ᠨᠡᠶᠢᠭᠡᠮ ᠤᠨ ᠳᠠᠭᠠᠳᠬᠠᠯ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠲᠡᠳᠬᠦᠨ ᠳᠡᠮᠵᠢᠬᠦ ᠦᠷ᠎ᠡ | ᠠᠰᠢᠭ ᠢ ᠬᠦᠢᠴᠡᠳ ᠪᠠᠳᠠᠷᠠᠭᠤᠯᠵᠤ᠂ ᠠᠮᠢᠳᠤᠯᠢᠭ ᠢᠶᠠᠷ ᠠᠵᠢᠯ ᠣᠯᠬᠤ ᠳᠤ ᠬᠦᠴᠢᠷᠲᠡᠶ ᠬᠥᠮᠦᠰ ᠤᠨ ᠠᠳᠠᠯ ᠦᠢᠯᠡᠰ | ᠴᠣᠭᠴᠠᠯᠠᠬᠤ᠂ ᠠᠵᠢᠯ ᠣᠯᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ | ᠤᠰᠤᠲᠤ ᠵᠡᠭᠡᠯᠢ ᠭᠤᠳᠤᠮᠵᠢ ᠶᠢᠨ ᠯᠢ ᠮᠢᠨ ᠨᠡᠶᠢᠭᠡᠮ ᠲᠣᠭᠤᠷᠢᠭ ᠨᠡᠶᠢᠭᠡᠮ ᠤᠨ ᠪᠠᠲᠤᠯᠠᠭ᠎ᠠ ᠶᠢᠨ ᠨᠥᠬᠦᠪᠥᠷᠢ ᠶᠢᠨ | ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽4050︾ ᠨᠡᠶᠢᠭᠡᠮ ᠤᠨ ᠳᠠᠭᠠᠳᠬᠠᠯ ᠤᠨ | ᠨᠥᠬᠦᠪᠥᠷᠢ ᠶᠢᠨ ᠠᠵᠢᠯ ᠢ ᠥᠷᠨᠢᠭᠦᠯᠵᠦ᠂ ᠨᠥᠬᠦᠴᠡᠯ ᠳᠤ ᠨᠡᠶᠢᠴᠡᠬᠦ ᠰᠠᠭᠤᠭᠠᠯᠢ ᠠᠷᠠᠳ ᠨᠢᠭᠡᠪᠦᠷᠢ ᠳᠤ ᠴᠥᠮ | ᠤᠯᠤᠰ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ᠃ | ᠠᠵᠢᠯᠲᠠᠨ ᠡᠷᠦᠬᠡ ᠳᠤ ᠬᠦᠷᠴᠦ ᠰᠤᠷᠪᠤᠯᠵᠢᠯᠠᠨ ᠤᠬᠠᠭᠤᠯᠬᠤ ᠳᠡᠪᠲᠡᠷ ᠲᠠᠷᠬᠠᠭᠠᠬᠤ᠂ ᠦᠰᠦᠭ ᠪᠢᠴᠢᠭ ᠤᠨ | ᠵᠢᠷᠤᠭ ᠲᠠᠷᠬᠠᠭᠠᠬᠤ ᠵᠡᠷᠭᠡ ᠠᠷᠭ᠎ᠠ ᠮᠠᠶ᠋ᠢᠭ ᠢ ᠠᠰᠢᠭᠯᠠ ᠬᠠᠷᠢᠶ᠎ᠠ ᠣᠷᠣᠨ ᠳᠤ ᠥᠷᠭᠡᠨ ᠳᠡᠯᠭᠡᠷ ᠤᠬᠠᠭᠤᠯᠭ᠎ᠠ ᠬᠢᠵᠦ᠂ | ᠠᠮᠢᠳᠤᠯᠢᠭ ᠢᠶᠠᠷ ᠠᠵᠢᠯ ᠣᠯᠤᠭᠰᠠᠳ ᠤᠨ ᠨᠡᠶᠢᠭᠡᠮ ᠤᠨ ᠳᠠᠭᠠᠳᠬᠠᠯ ᠤᠨ ᠨᠥᠬᠦᠪᠥᠷᠢ ᠶᠢ ᠭᠥᠷᠳᠡᠬᠦ ᠬᠡᠪᠴᠢᠶ᠎ᠡ ᠶᠢ | ᠲᠣᠳᠣᠷᠬᠠᠶᠢᠯᠠᠨ᠂ ᠭᠦᠢᠴᠡᠳᠬᠡᠬᠦ ᠲᠠᠰ ᠳᠠᠷᠠᠭᠠᠯᠠᠯ ᠢ ᠲᠣᠳᠣᠷᠬᠠᠶ ᠪᠣᠯᠭᠠᠵᠤ᠂ ᠰᠠᠭᠤᠭᠠᠯᠢ ᠠᠷᠠᠳ ᠤᠨ ᠲᠥᠷᠥ ᠶᠢᠨ | ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠪᠦᠲᠦᠮᠵᠢᠲᠡᠶ ᠳᠡᠭᠡᠭᠰᠢᠯᠡᠭᠦᠯᠪᠡ᠃ | ᠭᠦᠢᠴᠡᠳᠬᠡᠬᠦ ᠬᠤᠷᠳᠤᠴᠠ ᠶᠢ ᠲᠦᠷᠭᠡᠳᠬᠡᠬᠦ ᠶᠢᠨ ᠲᠥᠯᠥᠭᠡ᠂ ᠠᠵᠢᠯᠲᠠᠳ ᠪᠣᠯᠪᠠᠰᠤᠷᠠᠭᠤᠯᠤᠯ ᠤᠨ | ᠡᠷᠴᠢᠮ ᠢᠶᠠᠨ ᠴᠢᠩᠭᠠᠷᠠᠭᠤᠯᠵᠤ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠬᠢᠷᠢ ᠲᠦᠪᠰᠢᠨ ᠢᠶᠠᠨ | ᠳᠡᠭᠡᠭᠰᠢᠯᠡᠭᠦᠯᠦᠨ᠂ ᠭᠦᠢᠴᠡᠳᠭᠡᠬᠦ ᠪᠠᠷ ᠢᠷᠡᠭᠰᠡᠨ ᠰᠠᠭᠤᠭᠠᠯᠢ ᠠᠷᠠᠳ ᠨᠢᠭᠡᠪᠦᠷᠢ ᠲᠣᠳᠣᠷᠬᠠᠶ ᠣᠶᠢᠯᠠᠭᠠᠵᠤ᠂ ᠰᠠᠨᠠᠭ᠎ᠠ | ᠠᠮᠤᠷ ᠪᠠᠶᠢᠯᠭᠠᠨ᠎ᠠ᠃ ᠠᠵᠢᠯᠲᠠᠳ ᠭᠤᠶᠤᠴᠢᠯᠠᠭᠴᠢ ᠶᠢᠨ ᠲᠠᠭᠯᠠᠨ ᠮᠡᠳᠡᠭᠦᠯᠦᠭᠰᠡᠨ ᠮᠠᠲ᠋ᠧᠷᠢᠶᠠᠯ ᠢ ᠴᠢᠩᠭ᠎ᠠ ᠬᠢᠨᠠᠨ | ᠬᠠᠷᠭᠤᠭᠤᠯᠵᠤ᠂ ᠬᠥᠮᠦᠨ ᠪᠦᠷᠢ ᠶᠢᠨ ᠭᠦᠢᠴᠡᠳᠬᠡᠭᠰᠡᠨ ᠮᠠᠲ᠋ᠧᠷᠢᠶᠠᠯ ᠪᠦᠷᠢᠨ ᠭᠦᠢᠴᠡᠳ᠂ ᠲᠤᠭ᠎ᠠ ᠪᠠᠷᠢᠮᠲᠠ | ᠣᠨᠣᠪᠴᠢᠲᠠᠶ᠂ ᠨᠥᠬᠦᠪᠥᠷᠢ ᠶᠢᠨ ᠲᠣᠭᠠᠴᠠᠭ᠎ᠠ ᠪᠤᠷᠤᠭᠤ ᠦᠭᠡᠢ ᠪᠠᠶᠢᠬᠤ ᠶᠢ ᠦᠨᠡᠨᠬᠦ ᠪᠠᠲᠤᠯᠠᠨ᠎ᠠ᠃ | ᠠᠷᠭ᠎ᠠ ᠬᠡᠮᠵᠢᠶ᠎ᠡ ᠠᠪᠴᠤ ᠪᠠᠶᠢᠭᠠᠳ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠦᠢᠯᠡᠴᠢᠯᠡᠭᠡ ᠨᠢ | ᠥᠴᠦᠬᠡᠨ ᠴᠦ ᠵᠠᠶ ᠦᠭᠡᠢ᠃ ᠳᠠᠷᠠᠭᠠᠴᠢ ᠶᠢᠨ ᠠᠯᠬᠤᠮ ᠳᠤ᠂ ᠯᠢ ᠮᠢᠨ ᠨᠡᠶᠢᠭᠡᠮ ᠲᠣᠭᠤᠷᠢᠭ ᠤᠨ ᠬᠢᠨ ᠦᠷᠭᠦᠯᠵᠢᠯᠡᠨ | ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠵᠤ᠂ ︽ᠤᠴᠢᠷ ᠶᠠᠪᠤᠳᠠᠯ ᠢ ᠨᠠᠷᠢᠨ ᠨᠢᠮᠪᠠᠢ ᠬᠢᠵᠦ᠂ | ᠦᠢᠯᠡᠴᠢᠯᠡᠭᠡ ᠪᠠᠷ ᠰᠡᠳᠬᠢᠯ ᠢ ᠳᠤᠯᠠᠭᠠᠴᠠᠭᠤᠯᠬᠤ︾ ᠠᠵᠢᠯ ᠤᠨ ᠣᠶᠢᠯᠠᠭᠠᠭᠳᠠᠬᠤᠨ ᠢᠶᠠᠷ ᠲᠦᠷᠦ ᠶᠢᠨ ᠪᠤᠳᠤᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠴᠢᠨᠠᠭᠰᠢᠳᠠ ᠠᠬᠢᠭᠤᠯᠵᠤ᠂ ᠦᠢᠯᠡᠴᠢᠯᠡᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ᠎ᠠ᠃ | ᠠᠮᠢᠳᠤᠯᠢᠭ ᠢᠶᠠᠷ ᠠᠵᠢᠯ ᠣᠯᠬᠤ ᠳᠤ ᠬᠦᠴᠢᠷᠳᠡᠯᠲᠡᠢ ᠬᠥᠮᠥᠰ ᠤᠨ ᠨᠡᠶᠢᠭᠡᠮ ᠤᠨ ᠳᠠᠭᠠᠳᠬᠠᠯ ᠤᠨ ᠨᠥᠬᠦᠪᠦᠷᠢ | ᠣᠯᠭᠤᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠨᠥᠬᠦᠴᠡᠯ ᠳᠤ ᠨᠡᠶᠢᠴᠡᠬᠦ ᠨᠡᠩ ᠣᠯᠠᠨ ᠰᠠᠭᠤᠭᠠᠯᠢ | ᠠᠷᠠᠳ ᠲᠤ ᠨᠡᠩ ᠰᠠᠶᠢᠨ ᠦᠢᠯᠡᠴᠢᠯᠡᠭᠡ ᠪᠠ ᠪᠠᠲᠤᠯᠠᠭ᠎ᠠ ᠬᠠᠩᠭᠠᠨ᠎ᠠ᠃ | | | | |