1— 10 ᠳ᠋ᠤᠭᠠᠷ ᠰᠠᠷ᠎ᠠ ᠳᠤ ᠴᠢᠩᠱᠠᠨ ᠲᠣᠭᠤᠷᠢᠭ ᠤᠨ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠲᠣᠭᠲᠠᠭᠤᠨ ᠤ ᠳᠤᠮᠳᠠ ᠳᠡᠭᠡᠭᠰᠢᠯᠡᠵᠦ ᠦᠷᠭᠦᠯᠵᠢᠯᠡᠨ ᠲᠡᠷᠢᠭᠦᠯᠡᠪᠡ
ᠨᠡᠶᠢᠲᠡᠯᠡᠭᠰᠡᠨ ᠴᠠᠭ᠄
2024/11/21
      1— 10 ᠳ᠋ᠤᠭᠠᠷ ᠰᠠᠷ᠎ᠠ ᠳᠤ᠂ ᠴᠢᠩᠱᠠᠨ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 255.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5% ᠪᠠᠷ ᠨᠡᠮᠡᠭᠳᠡᠨ᠂ 1—9  ᠳ᠋ᠦ᠋ᠭᠡᠷ ᠰᠠᠷ᠎ᠠ ᠶᠢᠨ ᠬᠢ ᠠᠴᠠ 0.3 ᠵᠠᠭᠤᠨ ᠤ ᠨᠢᠭᠡᠴᠢ ᠲᠦᠷᠭᠡᠳᠬᠡᠵᠦ᠂ ᠨᠡᠮᠡᠭᠳᠡᠯ ᠤᠨ ᠬᠤᠷᠳᠤᠴᠠ ᠨᠢ ᠨᠡᠶᠢᠲᠡ 8 ᠰᠠᠷ᠎ᠠ ᠪᠥᠬᠦ ᠬᠤᠲᠠ ᠶᠢᠨ ᠨᠢᠭᠡᠳᠦᠭᠡᠷ ᠲᠤ ᠣᠷᠣᠪᠠ᠃ ᠦᠨᠳᠦᠰᠦᠨ ᠠᠷᠠᠳ ᠤᠨ ᠠᠮᠢᠳᠤᠷᠠᠯ ᠤᠨ ᠲᠥᠷᠥᠯ ᠤᠨ ᠲᠠᠸᠠᠷ ᠤᠨ ᠨᠡᠮᠡᠭᠳᠡᠯ ᠤᠨ  ᠪᠠᠶᠢᠳᠠᠯ ᠰᠠᠶᠢᠨ ᠪᠠᠶᠢᠨ᠎ᠠ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠤᠮᠳᠠᠭᠠᠨ ᠤ ᠲᠥᠷᠥᠯ᠂ ᠡᠳᠦᠷ ᠲᠤᠲᠤᠮ ᠤᠨ ᠬᠡᠷᠡᠭᠯᠡᠭᠡᠨ ᠤ ᠪᠠᠷᠠᠭ᠎ᠠ᠂ ᠠᠮᠤ ᠪᠤᠳᠠᠭ᠎ᠠ ᠲᠣᠰᠣ ᠢᠳᠡᠭᠡᠨ ᠤ ᠲᠥᠷᠥᠯ᠂ ᠠᠷᠢᠬᠢ ᠲᠠᠮᠠᠬᠢ ᠪᠠ ᠬᠢᠲᠠᠳ ᠧᠦ᠋ᠷᠣᠫᠠ ᠡᠮ ᠤᠨ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠲᠣᠰ ᠲᠣᠰ 243.2%᠂ 25.2%᠂ 15.3%᠂ 11% ᠪᠠ 5.8% ᠪᠠᠷ ᠨᠡᠮᠡᠭᠳᠡᠵᠦ᠂ ᠵᠢᠵᠢᠭᠯᠡᠨ ᠬᠤᠳᠠᠯᠳᠤᠭᠰᠠᠨ ᠲᠤᠭ᠎ᠠ ᠶᠢ 3.3 ᠵᠠᠭᠤᠨ ᠤ ᠨᠢᠭᠡᠴᠢ ᠨᠡᠮᠡᠭᠳᠡᠭᠦᠯᠬᠦ ᠪᠠᠷ ᠳᠠᠶᠢᠴᠢᠯᠠᠪᠠ᠃ ᠰᠢᠨ᠎ᠡ ᠡᠨᠧᠷᠭᠢ ᠶᠢᠨ ᠮᠠᠰᠢᠨ ᠲᠡᠷᠭᠡ ᠪᠠ ᠭᠠᠷ ᠳᠠᠮᠵᠢᠭᠰᠠᠨ ᠮᠠᠰᠢᠨ ᠲᠡᠷᠭᠡ ᠢᠯᠡᠳᠲᠡ ᠨᠡᠮᠡᠭᠳᠡᠪᠡ᠃ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠲᠣᠰ ᠰᠠᠷ᠎ᠠ ᠶᠢᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 66.8% ᠪᠠᠷ ᠨᠡᠮᠡᠭᠳᠡᠵᠦ᠂ ᠭᠠᠷᠠᠬᠠᠨ ᠬᠠᠷᠢᠴᠠᠯ ᠤᠨ ᠨᠡᠮᠡᠭᠳᠡᠯ 18.3%᠂ ᠠᠳᠠᠯᠢ ᠬᠤᠭᠤᠴᠠᠭᠠᠨ ᠤ ᠬᠢ ᠠᠴᠠ ᠬᠤᠤᠰ ᠨᠡᠮᠡᠭᠳᠡᠯ ᠢ ᠪᠡᠶᠡᠯᠡᠭᠦᠯᠪᠡ︔ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠭᠠᠷ ᠳᠠᠮᠵᠢᠭᠰᠠᠨ ᠮᠠᠰᠢᠨ ᠲᠡᠷᠭᠡᠨ ᠤ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 5.5 ᠳᠠᠬᠢᠨ ᠨᠡᠮᠡᠭᠳᠡᠵᠦ᠂ ᠵᠠᠯᠭᠠᠭ᠎ᠠ ᠪᠠᠷ 9 ᠰᠠᠷ᠎ᠠ ᠳᠠᠷᠠᠭᠠᠯᠠᠨ ᠭᠤᠷᠪᠠᠨ ᠣᠷᠣᠨᠲᠤ ᠲᠤᠭ᠎ᠠ ᠠᠴᠠ ᠳᠡᠭᠡᠭᠰᠢᠬᠢ ᠨᠡᠮᠡᠭᠳᠡᠯ ᠢ ᠪᠠᠲᠤᠯᠠᠵᠤ᠂ ᠨᠡᠮᠡᠭᠳᠡᠯ ᠤᠨ ᠬᠠᠨᠳᠤᠰᠢ ᠴᠢᠩᠭ᠎ᠠ ᠪᠣᠯᠪᠠ᠃ ᠭᠡᠷ ᠤᠨ ᠴᠠᠬᠢᠯᠭᠠᠨ ᠬᠡᠷᠡᠭᠰᠡᠯ ᠤᠨ ᠬᠡᠷᠡᠭᠯᠡᠭᠡ ᠲᠣᠭᠲᠠᠭᠤᠨ ᠢᠶᠠᠷ ᠰᠠᠶᠢᠵᠢᠷᠠᠪᠠ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷ ᠤᠨ ᠴᠠᠬᠢᠯᠭᠠᠨ ᠬᠡᠷᠡᠭᠰᠡᠯ ᠪᠠ ᠳᠠᠭᠤ ᠳᠦᠷᠰᠦ ᠰᠢᠩᠭᠡᠭᠡᠯᠲᠡ ᠶᠢᠨ ᠪᠠᠭᠠᠵᠢ ᠬᠡᠷᠡᠭᠰᠡᠯ ᠤᠨ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 12.8% ᠪᠠᠷ ᠨᠡᠮᠡᠭᠳᠡᠵᠦ᠂1—9 ᠳ᠋ᠦ᠋ᠭᠡᠷ ᠰᠠᠷ᠎ᠠ ᠳᠤ 3.2 ᠵᠠᠭᠤᠨ ᠤ ᠨᠢᠭᠡᠴᠢ ᠲᠦᠷᠭᠡᠨ ᠨᠡᠮᠡᠭᠳᠡᠵᠦ᠂ ᠵᠢᠵᠢᠭᠯᠡᠨ ᠬᠤᠳᠠᠯᠳᠤᠬᠤ ᠲᠤᠭ᠎ᠠ ᠶᠢ 0.9 ᠵᠠᠭᠤᠨ ᠤ ᠨᠢᠭᠡᠴᠢ ᠨᠡᠮᠡᠭᠳᠡᠭᠦᠯᠬᠦ ᠪᠠᠷ ᠳᠠᠶᠢᠴᠢᠯᠠᠪᠠ᠃ ᠰᠦᠯᠵᠢᠶᠡᠨ ᠳᠡᠭᠡᠷᠡᠬᠢ ᠬᠡᠷᠡᠭᠯᠡᠭᠡ ᠲᠣᠭᠲᠠᠭᠤᠨ ᠢᠶᠠᠷ ᠨᠡᠮᠡᠭᠳᠡᠪᠡ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠨᠦᠭᠦᠳ ᠣᠯᠠᠨ ᠨᠡᠶᠢᠲᠡ ᠶᠢᠨ ᠰᠦᠯᠵᠢᠶ᠎ᠡ ᠪᠠᠷ ᠳᠠᠮᠵᠢᠭᠤᠯᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 20.5% ᠪᠠᠷ ᠨᠡᠮᠡᠭᠳᠡᠵᠦ᠂ ᠵᠢᠵᠢᠭᠯᠡᠨ ᠬᠤᠳᠠᠯᠳᠤᠭᠰᠠᠨ ᠲᠤᠭ᠎ᠠ ᠠᠴᠠ 0.8 ᠵᠠᠭᠤᠨ ᠤ ᠨᠢᠭᠡᠴᠢ ᠨᠡᠮᠡᠭᠳᠡᠬᠦ ᠶᠢ ᠳᠠᠶᠢᠴᠢᠯᠠᠪᠠ᠃   
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号