ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠬᠠᠮᠲᠤᠷᠠᠭᠰᠠᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/11/28
      ᠣᠶᠢᠷ᠎ᠠ ᠳᠤ᠂ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠲᠣᠭᠤᠷᠢᠭ ᠤᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ ᠲᠠᠢ ᠬᠠᠮᠲᠤᠷᠠᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠬᠠᠮᠲᠤᠷᠠᠭᠰᠠᠨ ᠪᠠᠶᠢᠴᠠᠭᠠᠯᠲᠠ ᠶᠢ ᠥᠷᠨᠢᠭᠦᠯᠵᠦ᠂ ᠠᠮᠤᠷ ᠲᠦᠪᠰᠢᠨ ᠤ ᠬᠠᠮᠢᠶᠠᠷᠤᠯᠲᠠ ᠶᠢ ᠵᠢᠷᠤᠮᠵᠢᠭᠤᠯᠬᠤ᠂ ᠰᠤᠷᠭᠠᠭᠤᠯᠢ ᠡᠷᠭᠢᠯᠡᠬᠦ ᠶᠢ ᠵᠢᠷᠤᠮᠵᠢᠭᠤᠯᠬᠤ᠂ ᠪᠥᠬᠦ ᠤᠯᠤᠰ ᠤᠨ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠬᠢᠨᠠᠯᠲᠠ ᠬᠠᠮᠢᠶᠠᠷᠤᠯᠲᠠ ᠬᠢᠭᠡᠳ ᠦᠢᠯᠡᠴᠢᠯᠡᠭᠡᠨ ᠤ ᠶᠡᠷᠦᠩᠬᠡᠶᠢᠯᠡᠭᠰᠡᠨ ᠲᠠᠪᠴᠠᠩ ᠤᠨ ᠬᠡᠷᠡᠭᠯᠡᠯᠲᠡ ᠵᠡᠷᠭᠡ ᠲᠠᠯ᠎ᠠ ᠶᠢ ᠭᠤᠤᠯᠳᠠᠯᠭ᠎ᠠ ᠲᠠᠢ ᠪᠠᠶᠢᠴᠠᠭᠠᠪᠠ᠃ ᠠᠵᠢᠯᠲᠠᠳ  ᠠᠴᠠ ᠪᠣᠯᠪᠠᠰᠤᠷᠠᠯ ᠤᠨ ᠪᠠᠶᠢᠭᠤᠯᠤᠮᠵᠢ ᠶᠢᠨ ᠵᠢᠭᠠᠨ ᠰᠤᠷᠭᠠᠬᠤ ᠲᠠᠯᠠᠪᠤᠷ ᠭᠠᠵᠠᠷ ᠤᠨ ᠲᠠᠷᠬᠠᠭᠠᠬᠤ ᠨᠡᠪᠲᠡᠷᠡᠬᠦ ᠵᠠᠮ᠂ ᠠᠮᠤᠷ ᠲᠦᠪᠰᠢᠨ ᠭᠠᠷᠬᠤ ᠡᠭᠦᠳᠡ᠂ ᠭᠠᠯ ᠤᠨᠲᠠᠷᠠᠭᠠᠬᠤ ᠪᠡᠯᠡᠳᠬᠡᠮᠵᠢ ᠪᠠᠭᠠᠵᠢ ᠬᠡᠷᠡᠭᠰᠡᠯ ᠳᠣᠭᠢᠷᠠᠭᠤᠯᠬᠤ᠂ ᠭᠠᠯ ᠬᠡᠷᠡᠭᠯᠡᠬᠦ ᠴᠠᠬᠢᠯᠭᠠᠨ ᠤ ᠬᠠᠮᠢᠶᠠᠷᠤᠯᠲᠠ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠣᠯᠵᠤ ᠮᠡᠳᠡᠭᠰᠡᠨ ᠠᠰᠠᠭᠤᠳᠠᠯ ᠳᠤ ᠴᠢᠭᠯᠡᠭᠦᠯᠦᠨ᠂ ᠡᠯ᠎ᠡ ᠰᠠᠯᠠᠭ᠎ᠠ ᠮᠥᠴᠢᠷ ᠲᠤᠬᠠᠶ ᠶᠢᠨ ᠲᠠᠯᠠᠪᠠᠶ ᠳᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠲᠡᠷᠡ ᠳᠠᠷᠤᠶ ᠳᠤᠨᠢ ᠬᠡᠷᠡᠭᠵᠢᠭᠦᠯᠵᠦ ᠲᠡᠷᠡ ᠳᠠᠷᠤᠶ ᠳᠤᠨᠢ ᠥᠭᠡᠷᠡᠴᠢᠯᠡᠬᠦ ᠶᠢ ᠱᠠᠭᠠᠷᠳᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号