ᠴᠢᠩᠱᠠᠨ ᠲᠣᠭᠤᠷᠢᠭ ᠤᠨ AA ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ 2 ᠨᠡᠮᠡᠭᠳᠡᠪᠡ
ᠨᠡᠶᠢᠲᠡᠯᠡᠭᠰᠡᠨ ᠴᠠᠭ᠄
2024/11/27
    
  C:\Users\Administrator\Desktop\2024.11.27青山区新增2家AA级旅游景区\1.png
      ᠪᠤᠭᠤᠲᠤ ᠶᠢᠨ ᠤᠯᠢᠮᠫᠢᠺ ᠤᠨ ᠴᠡᠴᠡᠷᠯᠢᠭ      ᠪᠤᠭᠤᠲᠤ ᠬᠤᠲᠠ ᠶᠢᠨ ᠴᠢᠩᠱᠠᠨ ᠲᠣᠭᠤᠷᠢᠭ ᠲᠤ ᠪᠠᠶᠢᠷᠢᠯᠠᠵᠤ᠂ ᠣᠲᠣ 160 ᠲᠦᠮᠡᠨ ᠲᠡᠭᠰᠢ ᠳᠥᠷᠪᠡᠯᠵᠢᠨ ᠮᠧᠲᠷ ᠠᠷᠠᠴᠢᠯᠠᠨ ᠬᠠᠮᠠᠭᠠᠯᠠᠵᠤ ᠪᠠᠶᠢᠨ᠎ᠠ᠃ ᠴᠡᠴᠡᠷᠯᠢᠭ ᠤᠨ ᠡᠮᠦᠨ᠎ᠡ ᠲᠠᠯ᠎ᠠ ᠪᠣᠯ ᠦᠵᠡᠰᠭᠦᠯᠡᠩᠲᠦ ᠰᠠᠢᠬᠠᠨ ᠵᠣᠬᠢᠶᠠᠮᠠᠯ ᠨᠠᠭᠤᠷ ᠤᠨ ᠲᠣᠭᠤᠷᠢᠭ᠂ ᠬᠤᠶᠢᠲᠦ ᠲᠠᠯ᠎ᠠ ᠪᠣᠯ ᠬᠦᠷᠬᠢᠷ᠎ᠡ ᠶᠢᠨ ᠦᠵᠡᠮᠵᠢ ᠶᠢᠨ ᠣᠷᠣᠨ᠂ ᠨᠠᠭᠤᠷ ᠤᠨ ᠬᠦᠷᠬᠢᠷ᠎ᠡ ᠶᠢᠨ ᠬᠤᠭᠤᠷᠣᠨᠳᠣ ᠠᠭᠤᠯᠠ ᠬᠠᠪᠴᠢᠵᠦ᠂ ᠠᠭᠤᠯᠠᠨ ᠣᠷᠣᠢ ᠪᠣᠯ 2 ᠲᠦᠮᠡ ᠭᠠᠷᠤᠢ ᠲᠡᠭᠰᠢ ᠳᠥᠷᠪᠡᠯᠵᠢᠨ ᠮᠧᠲᠷ ᠤᠨ ᠵᠡᠭᠦᠳᠦ ᠵᠡᠷᠭᠡᠯᠭᠡᠨ ᠴᠡᠴᠡᠭ ᠤᠨ ᠬᠥᠨᠳᠡᠢ ᠪᠠᠶᠢᠵᠦ᠂ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠠᠯᠠᠪᠤᠷ ᠪᠣᠯᠤᠨ ᠪᠤᠭᠤᠲᠤ ᠬᠤᠲᠠ ᠶᠢᠨ ᠪᠡᠶ᠎ᠡ ᠶᠢᠨ ᠲᠠᠮᠢᠷ ᠤᠨ ᠲᠥᠪ ᠨᠢ ᠴᠡᠴᠡᠷᠯᠢᠭ ᠤᠨ ᠵᠡᠭᠦᠨ ᠬᠤᠶᠢᠲᠦ ᠬᠡᠰᠡᠭ ᠲᠤ ᠲᠥᠪᠯᠡᠷᠡᠵᠦ᠂ ᠬᠤᠶᠠᠷ ᠤᠷᠭᠤᠮᠠᠯ ᠤᠨ ᠦᠵᠡᠮᠵᠢ ᠶᠢᠨ ᠪᠦᠰᠡ ᠨᠢ ᠤᠷᠭᠤᠮᠠᠯ ᠤᠨ ᠦᠵᠡᠮᠵᠢ ᠶᠢᠨ ᠣᠷᠣᠨ᠂ ᠠᠭᠤᠯᠠᠨ ᠦᠵᠡᠮᠵᠢ ᠶᠢᠨ ᠣᠷᠣᠨ᠂ ᠨᠠᠭᠤᠷ ᠤᠨ ᠲᠣᠭᠤᠷᠢᠭ᠂ ᠣᠢ ᠶᠢᠨ ᠬᠤᠷᠮᠣᠢ ᠶᠢᠨ ᠥᠷᠭᠡᠳᠭᠡᠭᠰᠡᠨ ᠲᠣᠭᠤᠷᠢᠭ ᠵᠡᠷᠭᠡ ᠠᠷᠪᠠᠨ ᠴᠢᠳᠠᠮᠵᠢ ᠶᠢᠨ ᠲᠣᠭᠤᠷᠢᠭ ᠪᠠᠶᠢᠵᠦ᠂ ᠣᠷᠣᠨ ᠵᠠᠢ ᠶᠢᠨ ᠲᠠᠯ᠎ᠠ ᠪᠠᠷ ︽ᠨᠠᠨ ᠬᠤ᠋ ᠬᠤᠶᠢᠲᠦ ᠠᠭᠤᠯᠠ᠂ ᠨᠢᠭᠡ ᠬᠦᠷᠬᠢᠷ᠎ᠡ ᠶᠢᠨ ᠬᠥᠨᠳᠡᠯᠡᠨ ᠭᠤᠯᠳᠤ᠂ ᠠᠷᠪᠠᠨ ᠲᠣᠭᠤᠷᠢᠭ ᠬᠤᠯᠪᠣᠭᠠᠯᠠᠨ ᠬᠦᠳᠡᠯᠦᠯᠴᠡᠬᠦ︾ ᠪᠦᠲᠦᠴᠡ ᠶᠢᠨ ᠪᠠᠶᠢᠷᠢᠯᠠᠭᠤᠯᠤᠯᠲᠠ ᠶᠢ ᠪᠣᠢ ᠪᠣᠯᠭᠠᠪᠠ᠃     
      C:\Users\Administrator\Desktop\2024.11.27青山区新增2家AA级旅游景区\2.png
      ᠪᠤᠭᠤᠲᠤ ᠶᠢᠨ ᠴᠢᠩᠱᠠᠨ ᠵᠣᠴᠢᠳ ᠤᠨ ᠪᠠᠭᠤᠳᠠᠯ ᠤᠨ ᠠᠮᠢ ᠠᠬᠤᠢ ᠶᠢᠨ ᠵᠢᠭᠤᠯᠴᠢᠯᠠᠯ ᠤᠨ ᠣᠷᠣᠨ      1958 ᠤᠨ ᠳᠤ ᠡᠬᠢᠯᠡᠨ ᠪᠠᠶᠢᠭᠤᠯᠤᠭᠳᠠᠵᠦ᠂ 1959 ᠤᠨ ᠳᠤ ᠠᠵᠢᠯ ᠡᠬᠢᠯᠡᠭᠦᠯᠦᠨ ᠡᠵᠡᠩᠨᠡᠵᠦ᠂ ᠴᠢᠩᠱᠠᠨ ᠲᠤᠭᠤᠷᠢᠭ ᠤᠨ ᠤᠭᠲᠤᠯᠭ᠎ᠠ ᠵᠠᠮ 1 ᠨᠤᠮᠧᠷᠲᠦ ᠪᠠᠶᠢᠵᠦ᠂ 28 ᠲᠦᠮᠡᠨ ᠳᠡᠭᠰᠢ ᠲᠦᠷᠪᠡᠯᠵᠢᠨ ᠮᠧᠲᠷ ᠳᠠᠯᠠᠪᠠᠢ ᠲᠠᠢ᠂ ᠶᠡᠷᠦᠩᠬᠡᠢ ᠡᠵᠡᠩᠨᠡᠯᠳᠡ ᠶᠢᠨ ᠳᠠᠯᠠᠪᠠᠢ ᠨᠢ ᠪᠠᠷᠤᠭ 3 ᠲᠦᠮᠡᠨ ᠳᠡᠭᠰᠢ ᠲᠦᠷᠪᠡᠯᠵᠢᠨ ᠮᠧᠲᠷ᠂ ᠤᠷᠴᠢᠨ ᠲᠤᠭᠤᠷᠢᠨ ᠨᠢ ᠭᠤᠶᠤ ᠰᠠᠶᠢᠬᠠᠨ᠂ ᠠᠭᠤᠯᠠ ᠤᠰᠤ ᠲᠠᠢ᠂ ᠡᠪᠡᠰᠦ ᠨᠤᠭᠤᠭᠠᠨ ᠦᠩᠭᠡ ᠲᠠᠢ᠂ ᠥᠩᠭᠡ ᠦᠵᠡᠮᠵᠢ ᠲᠠᠢ᠂ ᠬᠦᠮᠦᠨ ᠠᠷᠠᠳ ᠤᠨ ᠠᠮᠢᠳᠤᠷᠠᠯ ᠳᠤ ᠲᠤᠬᠢᠷᠠᠮᠵᠢᠲᠠᠢ᠂ ᠰᠤᠶᠤᠯ ᠤᠨ ᠠᠭᠤᠯᠬᠤᠨ ᠨᠢ ᠬᠦᠨ ᠵᠤᠵᠠᠭᠠᠨ᠂ ᠬᠦᠯᠢᠶᠡᠨ ᠵᠤᠴᠢᠯᠠᠬᠤ ᠦᠢᠯᠡᠴᠢᠯᠡᠭᠡ ᠨᠢ ᠰᠠᠶᠢᠨ ᠴᠡᠴᠡᠷᠯᠢᠭ ᠮᠠᠶ᠋ᠢᠭ ᠤᠨ ︽ᠤᠯᠤᠰ ᠤᠨ ᠵᠤᠴᠢᠳ ᠤᠨ ᠪᠠᠭᠤᠳᠠᠯ︾ ᠪᠤᠯᠤᠨ᠎ᠠ᠃ 1959 ᠣᠨ ᠤ 10 ᠰᠠᠷ᠎ᠠ ᠶᠢᠨ 15 ᠤ ᠡᠳᠦᠷ  ᠤᠨ ᠶᠡᠷᠦᠩᠬᠡᠢ ᠰᠠᠶᠢᠳ ᠵᠸᠦ ᠧᠨ ᠯᠠᠢ ᠪᠤᠭᠤᠲᠤ ᠶᠢᠨ ᠪᠣᠯᠣᠳ ᠲᠡᠮᠦᠷ ᠤᠨ ᠨᠢᠭᠡᠳᠦᠭᠡᠷ ᠨᠣᠮᠧᠷᠲᠤ ᠥᠨᠳᠥᠷ ᠵᠤᠤᠬ᠎ᠠ ᠳᠤ ᠨᠢᠭᠡᠳᠦᠭᠡᠷ ᠨᠣᠮᠧᠷᠲᠤ ᠠᠰᠠᠷ ᠤᠨ 1101 ᠥᠷᠥᠭᠡᠨ ᠳᠤ ᠬᠡᠷᠡᠭᠯᠡᠵᠦ ᠥᠩᠭᠡᠷᠡᠭᠰᠡᠨ ᠦᠰᠦᠭ ᠪᠢᠴᠢᠬᠦ ᠲᠠᠶᠢᠰᠠ᠂ ᠪᠢᠴᠢᠭ ᠤᠨ ᠭᠡᠷ ᠤᠨ ᠳᠦᠷᠪᠡᠨ ᠡᠷᠳᠡᠨᠢ᠂ ᠥᠨᠳᠥᠷ ᠲᠦᠰᠢᠯᠭᠡᠲᠦ ᠰᠠᠨᠳᠠᠯᠢ ᠶᠢ ᠬᠠᠳᠠᠭᠠᠯᠠᠵᠦ᠂ ᠵᠣᠴᠢᠳ ᠲᠤ ᠵᠸᠤ ᠶᠡᠷᠦᠩᠬᠡᠢ ᠰᠠᠶᠢᠳ ᠤᠨ ᠬᠥᠮᠥᠨ ᠴᠢᠨᠠᠷ ᠤᠨ ᠷᠢᠳᠢ ᠰᠢᠳᠢ ᠪᠠ ᠠᠭᠤᠤ ᠬᠥᠮᠦᠨ ᠤ ᠴᠤᠭ ᠵᠢᠪᠬᠤᠭ᠎ᠠ ᠶᠢ ᠣᠶᠢᠯᠠᠭᠠᠭᠤᠯᠤᠭᠰᠠᠨ ᠪᠠᠶᠢᠨ᠎ᠠ᠃ 2010 ᠣᠨ ᠤ 6 ᠳ᠋ᠤᠭᠠᠷ ᠰᠠᠷ᠎ᠠ ᠶᠢᠨ ᠨᠢᠭᠡᠳᠦᠭᠡᠷ ᠨᠣᠮᠧᠷᠲᠤ ᠠᠰᠠᠷ ᠢ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠪᠤᠭᠤᠲᠤ ᠬᠤᠲᠠ ᠶᠢᠨ ᠳᠡᠰ ᠤᠨ ᠲᠡᠦᠬᠡ ᠶᠢᠨ ᠳᠤᠷᠠᠰᠬᠠᠯᠲᠦ ᠵᠦᠢᠯ ᠤᠨ ᠬᠠᠮᠠᠭᠠᠯᠠᠯᠲᠠ ᠶᠢᠨ ᠨᠢᠭᠡᠴᠢ ᠪᠠᠷ ᠨᠡᠶᠢᠲᠡᠯᠡᠵᠦ᠂ 2014 ᠣᠨ ᠤ 9 ᠳ᠋ᠦ᠋ᠭᠡᠷ ᠰᠠᠷ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠠᠬᠢᠨᠲᠠ ᠥᠪᠡᠷᠲᠡᠭᠡᠨ ᠵᠠᠰᠠᠬᠤ ᠣᠷᠣᠨ ᠤ ᠳᠡᠰ ᠤᠨ ᠲᠡᠦᠬᠡ ᠶᠢᠨ ᠳᠤᠷᠠᠰᠬᠠᠯᠲᠦ ᠵᠦᠢᠯ ᠤᠨ ᠬᠠᠮᠠᠭᠠᠯᠠᠯᠲᠠ ᠶᠢᠨ ᠨᠢᠭᠡᠴᠢ ᠪᠠᠷ ᠨᠡᠶᠢᠲᠡᠯᠡᠭᠳᠡᠪᠡ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号