ᠲᠦᠷᠦᠭᠦᠦ ᠪᠦᠯᠦᠭ ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠣᠶᠢᠯᠠᠭᠠᠬᠤ ᠲᠤᠰᠢᠶᠠᠯᠲᠠᠨ︾ ᠠᠵᠢᠯ ᠤᠨ ᠪᠠᠶᠢᠷᠢᠨ ᠳᠠᠭᠠᠨ ᠭᠠᠷᠪᠠ
ᠨᠡᠶᠢᠲᠡᠯᠡᠭᠰᠡᠨ ᠴᠠᠭ᠄
2024/11/4
      ᠴᠢᠩᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠶᠠᠪᠤᠳᠠᠯ ᠭᠦᠢᠴᠡᠳᠭᠡᠬᠦ ᠴᠤᠪᠤᠷᠠᠯ ᠢ ᠰᠢᠯᠢᠳᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ︾ ᠭᠤᠤᠯ ᠰᠡᠳᠦᠪ ᠤᠨ ᠲᠣᠭᠤᠷᠢᠨ ᠳᠤ᠂ ᠨᠡᠶᠢᠭᠡᠮ ᠨᠡᠶᠢᠲᠡ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠤᠲᠠ ᠶᠢᠨ ᠠᠷᠠᠳ ᠤᠨ ᠲᠥᠯᠥᠭᠡᠯᠡᠭᠴᠢ ᠵᠢᠴᠢ ᠦᠨᠡᠨᠴᠢ ᠢᠲᠡᠭᠡᠮᠵᠢᠲᠡᠶ ᠠᠵᠤ ᠠᠬᠤᠶᠢᠯᠠᠯ ᠤᠨ 38 ᠲᠥᠯᠥᠭᠡᠯᠡᠭᠴᠢ ᠶᠢ ᠤᠷᠢᠵᠦ ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠣᠶᠢᠯᠠᠭᠠᠬᠤ ᠲᠤᠰᠢᠶᠠᠯᠲᠠᠨ︾ ᠢ ᠡᠭᠦᠷᠭᠡᠯᠡᠬᠦ ᠶᠢᠨ ᠬᠠᠮᠲᠤ ︽ᠵᠠᠰᠠᠭ ᠤᠨ ᠶᠠᠪᠤᠳᠠᠯ ᠤᠨ ᠨᠡᠭᠡᠭᠡᠯᠲᠡ ᠶᠢᠨ ᠡᠳᠦᠷ︾ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ᠪᠡᠶ᠎ᠡ ᠪᠠᠷ ᠢᠶᠠᠨ ᠣᠷᠣᠯᠴᠠᠬᠤ ᠲᠤᠰᠢᠶᠠᠯᠲᠠᠨ︾ ᠤ ︽ᠬᠡᠷᠡᠭᠯᠡᠭᠴᠢ ᠶᠢᠨ ᠬᠠᠷᠠᠭᠠᠰᠤ︾ ᠶᠢ ᠠᠵᠢᠯ ᠶᠠᠪᠤᠳᠠᠯ ᠭᠦᠢᠴᠡᠳᠭᠡᠬᠦ ᠣᠷᠴᠢᠨ ᠲᠣᠭᠤᠷᠢᠨ᠂ ᠠᠵᠢᠯ ᠶᠠᠪᠤᠳᠠᠯ ᠭᠦᠢᠴᠡᠳᠭᠡᠬᠦ ᠴᠤᠪᠤᠷᠠᠯ᠂ ᠦᠢᠯᠡᠴᠢᠯᠡᠭᠡᠨ ᠤ ᠣᠪᠣᠷ᠂ ᠠᠵᠢᠯ ᠤᠨ ᠰᠤᠷᠲᠠᠯ ᠵᠡᠷᠭᠡ ᠲᠠᠯ᠎ᠠ ᠪᠠᠷ ᠪᠥᠬᠦ ᠶᠠᠪᠤᠴᠠ ᠪᠠᠷ ᠬᠢᠨᠠᠯᠲᠠ ᠲᠠᠯᠪᠢᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠲᠦᠮᠵᠢ ᠶᠢ ᠪᠡᠶᠡᠴᠢᠯᠡᠨ ᠣᠶᠢᠯᠠᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠦᠨ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号