ᠫᠢᠩᠫᠠᠩ ᠪᠥᠮᠪᠦᠭᠡ ᠶᠢ ᠨᠡᠶᠢᠭᠡᠮ ᠲᠣᠭᠤᠷᠢᠭ ᠲᠤ ᠤᠷᠤᠭᠤᠯᠵᠦ      ᠴᠢᠩᠱᠠᠨ ᠲᠣᠭᠤᠷᠢᠭ ᠤᠨ ᠪᠡᠶ᠎ᠡ ᠴᠢᠭᠢᠷᠠᠭᠵᠢᠭᠤᠯᠬᠤ ᠬᠠᠯᠠᠭᠤᠨ ᠥᠷᠨᠢᠯᠲᠡ ᠶᠢ ᠰᠡᠷᠭᠦᠭᠡᠪᠡ
ᠨᠡᠶᠢᠲᠡᠯᠡᠭᠰᠡᠨ ᠴᠠᠭ᠄
2024/11/8
      ᠰᠠᠭᠤᠭᠠᠯᠢ ᠠᠷᠠᠳ ᠤᠨ ᠪᠡᠶ᠎ᠡ ᠶᠢᠨ ᠲᠠᠮᠢᠷ ᠤᠨ ᠠᠮᠢᠳᠤᠷᠠᠯ ᠢ ᠨᠠᠩ ᠰᠠᠶᠢᠨ ᠪᠠᠶᠠᠯᠢᠭᠵᠢᠭᠤᠯᠵᠤ᠂ ᠨᠡᠶᠢᠭᠡᠮ ᠲᠣᠭᠤᠷᠢᠭ ᠤᠨ ᠣᠯᠠᠨ ᠲᠦᠮᠡᠨ ᠳᠤ ᠨᠠᠩ ᠰᠢᠯᠢᠳᠡᠭ ᠪᠡᠶ᠎ᠡ ᠴᠢᠭᠢᠷᠠᠭᠵᠢᠭᠤᠯᠬᠤ ᠦᠢᠯᠡᠴᠢᠯᠡᠭᠡ ᠬᠦᠷᠲᠡᠭᠡᠬᠦ ᠶᠢᠨ ᠲᠥᠯᠥᠭᠡ᠂ ᠲᠣᠰ ᠭᠠᠷᠠᠭ ᠴᠢᠩᠱᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠲᠣᠰ ᠲᠣᠰ ᠪᠤᠭᠤᠲᠤ ᠬᠤᠲᠠ ᠶᠢᠨ ᠬᠥᠩᠭᠡᠨ ᠠᠵᠤ ᠦᠢᠯᠡᠳᠪᠦᠷᠢ ᠶᠢᠨ ᠮᠡᠷᠭᠡᠵᠢᠯ ᠤᠨ ᠳᠡᠭᠡᠳᠦ ᠰᠤᠷᠭᠠᠭᠤᠯᠢ ᠪᠠ ᠴᠢᠩᠱᠠᠨ ᠲᠣᠭᠤᠷᠢᠭ ᠤᠨ ᠯᠢ ᠳ᠋ᠦᠩ ᠫᠢᠩᠫᠠᠩ ᠪᠥᠮᠪᠦᠭᠡ ᠶᠢᠨ ᠺᠯᠦ᠋ᠪ ᠲᠤ 2024 ᠣᠨ ᠤ ︽ᠫᠢᠩᠫᠠᠩ ᠪᠥᠮᠪᠦᠭᠡ ᠨᠡᠶᠢᠭᠡᠮ ᠲᠣᠭᠤᠷᠢᠭ ᠲᠤ ᠤᠷᠤᠬᠤ︾ ᠰᠢᠷᠢᠰ ᠠᠵᠢᠯᠯᠠᠭ᠎ᠠ ᠶᠢ ᠠᠮᠵᠢᠯᠲᠠ ᠲᠠᠢ ᠡᠷᠭᠢᠯᠡᠪᠡ᠃      ᠤᠷᠤᠯᠳᠤᠭᠠᠨ ᠤ ᠠᠬᠤᠶ ᠲᠠᠯᠠᠪᠠᠶ ᠶᠢᠨ ᠠᠭᠤᠷ ᠠᠮᠢᠰᠬᠤᠯ ᠪᠠᠴᠢᠮ ᠪᠥᠭᠡᠳ ᠬᠦᠷ ᠬᠥᠭᠵᠢᠶᠡᠨ ᠢᠶᠠᠷ ᠪᠢᠯᠬᠠᠵᠤ᠂ ᠴᠢᠩᠱᠠᠨ ᠲᠣᠭᠤᠷᠢᠭ ᠤᠨ ᠫᠢᠩᠫᠠᠩ ᠪᠥᠮᠪᠦᠭᠡ ᠳᠤ ᠳᠤᠷ᠎ᠠ ᠪᠠᠭ᠋ᠠᠲᠠᠶ 200 ᠬᠥᠮᠦᠨ ᠨᠢᠭᠡ ᠲᠠᠩᠬᠢᠮ ᠳᠤ ᠴᠤᠭᠯᠠᠷᠠᠵᠤ ᠥᠷᠢᠰᠥᠯᠳᠦᠪᠡ᠃ ᠲᠠᠮᠢᠷᠴᠢᠳ ᠴᠤᠭ ᠵᠢᠪᠬᠤᠭ᠎ᠠ ᠲᠡᠭᠦᠯᠳᠡᠷ᠂ ᠲᠡᠮᠡᠴᠡᠯ ᠤᠨ ᠵᠣᠷᠢᠭ ᠪᠠᠳᠠᠷᠠᠩᠭᠤᠶ ᠪᠠᠶᠢᠪᠠ᠃ ᠲᠡᠳᠡ ᠤᠷᠤᠯᠳᠤᠭᠠᠨ ᠤ ᠲᠠᠯᠠᠪᠤᠷ ᠲᠤ ᠪᠥᠮᠪᠥᠭᠡᠨ ᠮᠡᠷᠭᠡᠵᠢᠯ ᠢᠶᠠᠨ ᠢᠯᠡᠷᠡᠭᠦᠯᠵᠦ᠂ ᠠᠬᠤᠢ ᠲᠠᠯᠠᠪᠠᠢ ᠶᠢᠨ ᠦᠵᠡᠭᠴᠢᠳ ᠤᠨ ᠬᠠᠯᠠᠭᠤᠨ ᠬᠦᠷᠢᠶᠡᠯᠡᠯ ᠢ ᠣᠯᠤᠭᠰᠠᠨ ᠪᠠᠶᠢᠨ᠎ᠠ᠃      ᠫᠢᠩᠫᠠᠩ ᠪᠥᠮᠪᠦᠭᠡ ᠨᠡᠶᠢᠭᠡᠮ ᠲᠣᠭᠤᠷᠢᠭ ᠲᠤ ᠣᠷᠣᠬᠤ ᠨᠢ ᠵᠥᠪᠬᠡᠨ ᠨᠢᠭᠡ ᠤᠳᠠᠭᠠᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠪᠣᠯᠬᠤ ᠪᠠᠷ ᠪᠠᠷᠠᠬᠤ ᠦᠭᠡᠢ᠂ ᠨᠡᠩ ᠴᠦ ᠨᠢᠭᠡ ᠵᠦᠢᠯ ᠤᠨ ᠠᠮᠢᠳᠤᠷᠠᠯ ᠤᠨ ᠣᠪᠣᠷ ᠤᠨ ᠳᠠᠮᠵᠢᠭᠤᠯᠤᠯᠲᠠ ᠪᠣᠯᠤᠨ᠎ᠠ᠃ ᠲᠡᠷᠡ ᠨᠢ ᠬᠦᠮᠦᠰ ᠲᠤ ᠲᠠᠮᠢᠷ ᠤᠨ ᠬᠥᠳᠡᠯᠭᠡᠭᠡᠨ ᠤ ᠢᠳᠡ ᠬᠦᠴᠦᠨ ᠪᠣᠯᠤᠨ ᠪᠠᠶᠠᠷ ᠪᠠᠶᠠᠰᠤᠯ ᠢ ᠮᠡᠳᠡᠷᠡᠭᠦᠯᠵᠦ᠂ ᠣᠯᠠᠨ ᠤ ᠡᠷᠡᠭᠦᠯ ᠴᠢᠭᠢᠷᠠᠭ ᠠᠮᠢᠳᠤᠷᠠᠯ ᠤᠨ ᠲᠤᠬᠠᠢ ᠡᠷᠢᠯ ᠬᠥᠭᠡᠭᠡᠴᠡᠯᠳᠦᠯ ᠢ ᠬᠥᠭᠵᠢᠭᠡᠭᠰᠡᠨ ᠪᠠᠶᠢᠨ᠎ᠠ᠃      ︽ᠫᠢᠩᠫᠠᠩ ᠪᠥᠮᠪᠦᠭᠡ ᠶᠢ ᠨᠡᠶᠢᠭᠡᠮ ᠲᠣᠭᠤᠷᠢᠭ ᠲᠤ ᠣᠷᠣᠭᠤᠯᠬᠤ︾ ᠠᠵᠢᠯᠯᠠᠭ᠎ᠠ ᠶᠢᠨ ᠭᠦᠨᠵᠡᠭᠡᠶᠢᠷᠡᠨ ᠥᠷᠨᠢᠬᠦ ᠶᠢ ᠳᠠᠭᠠᠯᠳᠤᠨ᠂ ᠡᠷᠡᠭᠦᠯ ᠥᠭᠡᠳᠡᠷᠬᠡᠭ ᠰᠠᠶᠢᠨ ᠰᠠᠶᠢᠬᠠᠨ ᠠᠭᠤᠷ ᠠᠮᠢᠰᠬᠤᠯ ᠨᠡᠶᠢᠭᠡᠮ ᠲᠣᠭᠤᠷᠢᠭ ᠲᠤ ᠠᠯᠬᠤᠮ ᠠᠯᠬᠤᠮ ᠢᠶᠠᠷ ᠪᠣᠶ ᠪᠣᠯᠪᠠ᠃ ᠤᠯᠠᠮ ᠠᠴᠠ ᠤᠯᠠᠮ ᠣᠯᠠᠨ ᠰᠠᠭᠤᠭᠠᠯᠢ ᠠᠷᠠᠳ ᠥᠪᠡᠷ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠪᠠᠨ ᠠᠩᠬᠠᠷᠴᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠠᠯᠠᠭᠤᠨ ᠥᠷᠨᠢᠯᠲᠡ ᠳᠤ ᠢᠳᠡᠪᠬᠢᠲᠡᠶ ᠣᠷᠣᠯᠴᠠᠬᠤ ᠪᠣᠯᠤᠨ᠎ᠠ᠃ ᠨᠡᠶᠢᠭᠡᠮ ᠲᠣᠭᠤᠷᠢᠭ ᠤᠨ ᠪᠡᠶ᠎ᠡ ᠴᠢᠭᠢᠷᠠᠭᠵᠢᠭᠤᠯᠬᠤ ᠲᠥᠬᠦᠭᠡᠷᠦᠮᠵᠢ ᠶᠢᠨ ᠬᠠᠵᠠᠭᠤ᠂ ᠬᠥᠮᠦᠰ ᠤᠨ ᠪᠡᠶ᠎ᠡ ᠲᠠᠮᠢᠷ ᠤᠨ ᠬᠥᠳᠡᠯᠭᠡᠭᠡᠨ ᠤ ᠪᠠᠶᠢᠳᠠᠯ ᠢ ᠦᠷᠭᠦᠯᠵᠢ ᠣᠯᠵᠤ ᠬᠠᠷᠠᠳᠠᠭ︔ ᠪᠡᠶ᠎ᠡ ᠶᠢᠨ ᠲᠠᠮᠢᠷ ᠤᠨ ᠴᠡᠴᠡᠷᠯᠢᠭ ᠤᠨ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ ᠳᠡᠭᠡᠷ᠎ᠡ᠂ ᠢᠳᠡᠷᠡᠭᠦᠨ ᠠᠯᠬᠤᠭ᠎ᠠ ᠪᠠ ᠭᠦᠶᠦᠵᠦ ᠪᠠᠶᠢᠭ᠎ᠠ ᠬᠥᠮᠦᠰ ᠤᠨ ᠠᠯᠬᠤᠭ᠎ᠠ ᠶᠡᠷᠦ ᠠᠴᠠ ᠵᠣᠭᠰᠣᠭᠰᠠᠨ ᠦᠭᠡᠢ᠃      ᠤᠯᠤᠰ ᠤᠨ ᠪᠥᠮᠪᠦᠭᠡ ᠨᠡᠶᠢᠭᠡᠮ ᠲᠣᠭᠤᠷᠢᠭ ᠲᠤ ᠣᠷᠣᠵᠤ᠂ ᠨᠡᠶᠢᠭᠡᠮ ᠲᠣᠭᠤᠷᠢᠭ ᠲᠤ ᠰᠢᠨ᠎ᠡ ᠠᠮᠢᠵᠢᠷᠠᠯ ᠤᠨ ᠬᠦᠴᠦᠨ ᠢ ᠨᠡᠮᠡᠷᠢᠯᠡᠵᠦ᠂ ᠰᠠᠭᠤᠭᠠᠯᠢ ᠠᠷᠠᠳ ᠲᠤ ᠶᠠᠭᠠᠷᠠᠯᠲᠠᠶ ᠠᠮᠢᠳᠤᠷᠠᠯ ᠤᠨ ᠳᠤᠮᠳᠠ ᠥᠪᠡᠷ ᠤᠨ ᠪᠡᠶ᠎ᠡ ᠳᠡᠭᠡᠨ ᠬᠠᠷᠢᠶᠠᠯᠠᠭᠳᠠᠬᠤ ᠲᠠᠮᠢᠷ ᠤᠨ ᠣᠷᠣᠨ ᠵᠠᠶ ᠣᠯᠭᠤᠵᠠᠶ᠃ ᠢᠷᠡᠭᠡᠳᠦᠶ ᠳᠤ ᠢᠲᠡᠭᠡᠵᠦ ᠪᠠᠶᠢᠭ᠎ᠠ ᠡᠨᠡ ᠬᠦ ᠡᠷᠡᠭᠦᠯ ᠥᠭᠡᠳᠡᠷᠬᠡᠭ ᠠᠭᠤᠷ ᠠᠮᠢᠰᠬᠤᠯ ᠲᠠᠰᠤᠷᠠᠯᠲᠠ ᠥᠬᠡᠶ ᠳᠡᠯᠭᠡᠷᠡᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠠᠯᠠᠭᠤᠨ ᠥᠷᠨᠢᠯᠲᠡ ᠦᠷᠭᠦᠯᠵᠢᠯᠡᠨ ᠳᠡᠭᠡᠭᠰᠢᠯᠡᠵᠦ᠂ ᠮᠠᠨ ᠤ ᠠᠮᠢᠳᠤᠷᠠᠯ ᠳᠤ ᠨᠠᠩ ᠣᠯᠠᠨ ᠭᠤᠶᠢᠳᠠ ᠰᠠᠶᠢᠬᠠᠨ ᠪᠠ ᠰᠠᠶᠢᠨ ᠰᠠᠶᠢᠬᠠᠨ ᠨᠥᠬᠦᠴᠡᠯ ᠢ ᠠᠪᠴᠢᠷᠠᠵᠤ ᠥᠭᠬᠦ ᠪᠣᠯᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号