ᠳ᠋ᠢᠩ ᠺᠠᠶ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/19
      11 ᠰᠠᠷ᠎ᠠ ᠶᠢᠨ 14 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠳ᠋ᠢᠩ ᠺᠠᠶ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠪᠧᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠪᠠ ᠮᠤᠵᠢ ᠶᠠᠮᠤᠨ ᠤ ᠲᠡᠰ ᠤᠨ ᠭᠤᠣᠯ ᠤᠳᠤᠷᠢᠳᠬᠤ ᠺᠠᠳ᠋ᠷ ᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠵᠢᠯᠣᠭᠤᠳᠬᠤ ᠦᠵᠡᠯ ᠰᠠᠨᠠᠭ᠎ᠠ᠂ ᠶᠡᠷᠦᠩᠬᠡᠶ ᠬᠠᠷᠠᠯᠲᠠ᠂ ᠴᠢᠬᠤᠯᠠ ᠶᠡᠭᠡ ᠵᠠᠷᠴᠢᠮ᠂ ᠰᠢᠨᠵᠢᠯᠡᠬᠦ ᠤᠬᠠᠭᠠᠨᠴᠢ ᠠᠷᠭ᠎ᠠ ᠶᠢ ᠭᠦᠨᠵᠡᠭᠡᠶ ᠡᠵᠡᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠨᠠᠷᠢᠰᠬᠠᠭᠰᠠᠨ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠲᠠᠢ ᠨᠢᠭᠲᠠ ᠤᠶᠠᠯᠳᠤᠭᠤᠯᠤᠨ᠂ ᠭᠠᠵᠠᠷ ᠣᠷᠣᠨ ᠤ ᠪᠣᠳᠠᠲᠠᠶ ᠳᠤ ᠰᠠᠭᠤᠷᠢᠯᠠᠵᠤ᠂ ᠭᠤᠤᠯᠳᠠᠯᠭ᠎ᠠ ᠲᠠᠢ ᠠᠵᠤ ᠦᠢᠯᠡᠰ ᠤᠨ ᠪᠦᠯᠦᠭᠵᠢᠯ ᠤᠨ ᠪᠠᠶᠢᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠪᠠ ᠠᠮᠢᠳᠤᠯᠢᠭᠵᠢᠭᠤᠯᠤᠨ ᠠᠰᠢᠭᠯᠠᠬᠤ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠶ᠃ ᠣᠨ ᠤ ᠬᠠᠷᠠᠯᠲᠠ ᠡᠭᠦᠷᠭᠡ ᠲᠠᠢ ᠬᠠᠷᠢᠴᠠᠭᠤᠯᠵᠤ᠂ ᠠᠯᠳᠠᠭᠳᠠᠯ ᠢ ᠪᠠᠶᠢᠴᠠᠭᠠᠨ ᠳᠤᠲᠠᠭᠤ ᠶᠢ ᠨᠦᠬᠦᠪᠦᠷᠢᠯᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠭᠦᠢᠴᠡᠳᠬᠡᠯ ᠲᠤᠭ᠎ᠠ ᠶᠢ ᠲᠤᠬᠢᠷᠠᠭᠤᠯᠬᠤ᠂ ᠣᠷᠣᠯᠭ᠎ᠠ ᠶᠢ ᠨᠡᠮᠡᠭᠳᠡᠭᠦᠯᠦᠨ ᠥᠷᠢ ᠥᠭᠴᠡᠭᠡ ᠶᠢ ᠠᠷᠢᠯᠭᠠᠬᠤ᠂ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠰᠤᠷᠤᠯᠴᠠᠨ ᠲᠤᠭᠤᠰᠢᠯᠠᠭᠤᠯᠤᠭᠰᠠᠨ ᠦᠷ᠎ᠡ ᠪᠦᠲᠦᠮᠵᠢ ᠶᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠤ ᠦᠷ᠎ᠡ ᠪᠦᠲᠦᠮᠵᠢ ᠳᠡᠭᠡᠷ᠎ᠡ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃      ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠨᠡᠶᠢᠭᠡᠮ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠲᠥᠪ ᠤᠨ ᠨᠡᠶᠢᠭᠡᠮ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠲᠤᠭᠤᠷᠢᠭ ᠤᠨ ᠨᠡᠶᠢᠭᠡᠮ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠲᠥᠪ ᠤᠨ ᠨᠡᠶᠢᠭᠡᠮ ᠤᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠤᠨ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠨᠡᠶᠢᠭᠡᠮ ᠤᠨ ᠠᠵᠢᠯ ᠤᠨ ᠪᠠᠶᠢᠭᠤᠯᠤᠮᠵᠢ ᠲᠣᠭᠲᠠᠴᠠ ᠶᠢ ᠤᠯᠠᠮ ᠴᠢᠨᠠᠭᠰᠢᠳᠠ ᠪᠦᠷᠢᠨᠰᠢᠬᠦᠯᠵᠤ᠂ ︽ᠬᠤᠶᠠᠷ ᠠᠵᠤ ᠠᠬᠤᠶᠢᠯᠠᠯ ᠭᠤᠷᠪᠠᠨ ᠰᠢᠨ᠎ᠡ︾ ᠪᠣᠯᠤᠨ ᠠᠵᠢᠯ ᠲᠦᠷᠦᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠨᠠᠮ ᠤᠨ ᠪᠠᠶᠢᠭᠤᠯᠤᠯᠲᠠ ᠶᠢ ᠲᠤᠪᠤᠶᠢᠮ᠎ᠠ ᠰᠠᠶᠢᠲᠤᠷ ᠠᠳᠬᠤᠵᠤ᠂ ᠤᠯᠠᠨ ᠲᠦᠮᠡᠨ ᠢ ᠨᠢᠭᠲᠠᠷᠠᠭᠤᠯᠬᠤ ᠪᠠ ᠦᠢᠯᠡᠴᠢᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠢᠨ᠎ᠡ ᠴᠠᠭ ᠦᠶ᠎ᠡ ᠶᠢᠨ ᠨᠡᠶᠢᠭᠡᠮ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ 10 ᠰᠠᠷ᠎ᠠ ᠶᠢᠨ 28 ᠤ ᠡᠳᠦᠷ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠠᠪᠤᠳᠤᠭᠠᠷ ᠡᠭᠡᠯᠵᠢ ᠶᠢᠨ ᠴᠢᠩᠱᠠᠨ ᠲᠣᠭᠤᠷᠢᠭ ᠢ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠤᠨ ᠲᠤᠬᠠᠶ ᠮᠡᠳᠡᠭᠦᠯᠦᠯᠲᠡ︾ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠶᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠠᠰ ᠳᠡᠪᠰᠢᠭᠦᠯᠦᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠤᠳᠤᠯᠤᠨ ᠬᠢᠨᠠᠨ ᠵᠥᠪᠯᠡᠪᠡ᠃ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠢᠮᠠᠭᠲᠠ ᠴᠢᠩᠭ᠎ᠠ ᠠᠳᠬᠤᠵᠤ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠶᠢ ᠲᠤᠪᠤᠶᠢᠮ᠎ᠠ ᠪᠠᠶᠢᠷᠢᠨ ᠳᠤ ᠲᠠᠯᠪᠢᠵᠤ᠂ ᠴᠢᠩᠭ᠎ᠠ ᠠᠳᠬᠤᠵᠤ᠂ ᠠᠰᠠᠭᠤᠳᠠᠯ ᠢ ᠰᠢᠢᠳᠪᠦᠷᠢᠯᠡᠬᠦ ᠦᠭᠡᠢ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠦᠭᠡᠢ ᠪᠣᠯ ᠦᠷᠭᠦᠯᠵᠢᠯᠡᠨ ᠬᠢᠬᠦ᠂ ᠲᠣᠭᠤᠷᠢᠨ ᠪᠠᠶᠢᠴᠠᠭᠠᠬᠤ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠥᠨᠳᠥᠷ ᠪᠠᠷᠢᠮᠵᠢᠶ᠎ᠠ ᠥᠨᠳᠥᠷ ᠦᠷ᠎ᠡ ᠪᠦᠲᠦᠮᠵᠢᠲᠡᠢ ᠴᠢᠨᠠᠷ ᠰᠠᠶᠢᠲᠠᠢ ᠡᠷᠡᠰ ᠬᠦᠴᠦᠲᠡᠢ ᠰᠠᠶᠢᠲᠤᠷ ᠪᠡᠶᠡᠯᠡᠭᠦᠯᠬᠦ ᠬᠡᠷᠡᠭᠲᠡᠢ᠃ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠶᠢ ᠪᠠᠷᠢᠮᠲᠠᠯᠠᠵᠤ᠂ ︽ᠣᠳᠣᠬᠠᠨ ᠳᠤ ᠥᠭᠡᠷᠡᠴᠢᠯᠡᠬᠦ︾ ᠪᠠ ︽ᠤᠷᠳᠤ ᠬᠤᠭᠤᠴᠠᠭ᠎ᠠ ᠪᠠᠷ ᠪᠠᠶᠢᠭᠤᠯᠬᠤ︾ ᠶᠢ ᠤᠶᠠᠯᠳᠤᠭᠤᠯᠵᠤ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠭᠦᠨᠵᠡᠭᠡᠶᠢᠷᠡᠭᠦᠯᠵᠦ᠂ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠦᠨᠡᠨᠬᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ‌‍ᠭᠡᠵᠦ ᠴᠢᠬᠤᠯᠠᠴᠢᠯᠠᠪᠠ᠃      ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠶᠠᠪᠤᠳᠠᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠠᠷᠪᠠᠨ ᠲᠠᠪᠤᠳᠤᠭᠠᠷ ᠤᠳᠠᠭ᠎ᠠ ᠶᠢᠨ ᠪᠥᠬᠦ ᠤᠯᠤᠰ ᠤᠨ ᠠᠷᠠᠳ ᠤᠨ ᠶᠠᠪᠤᠳᠠᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ︽ᠦᠨᠳᠦᠷ ᠨᠠᠰᠤᠲᠠᠶᠢᠴᠤᠳ︾  ᠤᠨ ᠰᠠᠶᠢᠨ ᠳᠤᠷ᠎ᠠ ᠶᠢᠨ ᠠᠵᠢᠯᠯᠠᠭᠴᠢ ᠶᠢᠨ ᠲᠥᠯᠥᠭᠡᠯᠡᠭᠴᠢ ᠳᠤ ᠥᠭᠭᠦᠭᠰᠡᠨ ᠴᠢᠬᠤᠯᠠ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠲᠤᠭᠤᠷᠢᠭ ᠤᠨ ᠠᠷᠠᠳ ᠤᠨ ᠶᠠᠪᠤᠳᠠᠯ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠤᠳᠠ ᠶᠢᠨ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ᠂ ᠡᠮ ᠡᠮᠨᠡᠯᠭᠡ᠂ ᠰᠣᠶᠣᠯ ᠤᠨ ︽ᠭᠤᠷᠪᠠᠨ ᠥᠨᠳᠦᠷᠯᠢᠭ︾ ᠲᠤ ᠦᠢᠯᠡᠴᠢᠯᠡᠬᠦ ᠪᠠ ᠠᠭᠤᠰᠤᠯᠴᠠᠬᠤ ᠲᠠᠢ ᠤᠶᠠᠯᠳᠤᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠪᠠᠶᠢᠭᠤᠯᠤᠯᠲᠠ ᠶᠢ ᠴᠢᠩᠭᠠᠳᠬᠠᠵᠤ᠂ ︽ᠨᠠᠰᠤᠲᠠᠨ ᠪᠠ ᠬᠡᠤᠬᠡᠳ︾  ᠤᠨ ᠦᠢᠯᠡᠰ ᠢ ᠶᠡᠬᠡᠪᠡᠷ ᠬᠥᠭᠵᠢᠭᠦᠯᠵᠦ᠂ ︽ᠠᠵᠤ ᠠᠬᠤᠶᠢᠯᠠᠯ ᠠᠴᠠ ᠬᠡᠷᠡᠭᠴᠡᠭᠡ ᠱᠠᠭᠠᠷᠳᠠᠯᠭ᠎ᠠ ᠶᠢ ᠠᠰᠠᠭᠤᠵᠤ᠂ ᠤᠯᠠᠨ ᠲᠦᠮᠡᠨ ᠠᠴᠠ ᠬᠦᠰᠡᠯ ᠱᠠᠭᠠᠷᠳᠠᠯᠭ᠎ᠠ ᠶᠢ ᠠᠰᠠᠭᠤᠬᠤ︾᠂ ︽ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠨ᠎ᠡ ᠪᠠᠷ ᠨᠡᠮᠡᠭᠳᠡᠭᠦᠯᠬᠦ︾᠂ ᠰᠠᠭᠤᠭᠠᠯᠢ ᠬᠠᠭᠤᠴᠢᠨ ᠲᠣᠭᠤᠷᠢᠭ ᠢ ᠥᠭᠡᠷᠡᠴᠢᠯᠡᠨ ᠰᠢᠨᠡᠳᠬᠡᠵᠦ ︽ᠡᠷᠬᠢᠨ ᠬᠠᠷᠠᠬᠤ︾ ᠲᠤᠰᠬᠠᠢ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠨᠡᠶᠢᠭᠡᠮ ᠤᠨ ᠠᠪᠤᠷᠠᠨ ᠲᠤᠰᠠᠯᠠᠯᠲᠠ᠂ ᠨᠡᠶᠢᠭᠡᠮ ᠤᠨ ᠠᠰᠠᠷᠠᠮᠵᠢ᠂ ᠨᠡᠶᠢᠭᠡᠮ ᠤᠨ ᠬᠡᠷᠡᠭ ᠶᠠᠪᠤᠳᠠᠯ᠂ ᠨᠡᠶᠢᠭᠡᠮ ᠤᠨ ᠵᠠᠰᠠᠯᠲᠠ ᠶᠢᠨ ᠠᠵᠢᠯ ᠤᠨ ᠲᠦᠪᠰᠢᠨ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠶᠡᠷᠦᠩᠬᠡᠢ ᠰᠠᠶᠢᠳ ᠯᠢ ᠴᠢᠶᠠᠩ ᠤᠨ ᠨᠢᠩᠰᠢᠶᠠ᠂ ᠥᠪᠥᠷ ᠮᠣᠩᠭᠤᠯ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠰᠠᠶᠢᠳ ᠯᠢ ᠴᠢᠶᠠᠩ ᠤᠨ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠳᠠᠯᠠᠨ ᠬᠠᠷ᠎ᠠ ᠠᠭᠤᠯᠠ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠶᠡᠷᠦᠩᠬᠡᠶᠢᠯᠡᠨ ᠵᠠᠰᠠᠭᠰᠠᠨ ᠦᠷ᠎ᠡ ᠪᠦᠲᠦᠮᠵᠢ ᠶᠢ ᠪᠠᠬᠢᠵᠢᠭᠦᠯᠦᠨ ᠥᠷᠭᠡᠳᠬᠡᠵᠦ᠂ ᠡᠯ᠎ᠡ ᠲᠦᠷᠦᠯ ᠤᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠪᠣᠳᠠᠲᠠᠢ ᠠᠳᠬᠤᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠴᠢᠩᠱᠠᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠪᠦᠬᠦ ᠬᠤᠳᠠ ᠶᠢᠨ ᠤᠰᠤᠲᠥ᠋ᠷᠥᠭᠴᠢ ᠡᠨᠧᠷᠭᠢ ᠶᠢᠨ ᠬᠥᠭᠵᠢᠯᠲᠡ ᠶᠢᠨ ᠲᠤᠰᠬᠠᠢ ᠰᠡᠳᠦᠪᠲᠦ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠬᠤᠷᠠᠯᠳᠤᠬᠤ ᠠᠵᠠ ᠲᠣᠬᠢᠶᠠᠯ ᠢ ᠠᠰᠢᠭᠯᠠᠵᠤ᠂ ᠤᠬᠠᠭᠤᠯᠤᠨ ᠲᠠᠨᠢᠯᠴᠠᠭᠤᠯᠬᠤ ᠡᠷᠴᠢᠮ ᠢᠶᠠᠨ ᠴᠢᠩᠭᠠᠷᠠᠭᠤᠯᠵᠤ᠂ ᠨᠢᠭᠡ ᠪᠦᠯᠦᠭ ᠤᠰᠤᠲᠥ᠋ᠷᠥᠭᠴᠢ ᠡᠨᠧᠷᠭᠢ ᠶᠢᠨ ᠡᠨᠧᠷᠭᠢ ᠬᠠᠳᠠᠭᠠᠯᠠᠬᠤ ᠠᠵᠤ ᠦᠢᠯᠡᠰ ᠤᠨ ᠲᠦᠷᠦᠯ ᠵᠦᠢᠯ ᠢ ᠲᠦᠷᠭᠡᠨ ᠣᠷᠣᠭᠤᠯᠤᠨ ᠠᠪᠴᠢᠷᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠭᠦᠨᠵᠡᠭᠡᠢ ᠲᠤᠭᠤᠰᠢᠯᠠᠭᠤᠯᠵᠤ᠂ ᠤᠯᠤᠰ ᠲᠦᠷᠦ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠪᠠᠲᠤ ᠰᠠᠬᠢᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ ᠤ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠭᠦᠨᠵᠡᠭᠡᠢ ᠥᠷᠨᠢᠭᠦᠯᠵᠦ᠂ ᠠᠶᠤᠯ ᠲᠦᠭᠰᠢᠭᠦᠷᠢ ᠶᠢᠨ ᠪᠠᠶᠢᠳᠠᠯ ᠤᠨ ᠬᠢᠨᠠᠨ ᠬᠡᠮᠵᠢᠯᠲᠡ ᠶᠢ ᠴᠢᠩᠭᠠᠳᠬᠠᠵᠤ᠂ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠲᠤᠰᠬᠠᠢ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠦᠷᠭᠦᠯᠵᠢᠯᠡᠨ ᠠᠮᠤᠷ ᠲᠦᠪᠰᠢᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ︽ᠴᠢᠩᠱᠠᠨ ᠲᠣᠭᠤᠷᠢᠭ ᠤᠨ ︿ᠰᠢᠨ᠎ᠡ ᠴᠠᠭ ᠦᠶ᠎ᠡ ᠶᠢᠨ ᠹᠧᠩᠴᠢᠶᠤᠤ ᠶᠢᠨ ᠲᠤᠷᠰᠢᠯᠭ᠎ᠠ﹀ ᠶᠢ ᠠᠬᠢᠭᠤᠯᠬᠤ ᠠᠵᠢᠯᠴᠢᠨ ᠤ ᠡᠪᠯᠡᠯ ᠤᠨ ᠠᠵᠢᠯ ᠤᠨ ᠬᠠᠤᠯᠢ ᠶᠢᠨ ᠵᠢᠱᠢᠶ᠎ᠡ ᠦᠵᠡᠭᠦᠯᠬᠦ ᠴᠡᠭ ᠤᠨ ᠠᠵᠢᠯ ᠤᠨ ᠲᠥᠰᠦᠯ︾ ᠢ ᠰᠤᠳᠤᠯᠤᠨ ᠬᠢᠨᠠᠨ ᠵᠥᠪᠯᠡᠵᠦ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠠᠵᠢᠯᠳᠠᠨ ᠠᠵᠢᠯᠴᠢᠨ ᠤᠯᠠᠨ ᠲᠦᠮᠡᠨ ᠤ ᠠᠵᠢᠯ ᠤᠨ ᠠᠷᠭ᠎ᠠ ᠶᠢ ᠰᠢᠨᠡᠴᠢᠯᠡᠵᠦ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠴᠢᠩᠱᠠᠨ ᠤ ᠣᠨᠴᠠᠯᠢᠭ ᠢ ᠲᠤᠪᠤᠶᠢᠯᠭᠠᠵᠦ᠂ ︽ᠰᠢᠭᠦᠬᠦ ᠬᠤᠷᠢᠶ᠎ᠠ + ᠠᠵᠢᠯᠴᠢᠨ ᠤ ᠡᠪᠯᠡᠯ︾ ᠤᠨ ᠬᠥᠳᠡᠯᠮᠦᠷᠢ ᠶᠢᠨ ᠮᠠᠷᠭᠤᠯᠳᠤᠭᠠᠨ ᠢ ᠡᠶᠡᠳᠡᠭᠦᠯᠬᠦ ᠠᠵᠢᠯ ᠤᠨ ᠲᠠᠰᠤᠭ ᠵᠡᠷᠭᠡ ᠰᠢᠨ᠎ᠡ ᠶᠢ ᠡᠭᠦᠳᠬᠦ ᠵᠠᠭᠪᠤᠷ ᠢ ᠰᠠᠶᠢᠲᠤᠷ ᠠᠰᠢᠭᠯᠠᠵᠤ᠂ ᠴᠢᠩᠱᠠᠨ ᠤ ᠵᠢᠱᠢᠶ᠎ᠡ ᠦᠵᠡᠭᠦᠯᠬᠦ ᠵᠠᠭᠪᠤᠷ ᠢ ᠡᠭᠦᠳᠴᠦ᠂ ᠬᠥᠳᠡᠯᠮᠦᠷᠢ ᠶᠢᠨ ᠬᠠᠷᠢᠴᠠᠭ᠎ᠠ ᠶᠢᠨ ᠡᠶ᠎ᠡ ᠵᠣᠬᠢᠴᠠᠩᠭᠤᠢ ᠪᠠᠷ ᠨᠡᠶᠢᠭᠡᠮ ᠤᠨ ᠲᠣᠭᠲᠠᠭᠤᠨ ᠡᠶ᠎ᠡ ᠵᠣᠬᠢᠴᠠᠩᠭᠤᠢ ᠶᠢ ᠠᠬᠢᠭᠤᠯᠵᠤ᠂ ᠰᠢᠨ᠎ᠡ ᠪᠠᠶᠢᠳᠠᠯ ᠳᠣᠣᠷᠠᠬᠢ ᠠᠵᠢᠯᠳᠠᠨ ᠠᠵᠢᠯᠴᠢᠨ ᠤᠯᠠᠨ ᠲᠦᠮᠡᠨ ᠤ ᠠᠵᠢᠯ ᠤᠨ ᠴᠢᠳᠠᠪᠤᠷᠢ ᠪᠣᠯᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠣᠳᠠᠲᠠᠢ ᠦᠷ᠎ᠡ ᠪᠦᠲᠦᠮᠵᠢ ᠪᠠᠷ ᠠᠵᠢᠯᠳᠠᠨ ᠠᠵᠢᠯᠴᠢᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号