ᠴᠢᠩᠱᠠᠨ ᠵᠠᠮ ᠤᠨ ᠵᠡᠭᠡᠯᠢ ᠭᠤᠳᠤᠮᠵᠢ ᠶᠢᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠢ ᠦᠨᠡᠨᠬᠦ ᠰᠠᠶᠢᠲᠤᠷ ᠬᠢᠵᠦ᠂ ᠵᠠᠰᠠᠭ ᠤᠨ | ᠶᠠᠪᠤᠳᠠᠯ ᠤᠨ ᠬᠠᠯᠠᠮᠰᠢᠯ ᠤᠲᠠᠰᠤᠨ ᠤ ᠦᠢᠯᠡᠴᠢᠯᠡᠭᠡᠨ ᠤ ᠴᠢᠳᠠᠪᠤᠷᠢ ᠪᠠ ᠲᠤᠬᠠᠶᠢᠯᠠᠭᠰᠠᠨ ᠠᠵᠢᠯ ᠤᠨ ᠬᠢᠷᠢ | ᠲᠦᠪᠰᠢᠨ ᠢ ᠤᠯᠠᠮ ᠨᠢᠭᠡ ᠠᠯᠬᠤᠮ ᠴᠢᠩᠭᠠᠷᠠᠭᠤᠯᠤᠨ᠂ ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶ ᠰᠢᠢᠳᠪᠦᠷᠢᠯᠡᠬᠦ | ᠠᠵᠢᠯ ᠤᠨ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠴᠢᠩᠱᠠᠨ | ᠵᠠᠮ ᠤᠨ ᠵᠡᠭᠡᠯᠢ ᠭᠤᠳᠤᠮᠵᠢ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ | ᠦᠵᠡᠭᠦᠯᠬᠦ ᠤᠲᠠᠰᠤᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ | ᠪᠥᠬᠦ ᠨᠡᠶᠢᠭᠡᠮ ᠲᠣᠭᠤᠷᠢᠭ ᠤᠨ ᠠᠵᠢᠯᠲᠠᠨ ᠪᠠ ᠵᠡᠭᠡᠯᠢ ᠭᠤᠳᠤᠮᠵᠢ ᠶᠢᠨ ᠠᠵᠢᠯᠲᠠᠳ ᠣᠷᠣᠯᠴᠠᠵᠠᠶ᠃ | ᠪᠣᠯᠪᠠᠰᠤᠷᠠᠯ ᠤᠨ ᠬᠤᠷᠠᠯ ᠳᠡᠭᠡᠷ᠎ᠡ᠂ ᠴᠢᠩᠱᠠᠨ ᠲᠣᠭᠤᠷᠢᠭ ᠤᠨ 12345 ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠤᠲᠠᠰᠤ ᠶᠢᠨ ᠬᠤᠪᠢᠶᠠᠷᠢ ᠲᠥᠪ ᠤᠨ ᠬᠤᠤ ᠵᠢᠩ᠂ ᠵᠦ ᠰᠢᠶᠤᠤ | ᠯᠢᠨ ᠭᠥᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠮᠠᠭᠠᠳᠯᠠᠨ ᠲᠣᠭᠲᠠᠭᠠᠭᠰᠠᠨ ᠠᠭᠤᠯᠭ᠎ᠠ ᠶᠢᠨ | ᠲᠣᠭᠤᠷᠢᠨ ᠳᠤ ᠨᠠᠷᠢᠨ ᠲᠠᠶᠢᠯᠤᠮᠵᠢ ᠬᠢᠵᠦ᠂ ᠡᠭᠦᠨ ᠳᠤ ᠪᠢᠴᠢᠬᠦ ᠵᠠᠭᠪᠤᠷ᠂ ᠭᠥᠯᠢᠶᠡᠨ ᠠᠪᠴᠤ ᠰᠢᠢᠳᠪᠦᠷᠢᠯᠡᠬᠦ | ᠬᠡᠪᠴᠢᠶᠡᠨ ᠳᠤ ᠪᠠᠶᠢᠬᠤ ᠥᠬᠡᠶ ᠪᠠᠶᠢᠳᠠᠯ ᠤᠨ ᠴᠢᠭᠯᠡᠯ ᠵᠢᠴᠢ ᠰᠢᠨ᠎ᠡ ᠱᠠᠭᠠᠷᠳᠠᠯᠭ᠎ᠠ ᠵᠡᠷᠭᠡ ᠪᠠᠭᠲᠠᠨ᠎ᠠ᠃ ᠪᠣᠳᠠᠲᠠᠶ | ᠬᠡᠷᠡᠭ ᠤᠨ ᠵᠢᠱᠢᠶ᠎ᠡ ᠪᠠᠷ ᠳᠠᠮᠵᠢᠭᠤᠯᠤᠨ᠂ ᠡᠳᠦᠷ ᠲᠤᠲᠤᠮ ᠤᠨ ᠠᠵᠢᠯ ᠤᠨ ᠬᠠᠭᠤᠳᠠᠰᠤ ᠶᠢ ᠰᠢᠢᠳᠪᠦᠷᠢᠯᠡᠬᠦ ᠳᠤᠮᠳᠠ | ᠢᠯᠡᠷᠡᠭᠰᠡᠨ ᠠᠰᠠᠭᠤᠳᠠᠯ ᠢ ᠨᠢᠭᠡᠳ ᠨᠢᠭᠡ ᠪᠠᠷ ᠵᠠᠳᠠᠯᠬᠤ ᠶᠢᠨ ᠬᠠᠮᠲᠤ ᠰᠢᠢᠳᠪᠦᠷᠢᠯᠡᠬᠦ ᠰᠠᠨᠠᠯ ᠭᠠᠷᠭᠠᠪᠠ᠃ ᠬᠢᠴᠢᠶᠡᠯᠯᠡᠬᠦ | ᠠᠭᠤᠯᠭ᠎ᠠ ᠨᠢ ᠪᠠᠶᠠᠯᠢᠭ᠂ ᠣᠶᠢᠯᠠᠭᠠᠮᠵᠢᠲᠠᠶ ᠪᠠᠶᠢᠵᠤ᠂ ᠬᠤᠷᠠᠯ ᠳᠤ ᠣᠷᠣᠯᠴᠠᠭᠰᠠᠳ ᠲᠣᠰ ᠤᠳᠠᠭᠠᠨ ᠤ ᠰᠤᠷᠤᠯᠴᠠᠯᠭ᠎ᠠ | ᠪᠣᠯᠪᠠᠰᠤᠷᠠᠯ ᠳᠤ ᠶᠡᠭᠡ ᠣᠯᠤᠯᠲᠠ ᠲᠠᠢ ᠭᠡᠵᠦ ᠢᠯᠡᠷᠬᠡᠶᠢᠯᠡᠵᠡᠶ᠃ | ᠴᠢᠩᠱᠠᠨ ᠵᠠᠮ ᠤᠨ ᠵᠡᠭᠡᠯᠢ ᠭᠤᠳᠤᠮᠵᠢ ᠶᠢᠨ ᠬᠢᠨ ᠬᠠᠯᠠᠮᠰᠢᠯ ᠤᠲᠠᠰᠤ ᠶᠢᠨ ᠦᠢᠯᠡᠴᠢᠯᠡᠭᠡᠨ ᠤ ᠶᠠᠰᠤ | ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠢᠯ ᠤᠨ ᠠᠷᠭ᠎ᠠ ᠬᠡᠯᠪᠡᠷᠢ ᠪᠠᠨ ᠰᠢᠯᠢᠳᠡᠭᠵᠢᠭᠦᠯᠦᠨ | ᠲᠤᠬᠢᠷᠠᠭᠤᠯᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠬᠠᠷᠢᠭᠤᠯᠲᠠ ᠥᠭᠴᠦ᠂ ᠨᠠᠶᠢᠳᠠᠪᠤᠷᠢᠵᠢᠭᠤᠯᠤᠯᠲᠠ ᠲᠠᠢ | ᠪᠠᠶᠢᠬᠤ ᠶᠢ ᠪᠠᠲᠤᠯᠠᠨ᠎ᠠ᠃ 11 ᠰᠠᠷ᠎ᠠ ᠶᠢᠨ 26 ᠤ ᠡᠳᠦᠷ ᠪᠣᠯᠲᠠᠯ᠎ᠠ᠂ ᠴᠢᠩᠱᠠᠨ ᠵᠠᠮ ᠤᠨ ᠵᠡᠭᠡᠯᠢ ᠭᠤᠳᠤᠮᠵᠢ | ᠨᠢᠭᠡᠨᠲᠡ 12345 ᠠᠵᠢᠯ ᠤᠨ ᠬᠠᠭᠤᠳᠠᠰᠤ 752 ᠬᠤᠪᠢ ᠶᠢ ᠨᠢ ᠠᠮᠵᠢᠯᠲᠠ ᠲᠠᠢ ᠪᠠᠷ ᠰᠢᠢᠳᠪᠦᠷᠢᠯᠡᠨ | ᠳᠠᠭᠤᠰᠬᠠᠵᠤ᠂ ᠡᠭᠦᠨ ᠳᠤ ᠰᠡᠳᠬᠢᠯ ᠬᠠᠨᠤᠮᠵᠢᠲᠠᠶ ᠠᠵᠢᠯ ᠤᠨ ᠬᠠᠭᠤᠳᠠᠰᠤ 365 ᠬᠤᠪᠢ ᠪᠠᠶᠢᠨ᠎ᠠ᠃ ᠬᠠᠯᠠᠮᠰᠢᠯ | ᠤᠲᠠᠰᠤ ᠶᠢᠨ ᠠᠵᠢᠯ ᠤᠨ ᠬᠠᠭᠤᠳᠠᠰᠤ ᠶᠢ ᠲᠥᠪᠯᠡᠷᠡᠭᠦᠯᠦᠨ ᠪᠣᠭᠤᠮᠲᠠ ᠰᠢᠪᠲᠤᠯᠬᠤ ᠠᠵᠢᠯᠯᠠᠭ᠎ᠠ ᠶᠢ ᠢᠳᠡᠪᠬᠢᠲᠡᠢ | ᠴᠤᠤᠷᠢᠶᠠᠲᠤᠨ ᠳᠠᠭᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠳᠠᠷᠤᠭᠳᠠᠵᠤ ᠪᠠᠶᠢᠭᠰᠠᠨ | ᠠᠵᠢᠯ ᠤᠨ ᠬᠠᠭᠤᠳᠠᠰᠦ ᠶᠢ ᠰᠢᠢᠳᠪᠦᠷᠢᠯᠡᠵᠦ᠂ 11 ᠳ᠋ᠦ᠋ᠭᠡᠷ ᠰᠠᠷ᠎ᠠ ᠳᠤ ᠴᠢᠩᠱᠠᠨ ᠵᠠᠮ ᠤᠨ ᠵᠡᠭᠡᠯᠢ ᠭᠤᠳᠤᠮᠵᠢ ᠶᠢᠨ | ᠠᠵᠢᠯ ᠤᠨ ᠨᠢᠭᠡᠴᠢ ᠶᠢᠨ ᠬᠤᠭᠤᠴᠠᠭ᠎ᠠ ᠠᠴᠠ ᠬᠡᠲᠦᠷᠡᠭᠰᠡᠨ ᠶᠠᠪᠤᠳᠠᠯ ᠢ ᠰᠢᠢᠳᠪᠦᠷᠢᠯᠡᠵᠦ ᠳᠠᠭᠤᠰᠬᠠᠭᠰᠠᠨ ᠨᠤᠷᠮ᠎ᠠ | 95.71% ᠪᠠᠶᠢᠭᠰᠠᠨ ᠠᠴᠠ ᠪᠠᠨ 100% ᠪᠣᠯᠲᠠᠯ᠎ᠠ ᠳᠡᠭᠡᠭᠰᠢᠯᠡᠭᠦᠯᠵᠦ᠂ ᠢᠯᠡᠳᠲᠡ ᠦᠷ᠎ᠡ ᠪᠦᠲᠦᠮᠵᠢ ᠤᠯᠪᠠ᠃ | ᠳᠠᠷᠠᠭᠠᠴᠢ ᠶᠢᠨ ᠠᠯᠬᠤᠮ ᠳᠤ᠂ ᠴᠢᠩᠱᠠᠨ ᠵᠠᠮ ᠤᠨ ᠵᠡᠭᠡᠯᠢ ᠭᠤᠳᠤᠮᠵᠢ ᠶᠢᠨ ᠬᠢᠨ ᠦᠷᠭᠦᠯᠵᠢᠯᠡᠨ ᠤᠯᠠᠨ | ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢ | ᠢᠯᠡᠷᠡᠭᠦᠯᠬᠦ᠂ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠪᠠᠷ ᠬᠦᠴᠦᠯᠡᠵᠦ᠂ ᠤᠯᠠᠨ ᠲᠦᠮᠡᠨ ᠤ ᠬᠦᠴᠢᠷ ᠵᠣᠪᠠᠭᠤᠷᠢ ᠶᠢ ᠰᠡᠳᠬᠢᠯ ᠲᠠᠯᠪᠢᠨ ᠰᠢᠢᠳᠪᠦᠷᠢᠯᠡᠵᠦ᠂ | ᠠᠵᠢᠯ ᠤᠨ ᠬᠠᠭᠤᠳᠠᠰᠤ ᠶᠢ ᠰᠢᠢᠳᠪᠦᠷᠢᠯᠡᠬᠦ ᠶᠢ ︽ᠬᠤᠷᠳᠤᠴᠠ︾ ᠲᠠᠢ ᠪᠣᠯᠭᠠᠵᠤ᠂ ︽ᠳᠤᠯᠠᠭᠠᠴᠠ︾ ᠶᠢ ᠢᠯᠡᠷᠡᠭᠦᠯᠦᠨ᠎ᠡ᠃ | | | | | | | |