ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ︽ᠪᠦᠬᠦᠨ ᠳᠤ ᠲᠣᠬᠢᠷᠠᠬᠤ ᠺᠠᠷᠲ︾ ᠤᠨ ᠨᠡᠷᠡᠨ ᠭᠡᠷᠡᠯᠲᠦ ᠲᠠᠪᠴᠠᠩ ᠲᠠᠷᠬᠠᠭᠠᠬᠤ ᠠᠵᠢᠯ ᠢ ᠦᠷᠭᠦᠯᠵᠢᠯᠡᠨ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2024/11/29
      2024 ᠣᠨ ᠳᠤ ᠠᠷᠠᠳ ᠲᠤ ᠠᠰᠢᠭ ᠬᠦᠷᠲᠡᠭᠡᠬᠦ ᠲᠠᠷᠢᠶᠠᠴᠢᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠶᠢᠨ ︽ᠪᠦᠬᠦᠨ ᠳᠤ ᠲᠣᠬᠢᠷᠠᠬᠤ ᠺᠠᠷᠲ︾ ᠣᠯᠭᠤᠬᠤ ᠬᠠᠮᠢᠶᠠᠷᠤᠯᠲᠠ ᠶᠢᠨ ᠡᠯ᠎ᠡ ᠵᠦᠢᠯ ᠤᠨ ᠠᠵᠢᠯ ᠢ ᠦᠷᠭᠦᠯᠵᠢᠯᠡᠨ ᠰᠠᠶᠢᠲᠤᠷ ᠬᠢᠬᠦ ᠶᠢᠨ ᠲᠥᠯᠥᠭᠡ᠂ ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠠᠷᠠᠳ ᠲᠤ ᠠᠰᠢᠭ ᠬᠦᠷᠲᠡᠭᠡᠬᠦ ᠲᠠᠷᠢᠶᠠᠴᠢᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠣᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ︽ᠪᠦᠬᠦᠨ ᠳᠤ ᠳᠣᠭᠢᠷᠠᠬᠤ ᠺᠠᠷᠲ︾ ᠤᠨ ᠰᠢᠰᠲ᠋ᠧᠮ ᠤᠨ ᠲᠣᠭᠠᠴᠢᠯᠠᠭᠰᠠᠨ ᠡᠨᠧᠷᠭᠢ ᠣᠯᠭᠤᠬᠤ ᠳᠤ ᠲᠦᠰᠢᠭᠯᠡᠨ᠂ ︽ᠪᠦᠬᠦᠨ ᠳᠤ ᠳᠣᠭᠢᠷᠠᠬᠤ ᠺᠠᠷᠲ︾ ᠤᠨ ᠬᠠᠮᠢᠶᠠᠷᠤᠯᠲᠠ ᠶᠢᠨ ᠲᠦᠷᠢᠮ ᠢ ᠴᠢᠩᠭᠠᠷᠠᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠪᠠᠯᠠ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠶᠢᠨ ᠲᠥᠷᠥ ᠶᠢᠨ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠣᠯᠠᠨ ᠲᠦᠮᠡᠨ ᠤ ᠦᠨᠳᠦᠰᠦᠨ ᠠᠰᠢᠭ ᠲᠤᠰᠠ ᠶᠢ ᠦᠨᠡᠨ ᠬᠦ ᠪᠠᠲᠤᠯᠠᠪᠠ᠃      ︽ᠪᠦᠬᠦᠨ ᠳᠤ ᠲᠣᠬᠢᠷᠠᠬᠤ ᠺᠠᠷᠲ︾ ᠢᠶᠠᠷ ᠣᠯᠭᠤᠬᠤ ᠠᠵᠢᠯᠯᠠᠭᠠᠨ ᠤ ᠳᠦᠷᠢᠮ ᠢ ᠴᠢᠩᠭ᠎ᠠ ᠨᠠᠶᠢᠲᠠᠪᠦᠷᠢᠵᠢᠭᠤᠯᠤᠨ᠎ᠠ᠃ ᠠᠵᠢᠯ ᠲᠥᠷᠥᠯ ᠤᠨ ᠰᠠᠯᠠᠭ᠎ᠠ ᠮᠥᠴᠢᠷ ᠪᠠ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠢᠯᠡ ᠨᠡᠶᠢᠲᠡᠯᠡᠬᠦ ᠶᠢ ᠴᠢᠩᠭᠠᠳᠬᠠᠨ᠂ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠭᠦᠨᠵᠡᠭᠡᠶᠢᠷᠡᠭᠦᠯᠬᠦ᠂ ᠨᠥᠬᠦᠪᠥᠷᠢ ᠣᠯᠭᠤᠬᠤ ᠲᠣᠳᠣᠷᠬᠠᠶ ᠳᠡᠪᠲᠡᠷ ᠢ ᠪᠠᠶᠢᠭᠤᠯᠤᠨ ᠪᠦᠷᠢᠨᠰᠢᠭᠦᠯᠬᠦ᠂ ᠣᠷᠣᠯᠠᠨ ᠲᠠᠷᠬᠠᠭᠠᠬᠤ ᠪᠠᠩᠬᠢ ᠶᠢᠨ ᠺᠠᠷᠲ ᠠᠪᠬᠤ ᠶᠢ ᠵᠢᠷᠤᠮᠵᠢᠭᠤᠯᠬᠤ᠂ ᠨᠥᠬᠦᠪᠥᠷᠢ ᠣᠯᠭᠤᠬᠤ ᠲᠥᠷᠥ ᠶᠢᠨ ᠪᠣᠳᠣᠯᠭ᠎ᠠ ᠶᠢ ᠵᠠᠷᠯᠠᠨ ᠨᠡᠶᠢᠲᠡᠯᠡᠬᠦ᠂ ᠨᠥᠬᠦᠪᠥᠷᠢ ᠣᠯᠭᠤᠬᠤ ᠶᠢ ᠢᠯᠡ ᠨᠡᠶᠢᠲᠡᠯᠡᠬᠦ᠂ ᠬᠠᠮᠲᠤᠷᠠᠭᠰᠠᠨ ᠬᠤᠷᠠᠯ ᠬᠤᠷᠠᠯᠳᠤᠭᠤᠯᠬᠤ ᠵᠡᠷᠭᠡ ᠳᠦᠷᠢᠮ ᠪᠠ ᠠᠷᠭ᠎ᠠ ᠬᠡᠮᠵᠢᠶ᠎ᠡ ᠶᠢ ᠢᠳᠡᠪᠬᠢᠲᠡᠶ ᠲᠡᠭᠦᠯᠳᠡᠷᠵᠢᠭᠦᠯᠵᠦ᠂ ︽ᠪᠦᠬᠦᠨ ᠳᠤ ᠲᠣᠬᠢᠷᠠᠬᠤ ᠺᠠᠷᠲ︾ ᠣᠯᠭᠤᠬᠤ ᠪᠢᠲᠡᠭᠦᠤ ᠴᠠᠭᠠᠷᠢᠭ ᠤᠨ ᠬᠠᠮᠢᠶᠠᠷᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠠᠷᠠᠳ ᠲᠤ ᠠᠰᠢᠭ ᠬᠦᠷᠲᠡᠭᠡᠬᠦ ᠲᠠᠷᠢᠶᠠᠴᠢᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠶᠢ ᠴᠠᠭ ᠲᠤᠬᠠᠶ ᠳᠤᠨᠢ᠂ ᠣᠨᠣᠪᠴᠢᠲᠠᠶ᠂ ᠲᠤᠭ᠎ᠠ ᠶᠣᠰᠣᠭᠠᠷ ᠣᠯᠭᠤᠬᠤ ᠶᠢ ᠦᠨᠡᠨᠬᠦ ᠪᠠᠲᠤᠯᠠᠨ᠎ᠠ᠃      ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠣᠯᠠᠨ ᠲᠦᠮᠡᠨ ᠤ ᠲᠥᠷᠥ ᠶᠢᠨ ᠪᠣᠳᠣᠯᠭ᠎ᠠ ᠶᠢ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠨᠢᠭᠡ ᠲᠠᠯ᠎ᠠ ᠪᠠᠷ᠂ ᠡᠷᠦᠬᠡ ᠳᠤ ᠣᠷᠣᠵᠤ ᠤᠬᠠᠭᠤᠯᠬᠤ᠂ ᠲᠣᠳᠣᠷᠬᠠᠶ ᠺᠠᠷᠲ ᠲᠠᠷᠬᠠᠭᠠᠬᠤ᠂ ᠤᠬᠠᠭᠤᠯᠭ᠎ᠠ ᠶᠢᠨ ᠲᠠᠪᠴᠠᠩ ᠪᠠᠶᠢᠭᠤᠯᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ︽ᠪᠦᠬᠦᠨ ᠳᠤ ᠳᠣᠭᠢᠷᠠᠬᠤ ᠺᠠᠷᠲ︾ ᠤᠨ ᠬᠡᠷᠡᠭᠯᠡᠬᠦ ᠠᠷᠭ᠎ᠠ ᠪᠠ ᠠᠷᠠᠳ ᠲᠤ ᠠᠰᠢᠭ ᠬᠦᠷᠲᠡᠭᠡᠬᠦ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠢᠳᠡᠪᠬᠢᠲᠡᠶ ᠤᠬᠠᠭᠤᠯᠵᠤ᠂ ᠣᠷᠣᠯᠠᠨ ᠲᠠᠷᠬᠠᠭᠠᠬᠤ ᠪᠠᠩᠬᠢ ᠲᠠᠢ ᠬᠠᠮᠵᠢᠯᠴᠠᠨ ︽ᠪᠦᠬᠦᠨ ᠳᠤ ᠳᠣᠭᠢᠷᠠᠬᠤ ᠺᠠᠷᠲ︾᠂ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠲᠠᠩᠰᠠᠨ ᠡᠷᠦᠬᠡ ᠶᠢ ᠬᠤᠪᠢᠷᠠᠭᠤᠯᠬᠤ ᠬᠠᠮᠢᠶᠠᠷᠤᠯᠲᠠ ᠶᠢ ᠴᠠᠭ ᠲᠤᠬᠠᠶ ᠳᠤᠨᠢ ᠰᠠᠶᠢᠲᠤᠷ ᠬᠢᠵᠦ᠂ ᠠᠷᠠᠳ ᠲᠤ ᠠᠰᠢᠭ ᠬᠦᠷᠲᠡᠭᠡᠬᠦ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠶᠢ ᠨᠠᠷᠢᠯᠢᠭ ᠤᠨᠤᠪᠴᠢᠲᠠᠢ ᠣᠯᠭᠤᠬᠤ ᠶᠢ ᠦᠨᠡᠨ ᠬᠦ ᠪᠠᠲᠤᠯᠠᠨ᠎ᠠ︔ ᠨᠥᠭᠦᠭᠡ ᠲᠠᠯ᠎ᠠ ᠪᠠᠷ᠂ ᠸᠢᠴᠠᠲ ᠤᠨ ᠬᠤᠯᠪᠤᠭ᠎ᠠ ᠵᠢᠴᠢ ᠣᠯᠠᠨ ᠨᠡᠶᠢᠲᠡ ᠶᠢᠨ ᠳ᠋ᠤᠭᠠᠷ ᠢ ᠠᠰᠢᠭᠯᠠᠨ ᠠᠷᠠᠳ ᠲᠤ ᠠᠰᠢᠭ ᠬᠦᠷᠲᠡᠭᠡᠬᠦ ᠲᠠᠷᠢᠶᠠᠴᠢᠳ ᠲᠤ ᠠᠰᠢᠭ ᠬᠦᠷᠲᠡᠭᠡᠬᠦ ︽ᠪᠦᠬᠦᠨ ᠳᠤ ᠳᠣᠭᠢᠷᠠᠬᠤ ᠺᠠᠷᠲ︾ ᠤᠨ ᠡᠯᠧᠺᠲᠷᠤᠨ ᠤᠬᠠᠭᠤᠯᠭ᠎ᠠ ᠶᠢᠨ ᠮᠠᠲ᠋ᠧᠷᠢᠶᠠᠯ ᠢ ᠢᠳᠡᠪᠬᠢᠲᠡᠶ ᠳᠠᠮᠵᠢᠭᠤᠯᠤᠨ ᠲᠠᠷᠬᠠᠭᠠᠵᠤ᠂ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠂ ᠢᠯᠡ ᠲᠣᠳᠣ ᠡᠳ᠋ ᠤᠨ ᠵᠠᠰᠠᠭ ᠢ ᠦᠨᠡᠨ ᠬᠦ ᠪᠡᠶᠡᠯᠡᠭᠦᠯᠦᠨ᠎ᠡ᠃      2024 ᠣᠨ ᠤ 1 —10 ᠳ᠋ᠤᠭᠠᠷ ᠰᠠᠷ᠎ᠠ ᠪᠣᠯᠲᠠᠯ᠎ᠠ᠂ ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠠᠷᠠᠳ ᠲᠤ ᠠᠰᠢᠭ ᠬᠦᠷᠲᠡᠭᠡᠬᠦ ᠨᠥᠬᠦᠪᠥᠷᠢ ᠶᠢᠨ ᠪᠠᠯᠠ ᠮᠥᠩᠭᠦ 4218.23 ᠲᠦᠮᠡᠨ ᠲᠥᠭᠦᠷᠢᠭ  ᠢ ᠨᠢᠭᠡᠨᠲᠡ ︽ᠪᠦᠬᠦᠨ ᠳᠤ ᠳᠣᠭᠢᠷᠠᠬᠤ ᠺᠠᠷᠲ︾ ᠤᠨ ᠨᠡᠷᠡᠨ ᠭᠡᠷᠡᠯᠲᠦ ᠬᠢᠨᠠᠯᠲᠠ ᠬᠠᠮᠢᠶᠠᠷᠤᠯᠲᠠ ᠶᠢᠨ ᠲᠠᠪᠴᠠᠩ ᠳᠤ ᠣᠷᠣᠭᠤᠯᠵᠤ᠂ ᠨᠥᠬᠦᠪᠥᠷᠢ ᠶᠢᠨ ᠲᠥᠷᠥᠯ ᠵᠦᠢᠯ 5 ᠬᠦᠷᠢᠶ᠎ᠡ ᠴᠠᠷᠠᠭ᠎ᠠ ᠶᠢᠨ 16 ᠲᠥᠷᠥᠯ 19 ᠵᠦᠢᠯ ᠪᠠᠶᠢᠵᠤ᠂ ᠠᠰᠢᠭ ᠭᠥᠷᠳᠡᠭᠰᠡᠨ ᠬᠤᠲᠠ ᠬᠥᠳᠡᠭᠡ ᠶᠢᠨ ᠰᠠᠭᠤᠭᠠᠯᠢ ᠠᠷᠠᠳ 21.74 ᠲᠦᠮᠡᠨ ᠬᠥᠮᠦᠨ ︵ᠤᠳᠠᠭ᠎ᠠ︶ ᠳᠤ ᠬᠦᠷᠴᠡᠶ᠃ ᠡᠳ᠋ ᠤᠨ ᠵᠠᠰᠠᠭ ᠤᠨ ᠨᠥᠬᠦᠪᠥᠷᠢ ᠮᠥᠩᠭᠦ ᠶᠢ ᠲᠠᠷᠬᠠᠭᠠᠬᠤ ᠨᠢ ᠭᠤᠤᠯᠳᠠᠭᠤ ᠨᠡᠶᠢᠭᠡᠮ ᠤᠨ ᠪᠠᠲᠤᠯᠠᠭ᠎ᠠ ᠶᠢᠨ ᠬᠦᠷᠢᠶ᠎ᠡ ᠴᠠᠷᠠᠭ᠎ᠠ᠂ ᠲᠥᠯᠥᠪᠯᠡᠭᠡᠲᠦ ᠦᠷᠡᠵᠢᠯ ᠤᠨ ᠬᠦᠷᠢᠶ᠎ᠡ ᠴᠠᠷᠠᠭ᠎ᠠ᠂ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠪᠠᠷ ᠭᠤᠤᠯ ᠪᠣᠯᠭᠠᠪᠠ᠂ ᠡᠭᠦᠨ ᠳᠤ᠄ ᠨᠡᠶᠢᠭᠡᠮ ᠤᠨ ᠪᠠᠲᠤᠯᠠᠭ᠎ᠠ ᠶᠢᠨ ᠲᠥᠷᠥᠯ ᠤᠨ ᠨᠥᠬᠦᠪᠥᠷᠢ 3509.94 ᠲᠦᠮᠡᠨ ᠲᠥᠭᠦᠷᠢᠭ ᠪᠠᠶᠢᠵᠤ᠂ ᠲᠠᠷᠬᠠᠭᠠᠭᠰᠠᠨ ᠶᠡᠷᠦᠩᠬᠡᠶ ᠲᠤᠭ᠎ᠠ ᠶᠢᠨ 83.21% ᠶᠢ ᠡᠵᠡᠯᠡᠪᠡ︔ ᠲᠥᠯᠥᠪᠯᠡᠭᠡᠲᠦ ᠦᠷᠡᠵᠢᠯ ᠤᠨ ᠲᠥᠷᠥᠯ ᠤᠨ ᠨᠥᠬᠦᠪᠥᠷᠢ 625.19 ᠲᠦᠮᠡᠨ ᠲᠥᠭᠦᠷᠢᠭ ᠪᠠᠶᠢᠵᠤ᠂ ᠲᠠᠷᠬᠠᠭᠠᠭᠰᠠᠨ ᠶᠡᠷᠦᠩᠬᠡᠶ ᠲᠤᠭ᠎ᠠ ᠶᠢᠨ 14.82% ᠢ ᠡᠵᠡᠯᠡᠪᠡ︔ ᠪᠦᠲᠦᠭᠡᠨ ᠪᠠᠶᠢᠭᠤᠯᠤᠯᠲᠠ ᠶᠢᠨ ᠲᠥᠷᠥᠯ ᠤᠨ ᠨᠥᠬᠦᠪᠥᠷᠢ 30.3 ᠲᠦᠮᠡᠨ ᠲᠥᠭᠦᠷᠢᠭ ᠪᠠᠶᠢᠵᠤ᠂ ᠲᠠᠷᠬᠠᠭᠠᠭᠰᠠᠨ ᠶᠡᠷᠦᠩᠬᠡᠶ ᠲᠤᠭ᠎ᠠ ᠶᠢᠨ 0.72% ᠢ ᠡᠵᠡᠯᠡᠵᠦ᠂ ᠪᠤᠰᠤᠳ ᠬᠦᠷᠢᠶᠡᠨ ᠳᠤ 52.8 ᠲᠦᠮᠡᠨ ᠲᠥᠭᠦᠷᠢᠭ ᠤᠨ ᠨᠥᠬᠦᠪᠥᠷᠢ ᠥᠭᠴᠦ᠂ ᠲᠠᠷᠬᠠᠭᠠᠭᠰᠠᠨ ᠶᠡᠷᠦᠩᠬᠡᠶ ᠲᠤᠭ᠎ᠠ ᠶᠢᠨ 1.25% ᠶᠢ ᠡᠵᠡᠯᠡᠪᠡ᠃      ᠳᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ︽ᠪᠦᠬᠦᠨ ᠳᠤ ᠲᠣᠬᠢᠷᠠᠬᠤ ᠺᠠᠷᠲ︾ ᠤᠨ ᠦᠢᠯᠡᠴᠢᠯᠡᠭᠡᠨ ᠤ ᠰᠢᠰᠲ᠋ᠧᠮ ᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠥᠬᠦᠪᠥᠷᠢ ᠶᠢᠨ ᠪᠡᠯᠡ ᠮᠥᠩᠭᠦ ᠶᠢ ᠲᠠᠷᠬᠠᠭᠠᠬᠤ ᠶᠠᠪᠤᠴᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠠᠷᠠᠳ ᠲᠤ ᠠᠰᠢᠭ ᠬᠦᠷᠲᠡᠭᠡᠬᠦ ᠨᠥᠬᠦᠪᠥᠷᠢ ᠶᠢᠨ ᠪᠡᠯᠡ ᠮᠥᠩᠭᠦ ᠶᠢ ᠪᠦᠬᠦᠨ ᠢ ᠤᠨᠢᠨ ᠳᠡᠭᠡᠷ᠎ᠡ ᠨᠢ ᠥᠨᠳᠥᠷ ᠪᠦᠲᠦᠮᠵᠢᠲᠡᠢ ᠤᠯᠠᠨ ᠲᠦᠮᠡᠨ ᠤ ᠭᠠᠷ ᠲᠤ ᠣᠯᠭᠤᠬᠤ ᠶᠢ ᠪᠠᠲᠤᠯᠠᠵᠤ᠂ ᠥᠷᠭᠡᠨ ᠤᠯᠠᠨ ᠲᠦᠮᠡᠨ ᠤ ᠵᠣᠯ ᠵᠢᠷᠭᠠᠯᠲᠤ ᠲᠦᠷᠦᠭᠳᠡᠯ ᠪᠣᠯᠤᠨ ᠬᠦᠷᠲᠡᠮᠵᠢ ᠶᠢᠨ ᠲᠦᠷᠦᠭᠳᠡᠯ ᠢ ᠦᠨᠡᠨᠬᠦ ᠳᠡᠭᠡᠭᠰᠢᠯᠡᠭᠦᠯᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号