᠨᠳᠦᠰᠦᠯᠡᠪᠡᠯ᠂ ᠲᠣᠰ ᠲᠠᠯᠠᠪᠠᠶ ᠶᠢᠨ ᠰᠢᠭᠤᠳ ᠨᠡᠪᠲᠡᠷᠡᠭᠦᠯᠭᠡ ᠶᠢ ᠦᠵᠡᠭᠰᠡᠨ ᠬᠥᠮᠦᠨ ᠤ | ᠲᠤᠭ᠎ᠠ ᠨᠡᠶᠢᠲᠡ 3000 ᠭᠠᠷᠤᠶ ᠬᠥᠮᠦᠨ ᠤᠳᠠᠭ᠎ᠠ ᠳᠤ ᠬᠦᠷᠴᠦ᠂ ᠲᠤᠬᠠᠶ ᠶᠢᠨ ᠲᠠᠯᠠᠪᠤᠷ ᠲᠤ 200 ᠭᠠᠷᠤᠶ | ᠠᠰᠠᠭᠤᠯᠲᠠ ᠬᠠᠷᠢᠭᠤᠯᠵᠤ᠂ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠢ ᠬᠡᠷ ᠠᠴᠠ ᠪᠠᠨ ᠭᠠᠷᠬᠤ ᠥᠬᠡᠶ ᠪᠠᠷ | ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠣᠶᠢᠯᠠᠭᠠᠭᠤᠯᠵᠤ᠂ ᠦᠢᠯᠡᠴᠢᠯᠡᠭᠡ ᠶᠢ ᠦᠨᠡᠨ ᠬᠦ ᠣᠯᠠᠨ | ᠲᠦᠮᠡᠨ ᠤ ᠳᠡᠷᠭᠡᠳᠡ ᠬᠦᠷᠭᠡᠵᠦ᠂ ᠰᠡᠳᠬᠢᠯ ᠬᠠᠨᠤᠮᠵᠢᠲᠠᠶ ᠪᠠᠶᠢᠬᠤ ᠶᠢ ᠣᠯᠠᠨ ᠲᠦᠮᠡᠨ ᠤ ᠰᠡᠳᠬᠢᠯ ᠳᠤ | ᠬᠠᠳᠠᠩᠰᠢᠭᠤᠯᠵᠠᠶ᠃ | ᠤᠢᠢᠷ᠎ᠠ ᠶᠢᠨ ᠵᠢᠯ ᠠᠴᠠ᠂ ᠴᠢᠩᠱᠠᠨ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠦᠢᠯᠡᠰ ᠤᠨ | ᠦᠢᠯᠡᠴᠢᠯᠡᠭᠡᠨ ᠤ ᠲᠥᠪ ᠨᠢ ᠠᠵᠤ ᠠᠬᠤᠶᠢᠯᠠᠯ᠂ ᠤᠯᠠᠨ ᠲᠦᠮᠡᠨ ᠤ ᠨᠡᠶᠢᠭᠡᠮ ᠤᠨ ᠳᠠᠭᠠᠳᠬᠠᠯ ᠤᠨ ᠳᠥᠭᠦᠮ ᠳᠥᠲᠡ | ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠶᠡᠷᠦᠩᠬᠡᠶᠢᠯᠡᠭᠰᠡᠨᠴᠤᠩᠬᠤᠪᠴᠢ ᠶᠢᠨ ᠳᠦᠷᠢᠮ ᠤᠨ | ᠦᠢᠯᠡᠴᠢᠯᠡᠭᠡᠨ ᠤ ᠵᠠᠭᠪᠤᠷ ᠢ ᠦᠷᠭᠦᠯᠵᠢᠯᠡᠨ ᠬᠡᠷᠡᠭᠵᠢᠭᠦᠯᠵᠦ᠂ ︽ᠠᠮᠢᠳᠤᠯᠢᠭ ᠢᠶᠠᠷ ᠠᠵᠢᠯ ᠣᠯᠭᠤᠬᠤ︾ ︽ᠠᠵᠢᠯᠲᠠᠨ | ᠠᠵᠢᠯᠴᠢᠨ ᠨᠢᠭᠡ ᠶᠠᠪᠤᠳᠠᠯ︾᠂ ︽ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠪᠠᠷ ᠮᠡᠳᠡᠭᠦᠯᠦᠭᠰᠡᠨ ᠨᠢᠭᠡ | ᠶᠠᠪᠤᠳᠠᠯ︾᠂ ︽ᠠᠵᠢᠯ ᠠᠴᠠ ᠪᠠᠨ ᠠᠮᠠᠷᠠᠭᠰᠠᠨ ᠨᠢᠭᠡ ᠶᠠᠪᠤᠳᠠᠯ︾᠂ ︽ᠰᠡᠭᠦᠯᠴᠢ ᠶᠢᠨ ᠨᠢᠭᠡ ᠶᠠᠪᠤᠳᠠᠯ︾ ᠵᠡᠷᠭᠡ | ᠨᠡᠶᠢᠭᠡᠮ ᠤᠨ ᠳᠠᠭᠠᠳᠬᠠᠯ ᠤᠨ ᠦᠢᠯᠡᠴᠢᠯᠡᠭᠡᠨ ᠤ ᠲᠦᠷᠦᠯ ᠲᠡᠮᠳᠡᠭ ᠢ ᠢᠳᠡᠪᠬᠢᠲᠡᠢ ᠪᠤᠢ ᠪᠣᠯᠭᠠᠨ᠎ᠠ︔ ᠨᠡᠶᠢᠭᠡᠮ ᠤᠨ | ᠪᠠᠩᠬᠢ ᠶᠢᠨ ᠬᠠᠮᠲᠤᠷᠠᠯᠴᠠᠭ᠎ᠠ ᠶᠢ ᠬᠦᠴᠦᠯᠡᠨ ᠴᠢᠩᠭᠠᠳᠬᠠᠵᠤ᠂ ᠬᠤᠳᠠ ᠶᠢᠨ ᠠᠷᠠᠳ ᠤᠨ ᠶᠡᠭᠡ ᠲᠢᠩᠬᠢᠮ ᠤᠨ | ᠨᠡᠶᠢᠭᠡᠮ ᠤᠨ ᠳᠠᠭᠠᠳᠬᠠᠯ ᠤᠨ ᠺᠠᠷᠲ ᠤᠨ ᠦᠢᠯᠡᠴᠢᠯᠡᠭᠡᠨ ᠤ ᠦᠷᠳᠡᠭᠡ ᠴᠡᠭ ᠪᠣᠯᠤᠨ ᠪᠠᠩᠬᠢ ᠶᠢᠨ ᠨᠡᠶᠢᠭᠡᠮ ᠤᠨ | ᠳᠠᠭᠠᠳᠬᠠᠯ ᠤᠨ ᠦᠢᠯᠡᠴᠢᠯᠡᠭᠡᠨ ᠤ ᠲᠣᠣᠷ ᠴᠡᠭ ᠢ ᠪᠠᠶᠢᠭᠤᠯᠵᠤ᠂ ᠨᠡᠶᠢᠭᠡᠮ ᠤᠨ ᠪᠠᠲᠤᠯᠠᠭ᠎ᠠ ᠶᠢᠨ ᠺᠠᠷᠲ ᠢ | ︽ᠳᠠᠷᠦ᠋ᠢᠬᠠᠨ ᠭᠦᠢᠴᠡᠳᠬᠡᠬᠦ︾᠂ ︽ᠤᠢᠢᠷ᠎ᠠ ᠬᠠᠪᠢ ᠳᠤᠨᠢ ᠭᠦᠢᠴᠡᠳᠬᠡᠬᠦ︾ ᠶᠢ ᠪᠡᠶᠡᠯᠡᠭᠦᠯᠪᠡ︔ ᠬᠠᠷᠢᠶ᠎ᠠ ᠲᠣᠭᠤᠷᠢᠭ ᠤᠨ | ᠵᠡᠭᠡᠯᠢ ᠪᠠᠯᠭᠠᠰᠤ ᠶᠢᠨ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠲᠠᠢ ᠬᠠᠮᠲᠤᠷᠠᠨ ᠶᠡᠷᠦᠩᠬᠡᠶᠢᠯᠡᠭᠰᠡᠨ | ᠴᠤᠩᠬᠤᠪᠴᠢ ᠪᠠᠶᠢᠭᠤᠯᠵᠤ᠂ ︽ᠬᠠᠮᠲᠤᠪᠠᠷ ᠬᠢᠨᠠᠨ ᠬᠠᠷᠭᠤᠭᠤᠯᠵᠤ ᠨᠢᠭᠡᠳᠦᠯᠲᠡᠢ ᠭᠦᠢᠴᠡᠳᠬᠡᠬᠦ︾ ᠬᠤᠳᠠ | ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ᠬᠠᠮᠲᠤᠪᠠᠷ ᠬᠢᠨᠠᠨ | ᠵᠥᠪᠯᠡᠪᠡ᠃ ᠨᠢᠭᠡ ᠵᠦᠢᠯ ᠤᠨ ᠥᠭᠡᠷᠡᠴᠢᠯᠡᠯᠲᠡ ᠪᠠ ᠰᠢᠨ᠎ᠡ ᠡᠭᠦᠳᠦᠯᠲᠡ ᠶᠢ ᠴᠢᠩᠭᠠᠳᠬᠠᠵᠤ᠂ ᠨᠡᠶᠢᠭᠡᠮ ᠤᠨ | ᠪᠠᠲᠤᠯᠠᠭ᠎ᠠ ᠶᠢᠨ ᠲᠥᠪ ᠤᠨ ︽ᠨᠢᠭᠡ ᠡᠭᠦᠳᠡ ᠨᠢᠭᠡ ᠰᠦᠯᠵᠢᠶ᠎ᠡ︾ ᠶᠢᠨ ᠪᠠᠶᠢᠭᠤᠯᠤᠯᠲᠠ ᠶᠢ ᠴᠢᠩᠭᠠᠳᠬᠠᠵᠤ᠂ | ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠶᠢ ᠬᠠᠮᠵᠢᠯᠴᠠᠨ ᠭᠦᠶ᠋ᠴᠡᠳᠬᠡᠬᠦ᠂ ᠨᠡᠶᠢᠭᠡᠮ ᠤᠨ | ᠪᠠᠲᠤᠯᠠᠭ᠎ᠠ ᠶᠢᠨ ᠡᠷᠬᠡ ᠠᠰᠢᠭ ᠢ ᠰᠡᠳᠬᠢᠯ ᠲᠠᠯᠪᠢᠨ ᠪᠠᠶᠢᠴᠠᠭᠠᠬᠤ᠂ ᠠᠵᠢᠯ ᠠᠴᠠ ᠪᠠᠨ ᠠᠮᠠᠷᠠᠭᠰᠠᠨ ᠵᠦᠢᠯᠡᠰ ᠢ | ᠥᠨᠳᠥᠷ ᠪᠦᠲᠦᠮᠵᠢᠲᠡᠶ ᠪᠠᠷ ᠭᠦᠢᠴᠡᠳᠭᠡᠬᠦ᠂ ᠡᠯᠧᠺᠲᠷᠤᠨ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠴᠠᠭ | ᠲᠤᠬᠠᠶ ᠳᠤᠨᠢ ᠠᠪᠬᠤ᠂ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠶᠢ ᠣᠶᠢᠷ᠎ᠠ ᠬᠠᠪᠢ ᠳᠤᠨᠢ ᠭᠦᠢᠴᠡᠳᠭᠡᠬᠦ ᠶᠢ | ᠪᠡᠶᠡᠯᠡᠭᠦᠯᠵᠦ᠂ ᠠᠵᠢᠯ ᠶᠠᠪᠤᠳᠠᠯ ᠭᠦᠢᠴᠡᠳᠭᠡᠬᠦ ᠠᠵᠤ ᠠᠬᠤᠶᠢᠯᠠᠯ ᠪᠠ ᠣᠯᠠᠨ ᠲᠦᠮᠡᠨ ᠳᠤ ︽ᠢᠵᠢ ᠦᠢᠯᠡᠴᠢᠯᠡᠭᠡᠨ︾ | ᠤ ᠦᠢᠯᠡᠴᠢᠯᠡᠭᠡ ᠬᠠᠩᠭᠠᠪᠠ᠃ | ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠨᠢ ᠲᠦᠭ ᠲᠦᠮᠡᠨ ᠠᠶᠢᠯ ᠡᠷᠦᠬᠡ ᠲᠠᠢ | ᠬᠤᠯᠪᠣᠭᠳᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠢ ᠬᠤᠯᠪᠣᠭᠳᠠᠨ᠎ᠠ᠃ ᠳᠠᠷᠠᠭᠠᠴᠢ ᠶᠢᠨ ᠠᠯᠬᠤᠮ ᠳᠤ᠂ | ᠴᠢᠩᠱᠠᠨ ᠲᠣᠭᠤᠷᠢᠭ ᠤᠨ ᠨᠡᠶᠢᠭᠡᠮ ᠤᠨ ᠪᠠᠲᠤᠯᠠᠭ᠎ᠠ ᠶᠢᠨ ᠲᠥᠪ ᠠᠴᠠ ᠨᠡᠶᠢᠭᠡᠮ ᠲᠣᠭᠤᠷᠢᠭ᠂ ᠠᠵᠤ ᠠᠬᠤᠶᠢᠯᠠᠯ᠂ | ᠬᠤᠳᠠᠯᠳᠤᠭᠠᠨ ᠤ ᠲᠣᠭᠤᠷᠢᠭ᠂ ᠬᠥᠳᠡᠭᠡ ᠲᠣᠰᠬᠤᠨ ᠳᠤ ᠭᠦᠨᠵᠡᠭᠡᠶᠢᠷᠡᠵᠦ᠂ ᠨᠡᠶᠢᠭᠡᠮ ᠤᠨ ᠪᠠᠲᠤᠯᠠᠭ᠎ᠠ ᠶᠢᠨ ᠠᠯᠢ | ᠤᠯᠠᠨ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠤᠯᠠᠨ ᠲᠦᠮᠡᠨ ᠤ ᠳᠠᠭᠤᠨ ᠢ | ᠰᠡᠳᠬᠢᠯ ᠲᠠᠯᠪᠢᠨ ᠰᠣᠨᠣᠰᠴᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠬᠠᠶᠢᠷ᠎ᠠ ᠰᠡᠳᠬᠢᠯᠭᠡ ᠲᠠᠢ ᠪᠠᠷ | ᠬᠠᠷᠢᠭᠤᠯᠲᠠ ᠥᠭᠴᠦ᠂ ᠤᠯᠠᠨ ᠲᠦᠮᠡᠨ ᠤ ︽ᠤᠯᠠᠨ ᠲᠤᠰᠢᠶᠠᠪᠠᠯ ᠢᠯᠡᠭᠦᠦ ᠣᠯᠵᠤ᠂ ᠤᠷᠳᠤ ᠲᠤᠰᠢᠶᠠᠪᠠᠯ ᠢᠯᠡᠭᠦᠦ | ᠣᠯᠵᠤ᠂ ᠣᠷᠣᠢ ᠪᠤᠴᠠᠭᠠᠪᠠᠯ ᠢᠯᠡᠭᠦᠦ ᠣᠯᠬᠤ︾ ᠲᠦᠷᠦ ᠶᠢᠨ ᠪᠤᠳᠤᠯᠭ᠎ᠠ ᠶᠢᠨ ᠠᠰᠢᠭ ᠲᠤᠰᠠ ᠶᠢ ᠡᠳ᠋ᠯᠡᠬᠦ ᠶᠢ | ᠠᠬᠢᠭᠤᠯᠵᠤ᠂ ᠤᠯᠠᠨ ᠲᠦᠮᠡᠨ ᠳᠤ ᠨᠢᠭᠡ ᠨᠠᠰᠤᠨ ᠤ ᠰᠠᠬᠢᠨ ᠬᠠᠮᠠᠭᠠᠯᠠᠯᠲᠠ ᠶᠢ ᠠᠪᠴᠢᠷᠠᠵᠤ ᠥᠭᠭᠦᠨ᠎ᠡ᠃ | | | |