ᠴᠢᠩ ᠹᠦ᠋ ᠪᠠᠯᠭᠠᠰᠤ᠄ ᠨᠡᠶᠢᠭᠡᠮ ᠲᠣᠭᠤᠷᠢᠭ ᠤᠨ ᠵᠠᠰᠠᠯᠲᠠ ᠶᠢᠨ ᠮᠡᠳᠡᠭᠡ ᠵᠠᠩᠭᠢᠵᠢᠯᠲᠠ ᠶᠢᠨ ᠲᠠᠪᠴᠠᠩ ᠤᠨ ᠪᠣᠯᠪᠠᠰᠤᠷᠠᠭᠤᠯᠤᠯ ᠤᠨ ᠠᠵᠢᠯ ᠢ ᠦᠷᠨᠢᠭᠦᠯᠪᠡ
ᠨᠡᠶᠢᠲᠡᠯᠡᠭᠰᠡᠨ ᠴᠠᠭ᠄
2024/11/27
      ᠨᠡᠶᠢᠭᠡᠮ ᠲᠣᠭᠤᠷᠢᠭ ᠤᠨ ᠲᠤᠤᠷᠴᠢᠯᠠᠯ ‍ᠤᠨ‌ᠠᠵᠢᠯ ᠤᠨ ᠪᠠᠶᠢᠩᠭᠤᠵᠢᠭᠰᠠᠨ᠂ ᠵᠢᠷᠤᠮᠵᠢᠭᠰᠠᠨ ᠪᠠᠶᠢᠭᠤᠯᠤᠯᠲᠠ ᠶᠢ ᠠᠬᠢᠭᠤᠯᠵᠤ᠂ ᠰᠦᠯᠵᠢᠶᠡᠨ ᠤ ᠦᠢᠯᠡᠴᠢᠯᠡᠭᠡᠨ ᠤ ᠴᠢᠳᠠᠪᠤᠷᠢ ᠶᠢ ᠴᠢᠩᠭᠠᠳᠬᠠᠵᠤ᠂ ᠰᠦᠯᠵᠢᠶᠡᠨ ᠤ ᠮᠡᠳᠡᠭᠡ ᠵᠠᠩᠭᠢ ᠶᠢ ᠣᠨᠣᠪᠴᠢᠲᠠᠶ ᠡᠵᠡᠮᠰᠢᠬᠦ ᠶᠢᠨ ᠲᠥᠯᠥᠭᠡ᠂ ᠣᠶᠢᠷ᠎ᠠ ᠳᠤ᠂ ᠴᠢᠩ ᠹᠦ᠋ ᠪᠠᠯᠭᠠᠰᠤᠨ ᠤ ᠪᠦᠦ ᠯᠢ ᠨᠡᠶᠢᠭᠡᠮ ᠲᠣᠭᠤᠷᠢᠭ ᠴᠢᠩᠱᠠᠨ ᠲᠣᠭᠤᠷᠢᠭ ᠤᠨ ᠨᠡᠶᠢᠭᠡᠮ ᠲᠣᠭᠤᠷᠢᠭ ᠤᠨ ᠵᠠᠰᠠᠯᠲᠠ ᠶᠢᠨ ᠮᠡᠳᠡᠭᠡ ᠵᠠᠩᠭᠢᠵᠢᠯᠲᠠ ᠶᠢᠨ ᠲᠠᠪᠴᠠᠩ ᠤᠨ ᠪᠣᠯᠪᠠᠰᠤᠷᠠᠭᠤᠯᠤᠯ ᠤᠨ ᠠᠵᠢᠯ ᠢ ᠥᠷᠨᠢᠭᠦᠯᠪᠡ᠃      ᠪᠣᠯᠪᠠᠰᠤᠷᠠᠭᠤᠯᠤᠯ ᠤᠨ ᠠᠵᠢᠯ ᠨᠢ ᠭᠤᠤᠯᠳᠠᠭᠤ ᠡᠯ᠎ᠡ ᠲᠤᠤᠷᠴᠢᠯᠠᠯ ᠤᠨ ᠦᠨᠳᠦᠰᠦᠨ ᠪᠠᠶᠢᠳᠠᠯ᠂ ᠲᠤᠤᠷᠴᠢᠯᠠᠯ ᠤᠨ ᠮᠡᠳᠡᠭᠡ ᠵᠠᠩᠭᠢ ᠶᠢᠨ ᠬᠠᠮᠢᠶᠠᠷᠤᠯᠲᠠ᠂ ᠬᠠᠷᠢᠶᠠᠲᠤ ᠣᠷᠣᠨ ᠤ ᠬᠥᠮᠦᠨ ᠠᠮᠠ ᠶᠢᠨ ᠲᠦᠢᠮᠣ ᠪᠠᠶᠢᠳᠠᠯ ᠵᠡᠷᠭᠡ ᠶᠢᠨ ᠲᠣᠭᠤᠷᠢᠨ ᠳᠤ ᠲᠠᠶᠢᠯᠤᠮᠵᠢ ᠬᠢᠵᠦ᠂ ᠣᠳᠣᠬᠠᠨ ᠤ ᠲᠤᠤᠷᠴᠢᠯᠠᠯ ᠤᠨ ᠪᠠᠶᠢᠳᠠᠯ ᠢ ᠨᠠᠷᠢᠨ ᠵᠠᠳᠠᠯᠵᠤ᠂ ᠲᠤᠤᠷᠴᠢᠯᠠᠯ ᠤᠨ ᠠᠵᠢᠯᠲᠠᠳ ᠢ ᠵᠣᠬᠢᠶᠠᠨ ᠪᠠᠶᠢᠭᠤᠯᠤᠨ ᠲᠣᠰ ᠲᠣᠰ ᠤᠨ ᠬᠡᠰᠡᠭ ᠲᠣᠭᠤᠷᠢᠭ ᠤᠨ ᠳᠣᠲᠣᠷᠠᠬᠢ ᠬᠥᠮᠦᠨ ᠠᠮᠠ ᠶᠢᠨ ᠲᠤᠭ᠎ᠠ ᠵᠢᠴᠢ ᠬᠡᠷ ᠪᠠᠶᠢᠰᠢᠩ ᠤᠨ ᠪᠠᠶᠢᠳᠠᠯ ᠢ ᠨᠠᠷᠢᠨ ᠣᠶᠢᠯᠠᠭᠠᠵᠤ᠂ ᠲᠠᠷᠠᠭᠠᠴᠢ ᠶᠢᠨ ᠠᠯᠬᠤᠮ ᠳᠤ ᠨᠠᠷᠢᠯᠢᠭ ᠤᠨᠤᠪᠴᠢᠲᠠᠢ ᠣᠷᠣᠭᠤᠯᠬᠤ ᠰᠢᠰᠲ᠋ᠧᠮ ᠳᠤ ᠪᠠᠲᠤ ᠪᠠᠬᠢ ᠰᠠᠭᠤᠷᠢ ᠲᠠᠯᠪᠢᠵᠤ ᠥᠭᠪᠡ᠃      ᠪᠣᠯᠪᠠᠰᠤᠷᠠᠭᠤᠯᠤᠯ ᠤᠨ ᠶᠠᠪᠤᠴᠠ ᠳᠤ᠂ ᠪᠣᠶ ᠪᠥᠬᠦᠶ ᠰᠦᠯᠵᠢᠶᠡᠨ ᠤ ᠠᠵᠢᠯᠲᠠᠨ ᠨᠠᠷᠢᠨ ᠬᠢᠨᠠᠮᠠᠭᠠᠶ ᠰᠣᠨᠣᠰᠴᠤ᠂ ᠨᠢᠭᠡ ᠰᠡᠳᠬᠢᠯ ᠢᠶᠠᠷ ᠲᠡᠮᠳᠡᠭᠯᠡᠵᠦ᠂ ᠠᠵᠢᠯᠲᠠᠳ ᠰᠦᠯᠵᠢᠶᠡᠨ ᠤ ᠠᠵᠢᠯᠲᠠᠨ ᠤ ᠲᠣᠳᠣᠷᠬᠠᠶ ᠥᠬᠡᠶ ᠬᠡᠰᠡᠭ ᠲᠤ ᠨᠢᠭᠡᠳ ᠨᠢᠭᠡ ᠪᠠᠷ ᠬᠠᠷᠢᠭᠤᠯᠲᠠ ᠥᠭᠪᠡ᠃ ᠳᠠᠷᠠᠭ᠎ᠠ ᠨᠢ᠂ ᠲᠤᠤᠷᠴᠢᠯᠠᠯ ᠤᠨ ᠠᠵᠢᠯᠲᠠᠨ ᠰᠢᠰᠲ᠋ᠧᠮ ᠳᠤ ᠨᠠᠷᠢᠨ ᠬᠢᠨᠠᠮᠠᠭᠠᠶ ᠣᠷᠣᠭᠤᠯᠵᠤ᠂ ᠲᠤᠬᠠᠶ ᠶᠢᠨ ᠭᠠᠵᠠᠷ ᠲᠤᠨᠢ ᠡᠷᠦᠬᠡ ᠳᠤ ᠣᠷᠣᠬᠤ ᠪᠠ ᠠᠳᠠᠯ ᠠᠬᠤᠶ ᠶᠢᠨ ᠡᠬᠡ ᠲᠠᠩᠰᠠ ᠶᠢᠨ ᠮᠡᠳᠡᠭᠡ ᠵᠠᠩᠭᠢ ᠲᠠᠢ ᠬᠠᠷᠢᠴᠠᠭᠤᠯᠬᠤ ᠪᠠᠷ ᠳᠠᠮᠵᠢᠭᠤᠯᠤᠨ᠂ ᠡᠯ᠎ᠡ ᠰᠦᠯᠵᠢᠶᠡᠨ ᠤ ᠳᠣᠲᠣᠷᠠᠬᠢ ᠬᠥᠮᠦᠨ ᠠᠮᠠ ᠶᠢᠨ ᠮᠡᠳᠡᠭᠡ ᠵᠠᠩᠭᠢ᠂ ᠠᠰᠠᠷ ᠲᠠᠭᠲᠤ ᠶᠢᠨ ᠮᠡᠳᠡᠭᠡ ᠵᠠᠩᠭᠢ ᠵᠢᠴᠢ ᠬᠡᠷ ᠪᠠᠶᠢᠰᠢᠩ ᠤᠨ ᠮᠡᠳᠡᠭᠡ ᠵᠠᠩᠭᠢ ᠶᠢ ᠨᠢᠭᠡᠳ ᠨᠢᠭᠡ ᠪᠠᠷ ᠬᠠᠷᠭᠤᠭᠤᠯᠬᠤ ᠶᠢᠨ ᠬᠠᠮᠲᠤ ᠰᠢᠨᠡᠳᠬᠡᠪᠡ᠃      ᠲᠣᠰ ᠤᠳᠠᠭᠠᠨ ᠤ ᠪᠣᠯᠪᠠᠰᠤᠷᠠᠭᠤᠯᠤᠯ ᠨᠢ ᠨᠡᠶᠢᠭᠡᠮ ᠲᠣᠭᠤᠷᠢᠭ ᠤᠨ ᠲᠤᠤᠷᠴᠢᠯᠠᠯ ᠤᠨ ᠠᠵᠢᠯᠲᠠᠨ ᠤ ᠲᠤᠤᠷᠴᠢᠯᠠᠯ ᠤᠨ ᠠᠵᠢᠯ ᠤᠨ ᠲᠤᠬᠠᠶ ᠲᠠᠨᠢᠯᠲᠠ ᠶᠢ ᠳᠡᠭᠡᠭᠰᠢᠯᠡᠭᠦᠯᠵᠦ᠂ ᠲᠤᠤᠷᠴᠢᠯᠠᠯ ᠤᠨ ᠠᠵᠢᠯᠲᠠᠨ ᠤ ᠠᠰᠠᠭᠤᠳᠠᠯ ᠢ ᠵᠢᠭᠰᠠᠭᠠᠨ ᠪᠠᠶᠢᠴᠠᠭᠠᠬᠤ᠂ ᠠᠰᠠᠭᠤᠳᠠᠯ ᠢ ᠢᠯᠡᠷᠡᠭᠦᠯᠬᠦ ᠴᠢᠳᠠᠪᠤᠷᠢ ᠶᠢ ᠨᠡᠮᠡᠭᠳᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠣᠯᠠᠨ ᠢ ᠬᠠᠪᠰᠤᠷᠤᠨ ᠲᠤᠤᠷᠴᠢᠯᠠᠯ ᠤᠨ ᠠᠵᠢᠯ ᠤᠨ ᠰᠡᠳᠬᠢᠮᠵᠢ ᠶᠢ ᠲᠣᠳᠣᠷᠬᠠᠶ ᠪᠣᠯᠭᠠᠵᠤ᠂ ᠮᠡᠳᠡᠭᠡ ᠵᠠᠩᠭᠢ ᠶᠢᠨ ᠲᠠᠪᠴᠠᠩ ᠤᠨ ᠮᠡᠳᠡᠭᠡ ᠵᠠᠩᠭᠢ ᠶᠢ ᠲᠡᠭᠦᠯᠳᠡᠷᠵᠢᠭᠦᠯᠦᠨ᠂ ᠲᠤᠤᠷᠴᠢᠯᠠᠯ ᠤᠨ ᠠᠵᠢᠯᠲᠠᠨ ᠳᠤ ᠤᠯᠠᠮ ᠨᠢᠭᠡ ᠠᠯᠬᠤᠮ ᠣᠨᠣᠪᠴᠢᠲᠠᠶ ᠡᠵᠡᠮᠰᠢᠭᠦᠯᠪᠡ᠃ ᠲᠠᠷᠠᠭᠠᠴᠢ ᠶᠢᠨ ᠠᠯᠬᠤᠮ ᠳᠤ᠂ ᠪᠦᠦ ᠯᠢ ᠨᠡᠶᠢᠭᠡᠮ ᠲᠣᠭᠤᠷᠢᠭ ᠲᠤ ᠲᠣᠤᠷᠵᠢᠭᠤᠯᠤᠭᠰᠠᠨ ᠦᠢᠯᠡᠴᠢᠯᠡᠭᠡᠨ ᠤ ᠲᠤᠬᠠᠶ ᠡᠯ᠎ᠡ ᠲᠥᠷᠥᠯ ᠤᠨ ᠠᠵᠢᠯ ᠢ ᠦᠷᠭᠦᠯᠵᠢᠯᠡᠨ ᠥᠷᠨᠢᠭᠦᠯᠵᠦ᠂ ᠨᠡᠶᠢᠭᠡᠮ ᠲᠣᠭᠤᠷᠢᠭ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠢ ᠲᠠᠰᠤᠷᠠᠯᠲᠠ ᠥᠬᠡᠶ ᠴᠢᠩᠭᠠᠳᠬᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号