ᠴᠢᠩᠱᠠᠨ ᠲᠣᠭᠤᠷᠢᠭ ᠤᠨ 1 —10 ᠳ᠋ᠤᠭᠠᠷ ᠰᠠᠷ᠎ᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠮᠡᠳᠡᠭᠳᠡᠬᠦ᠋ᠢᠴᠡ ᠠᠮᠵᠢᠯᠲᠠ ᠲᠠᠢ ᠪᠠᠶᠢᠨ᠎ᠠ
ᠨᠡᠶᠢᠲᠡᠯᠡᠭᠰᠡᠨ ᠴᠠᠭ᠄
2024/11/22
      ᠡᠨᠡ ᠵᠢᠯ ᠠᠴᠠ ᠨᠠᠭᠠᠰᠢ᠂ ᠴᠢᠩᠱᠠᠨ ᠲᠣᠭᠤᠷᠢᠭ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠪᠦᠲᠦᠮᠵᠢᠲᠡᠶ ᠪᠡᠯᠡ ᠣᠷᠣᠭᠤᠯᠤᠯᠲᠠ ᠶᠢ ᠢᠳᠡᠪᠬᠢᠲᠡᠢ ᠥᠷᠭᠡᠳᠬᠡᠵᠦ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠡᠯᠡ ᠣᠷᠣᠭᠤᠯᠤᠯᠲᠠ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠬᠥᠳᠡᠯᠭᠡᠭᠦᠷ ᠪᠣᠯᠭᠠᠵᠤ᠂ 1 —10 ᠳ᠋ᠤᠭᠠᠷ ᠰᠠᠷ᠎ᠠ ᠳᠤ ᠴᠢᠩᠱᠠᠨ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠥᠳᠡᠯᠭᠡᠬᠦ ᠬᠦᠴᠦᠨ ᠢ ᠦᠷᠭᠦᠯᠵᠢᠯᠡᠨ ᠪᠠᠬᠢᠵᠢᠭᠦᠯᠪᠡ᠃       ᠰᠢᠨ᠎ᠡ ᠪᠠᠷ ᠪᠠᠶᠢᠭᠤᠯᠤᠭᠰᠠᠨ ᠲᠥᠷᠥᠯ ᠵᠦᠢᠯ ᠨᠢ ᠲᠣᠭᠲᠠᠭᠤᠨ ᠪᠠᠶᠢᠳᠠᠯ ᠢ ᠲᠤᠯᠭᠠᠭᠤᠷᠢᠯᠠᠵᠤ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠢᠯᠡᠷᠡᠭᠦᠯᠪᠡ᠃ 1 — 10 ᠳ᠋ᠤᠭᠠᠷ ᠰᠠᠷ᠎ᠠ ᠳᠤ᠂ ᠰᠢᠨ᠎ᠡ ᠪᠠᠷ ᠪᠠᠶᠢᠭᠤᠯᠤᠭᠰᠠᠨ ᠲᠥᠷᠥᠯ ᠵᠦᠢᠯ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 8.9%᠎ ᠪᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ 70.7%᠎ ᠶᠢ ᠡᠵᠡᠯᠡᠵᠦ᠂ ᠪᠥᠬᠦ ᠲᠤᠭᠤᠷᠢᠭ ᠤᠨ ᠪᠡᠯᠡ ᠣᠷᠣᠭᠤᠯᠤᠯᠲᠠ ᠶᠢᠨ ᠨᠡᠮᠡᠭᠳᠡᠯ ᠢ 6.7 ᠵᠠᠭᠤᠨ ᠤ ᠴᠡᠭ ᠳᠠᠶᠢᠴᠢᠯᠠᠵᠤ᠂ ᠪᠥᠬᠦ ᠲᠤᠭᠤᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 40.6%᠎ ᠳᠤ ᠬᠦᠷᠪᠡ᠃ ᠰᠢᠨ᠎ᠡ ᠪᠠᠷ ᠪᠠᠶᠢᠭᠤᠯᠤᠭᠰᠠᠨ ᠲᠥᠷᠥᠯ ᠵᠦᠢᠯ ᠤᠨ ᠦᠷᠭᠦᠯᠵᠢᠯᠡᠨ ᠨᠡᠮᠡᠭᠳᠡᠬᠦ ᠨᠢ ᠮᠠᠨ ᠤ ᠲᠤᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠨᠳᠤᠰᠢ ᠴᠢᠩᠭ᠎ᠠ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠲᠡᠭᠦᠯᠳᠡᠷ᠂ ᠪᠣᠳᠠᠲᠤ ᠪᠣᠳᠠᠰ ᠤᠨ ᠪᠡᠯᠡ ᠣᠷᠣᠭᠤᠯᠤᠯᠲᠠ ᠶᠢᠨ ᠬᠡᠮᠵᠢᠶ᠎ᠡ ᠮᠥᠨ ᠬᠦ ᠨᠡᠯᠢᠶᠡᠳ ᠥᠨᠳᠥᠷ ᠪᠠᠶᠢᠬᠤ ᠶᠢ ᠲᠤᠰᠬᠠᠵᠤ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号