ᠴᠢᠩᠱᠠᠨ ᠲᠣᠭᠤᠷᠢᠭ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ︽ᠳᠥᠷᠪᠡᠨ ᠶᠡᠭᠡ ᠬᠥᠳᠡᠯᠭᠡᠭᠦᠷ︾ ᠬᠥᠭᠵᠢᠯᠲᠡ ᠶᠢᠨ ᠰᠢᠨ᠎ᠡ ᠠᠮᠢᠵᠢᠷᠠᠯ ᠤᠨ ᠬᠦᠴᠦᠨ ᠢ ᠬᠥᠳᠡᠯᠭᠡᠨ᠎ᠡ
ᠨᠡᠶᠢᠲᠡᠯᠡᠭᠰᠡᠨ ᠴᠠᠭ᠄
2024/12/11
      ᠴᠢᠩᠱᠠᠨ ᠲᠣᠭᠤᠷᠢᠭ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠭᠤᠣᠯ ᠱᠤᠭᠤᠮ ᠲᠠᠢ ᠨᠢᠭᠲᠠ ᠤᠶᠠᠯᠳᠤᠭᠤᠯᠤᠨ᠂ 24 ᠵᠦᠢᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠠᠷᠠᠯᠲᠠ ᠡᠭᠦᠷᠭᠡ ᠳᠤ ᠲᠦᠰᠢᠭᠯᠡᠨ᠂ ᠤᠯᠠᠨ ᠲᠠᠯ᠎ᠠ ᠠᠴᠠ ᠬᠦᠴᠦᠯᠡᠵᠦ᠂ ᠪᠦᠬᠦ ᠲᠠᠯ᠎ᠠ ᠪᠠᠷ ᠠᠬᠢᠭᠤᠯᠵᠤ᠂ ᠦᠨᠡᠨᠴᠢ ᠢᠲᠡᠭᠡᠮᠵᠢ ᠶᠢᠨ ᠰᠣᠶᠣᠯ ᠢᠶᠠᠷ ᠰᠠᠭᠤᠷᠢ ᠪᠣᠯᠭᠠᠵᠤ᠂ ᠦᠨᠡᠨᠴᠢ ᠢᠲᠡᠭᠡᠮᠵᠢ ᠶᠢᠨ ᠱᠠᠩᠨᠠᠵᠤ ᠲᠣᠷᠭᠠᠬᠤ ᠪᠠᠷ ᠭᠠᠷᠳᠠᠴᠠ ᠪᠣᠯᠭᠠᠵᠤ᠂ ᠦᠨᠡᠨᠴᠢ ᠢᠲᠡᠭᠡᠮᠵᠢ ᠶᠢᠨ ᠰᠢᠰᠲ᠋ᠧᠮ ᠢᠶᠠᠷ ᠲᠤᠯᠭᠠᠭᠤᠷᠢᠯᠠᠯ ᠪᠣᠯᠭᠠᠵᠤ᠂ ᠦᠨᠡᠨᠴᠢ ᠢᠲᠡᠭᠡᠮᠵᠢ ᠶᠢᠨ ᠰᠠᠭᠤᠷᠢ ᠶᠢ ᠪᠦᠬᠦ ᠲᠠᠯ᠎ᠠ ᠪᠠᠷ ᠪᠠᠬᠢᠵᠢᠭᠦᠯᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠣᠯᠤᠨ ᠬᠤᠳᠠ ᠶᠢᠨ ᠬᠥᠭᠵᠢᠯᠲᠡ ᠶᠢᠨ ᠵᠡᠷᠭᠡᠪᠡᠷ ᠬᠥᠭᠵᠢᠬᠦ ᠶᠢ ᠠᠬᠢᠭᠤᠯᠵᠤ᠂ ᠣᠷᠣᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠳᠤ ᠦᠨᠡᠨᠴᠢ ᠢᠲᠡᠭᠡᠮᠵᠢ ᠶᠢᠨ ᠰᠠᠭᠤᠷᠢ ᠶᠢ ᠪᠠᠬᠢᠵᠢᠭᠦᠯᠦᠨ᠎ᠡ᠃     ᠨᠢᠭᠡ᠂ ᠨᠢᠭᠡᠳᠦᠯᠲᠡᠶ ᠲᠥᠯᠥᠪᠯᠡᠵᠦ᠂ ᠦᠨᠡᠨᠴᠢ ᠢᠲᠡᠭᠡᠮᠵᠢ ᠶᠢᠨ ︽ᠰᠠᠭᠤᠷᠢ ᠴᠢᠯᠠᠭᠤ︾ ᠶᠢ ᠪᠠᠲᠤ ᠴᠤᠭᠴᠠᠯᠠᠨ᠎ᠠ      ︽ᠨᠢᠭᠡ ᠬᠥᠯᠭᠡ ᠰᠢᠳᠠᠷ᠎ᠠ︾ ᠶᠢᠨ ᠰᠡᠳᠬᠢᠬᠦᠢ ᠶᠢ ᠪᠠᠷᠢᠮᠲᠠᠯᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠢ ᠪᠦᠬᠦ ᠲᠠᠯ᠎ᠠ ᠪᠠᠷ ᠨᠢᠭᠡᠳᠦᠯᠲᠡᠢ ᠲᠥᠯᠥᠪᠵᠢᠭᠦᠯᠵᠦ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠳᠤ ᠰᠠᠭᠤᠷᠢ ᠶᠢ ᠪᠠᠲᠤᠳᠬᠠᠨ᠎ᠠ᠃ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢᠨ ᠲᠠᠯ᠎ᠠ ᠪᠠᠷ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠪᠠᠷ ᠭᠤᠣᠯ ᠪᠣᠯᠭᠠᠭᠰᠠᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠬᠤ ᠲᠣᠭᠲᠠᠴᠠ ᠶᠢ ᠪᠠᠶᠢᠭᠤᠯᠬᠤ ᠲᠤᠬᠠᠢ︾᠂ ︽ᠴᠢᠩᠱᠠᠨ ᠲᠣᠭᠤᠷᠢᠭ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠬᠦ ᠲᠥᠰᠦᠯ︾ ᠢ ᠨᠡᠶᠢᠲᠡᠯᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠠᠬᠢᠭᠤᠯᠬᠤ ᠬᠤᠷᠠᠯ ᠬᠤᠷᠠᠯᠳᠤᠭᠤᠯᠵᠤ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠨᠠᠷᠢᠯᠢᠭᠵᠢᠭᠤᠯᠵᠤ᠂ ᠡᠯ᠎ᠡ ᠰᠠᠯᠠᠭ᠎ᠠ ᠮᠥᠴᠢᠷ ᠤᠨ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ᠂ ᠬᠠᠮᠵᠢᠯᠴᠠᠨ ᠪᠠᠶᠢᠯᠳᠤᠬᠤ ᠶᠢ ᠠᠬᠢᠭᠤᠯᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠪᠠᠲᠤ ᠪᠠᠬᠢ ︽ᠲᠤᠯᠭᠠᠭᠤᠷᠢ︾ ᠶᠢ ᠦᠳᠲᠡᠷ ᠲᠦᠷᠭᠡᠨ ᠪᠠᠶᠢᠭᠤᠯᠪᠠ᠃ ᠬᠢᠨᠠᠯᠲᠠ ᠲᠠᠯᠪᠢᠵᠤ ᠨᠠᠶᠢᠳᠠᠪᠤᠷᠢᠵᠢᠭᠤᠯᠬᠤ ᠲᠠᠯ᠎ᠠ ᠪᠠᠷ᠂ ᠳᠥᠷᠪᠡᠨ ᠲᠤᠰᠬᠠᠶ ᠰᠢᠮᠳᠠᠭᠤᠯᠤᠨ ᠵᠢᠯᠣᠭᠤᠳᠬᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠮᠠᠲ᠋ᠧᠷᠢᠶᠠᠯ ᠢ ᠦᠵᠡᠬᠦ᠂ ᠲᠤᠬᠠᠶ ᠶᠢᠨ ᠲᠠᠯᠠᠪᠤᠷ ᠤᠨ ᠬᠤᠷᠠᠯ ᠵᠡᠷᠭᠡ ᠬᠡᠯᠪᠡᠷᠢ ᠪᠠᠷ ᠭᠦᠨᠵᠡᠭᠡᠶ ︽ᠣᠨᠣᠰᠢᠯᠠᠵᠤ︾᠂ ᠡᠯ᠎ᠡ ᠨᠢᠭᠡᠴᠢ ᠶᠢ 20 ᠭᠠᠷᠤᠶ ᠤᠳᠠᠭ᠎ᠠ ᠲᠤᠬᠠᠶ ᠶᠢᠨ ᠭᠠᠵᠠᠷ ᠲᠤᠨᠢ ᠵᠢᠯᠣᠭᠤᠳᠴᠤ᠂ ᠰᠠᠨᠠᠭᠤᠯᠭ᠎ᠠ ᠶᠢᠨ ᠵᠠᠬᠢᠳᠠᠯ ᠢ 20 ᠭᠠᠷᠤᠶ ᠬᠤᠪᠢ ᠶᠠᠪᠤᠭᠤᠯᠵᠤ᠂ 50 ᠭᠠᠷᠤᠶ ᠨᠠᠷᠢᠯᠢᠭ ᠤᠨᠤᠪᠴᠢᠲᠠᠢ ᠠᠰᠠᠭᠤᠳᠠᠯ ᠳᠤᠷᠠᠳᠪᠠ᠃ ᠮᠡᠳᠡᠭᠡ ᠵᠠᠩᠭᠢ ᠶᠢᠨ ᠡᠷᠭᠢᠯᠲᠡ ᠶᠢᠨ ᠲᠠᠯ᠎ᠠ ᠪᠠᠷ᠂ ᠮᠡᠳᠡᠭᠡ ᠵᠠᠩᠭᠢ ᠶᠢ ︽ᠵᠥᠭᠡᠭᠡᠪᠦᠷᠢ ᠶᠢᠨ ᠠᠵᠢᠯᠴᠢᠨ︾ ᠪᠣᠯᠭᠠᠵᠤ᠂ ᠲᠣᠪᠴᠢ ᠮᠡᠳᠡᠭᠡ  66 ᠬᠤᠭᠤᠴᠠᠭ᠎ᠠ ᠨᠡᠶᠢᠲᠡᠯᠡᠵᠦ᠂ ᠰᠦᠯᠵᠢᠶᠡᠨ ᠳᠡᠭᠡᠷ᠎ᠡ 150 ᠭᠠᠷᠤᠶ ᠵᠤᠷᠪᠤᠰ ᠮᠡᠳᠡᠭᠡ ᠵᠠᠩᠭᠢ ᠶᠢ ᠬᠦᠷᠭᠡᠵᠦ᠂ ᠦᠨᠡᠨᠴᠢ ᠢᠲᠡᠭᠡᠮᠵᠢ ᠶᠢᠨ ᠪᠠᠶᠢᠳᠠᠯ ᠢ ᠴᠠᠭ ᠲᠤᠬᠠᠶ ᠳᠤᠨᠢ ︽ᠰᠦᠯᠵᠢᠶᠡᠨ ᠳᠤ ᠣᠷᠣᠭᠤᠯᠬᠤ︾ ᠶᠢ ᠪᠡᠶᠡᠯᠡᠭᠦᠯᠪᠡ᠃      ᠬᠤᠶᠠᠷ᠂ ᠤᠬᠠᠭᠤᠯᠭ᠎ᠠ ᠰᠦᠷ ᠳᠠᠯᠠᠶᠢᠴᠠᠲᠠᠢ᠂ ᠦᠨᠡᠨᠴᠢ ᠢᠲᠡᠭᠡᠮᠵᠢ ᠶᠢᠨ ︽ᠭᠤᠣᠯ ᠬᠥᠭ ᠠᠶᠠᠰ︾ ᠢ ᠬᠦᠭᠵᠢᠮᠳᠡᠨ᠎ᠡ      ᠪᠥᠬᠦ ᠲᠤᠭᠤᠷᠢᠭ ᠲᠤ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠰᠦᠯᠵᠢᠶᠡᠨ ᠭᠠᠳᠠᠨ᠎ᠠ ᠪᠠ ᠰᠦᠯᠵᠢᠶᠡᠨ ᠳᠡᠭᠡᠷ᠎ᠡ ᠵᠡᠷᠭᠡ ᠪᠠᠷ ᠴᠤᠤᠷᠢᠶᠠᠲᠤᠬᠤ ᠶᠢ ᠪᠡᠶᠡᠯᠡᠭᠦᠯᠵᠦ᠂ ᠦᠨᠡᠨᠴᠢ ᠢᠲᠡᠭᠡᠮᠵᠢ ᠶᠢᠨ ᠬᠠᠮᠤᠭ ᠤᠨ ᠴᠢᠩᠭ᠎ᠠ ᠲᠠᠭᠤᠨ ᠢ ᠴᠢᠪᠬᠠᠳᠠᠨ᠎ᠠ᠃ ᠰᠦᠯᠵᠢᠶᠡᠨ ᠭᠠᠳᠠᠨ᠎ᠠ᠂ ︽ᠦᠨᠡᠨᠴᠢ ᠢᠲᠡᠭᠡᠮᠵᠢ ᠶᠢᠨ ᠰᠣᠶᠣᠯ ᠤᠨ ᠪᠠᠶᠢᠭᠤᠯᠤᠯᠲᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ︾ ᠶᠢ ᠠᠭᠤᠰᠤᠯᠴᠠᠭᠤᠯᠬᠤ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠪᠠᠯᠭᠠᠰᠤ᠂ ᠵᠡᠭᠡᠯᠢ ᠭᠤᠳᠤᠮᠵᠢ ᠶᠢᠨ ᠦᠨᠳᠦᠰᠦᠨ ᠱᠠᠲᠤᠨ ᠤ ᠨᠢᠭᠡᠴᠢ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︵ᠥᠷᠲᠡᠭᠡ︶ ᠪᠠᠷ ᠭᠤᠣᠯ ᠵᠢᠭᠰᠠᠭᠠᠯ ᠤᠨ ᠭᠠᠵᠠᠷ ᠪᠣᠯᠭᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ︽ᠶᠠᠷᠢᠶᠠᠨ ᠤ ᠲᠢᠩᠭᠢᠮ︾ ᠢ ᠪᠠᠶᠢᠭᠤᠯᠤᠨ᠎ᠠ᠃ ᠭᠤᠣᠯᠳᠠᠯᠭ᠎ᠠ ᠲᠠᠢ ᠬᠦᠷᠢᠶ᠎ᠡ ᠪᠣᠯᠤᠨ ᠬᠥᠮᠦᠨ ᠣᠯᠠᠨ ᠴᠤᠭᠯᠠᠷᠠᠬᠤ ᠭᠠᠵᠠᠷ ᠲᠤ ᠠᠩᠬᠠᠷᠤᠯ ᠢᠶᠠᠨ ᠲᠥᠪᠯᠡᠷᠡᠭᠦᠯᠵᠦ᠂ 106 LED ᠳᠡᠯᠭᠡᠴᠡ ᠶᠢ ᠠᠰᠢᠭᠯᠠᠨ ︽ᠢᠯᠡ ᠳᠡᠯᠭᠡᠴᠡ ᠪᠠᠷ ᠦᠨᠡᠨᠴᠢ ᠢᠲᠡᠭᠡᠮᠵᠢ︾ ᠶᠢ ᠦᠷᠭᠦᠯᠵᠢᠯᠡᠨ ᠥᠷᠨᠢᠭᠦᠯᠪᠡ︔ ᠰᠤᠷᠭᠠᠭᠤᠯᠢ᠂ ᠬᠤᠳᠠᠯᠳᠤᠭᠠᠨ ᠤ ᠲᠣᠭᠤᠷᠢᠭ᠂ ᠪᠠᠩᠬᠢ ᠵᠡᠷᠭᠡ ᠭᠠᠵᠠᠷ ᠲᠤ ᠭᠦᠨᠵᠡᠭᠡᠶᠢᠷᠡᠵᠦ᠂ ᠤᠷᠢᠳ ᠬᠤᠵᠢᠳ ︽ᠵᠠᠯᠠᠭᠤᠴᠤᠳ ᠪᠠᠭᠠᠴᠤᠳ ᠤᠨ ᠬᠠᠤᠯᠢ ᠶᠢ ᠰᠤᠷᠤᠯᠴᠠᠬᠤ ᠠᠵᠢᠯᠯᠠᠭ᠎ᠠ ᠶᠢᠨ ᠭᠠᠷᠠᠭ︾ ᠤᠨ ᠠᠵᠢᠯᠯᠠᠭ᠎ᠠ ᠶᠢ 40 ᠭᠠᠷᠤᠢ ᠤᠳᠠᠭ᠎ᠠ ᠥᠷᠨᠢᠭᠦᠯᠵᠦ᠂ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢᠨ ᠪᠤᠯᠤᠩ᠂ ᠦᠵᠡᠭᠦᠯᠭᠡ ᠶᠢᠨ ᠰᠠᠮᠪᠠᠷ᠎ᠠ ᠪᠣᠯᠤᠨ ᠢᠷᠠᠭᠤ ᠠᠯᠳᠠᠷ ᠤᠨ ᠰᠠᠮᠪᠠᠷ᠎ᠠ ᠶᠢ 323 ᠲᠣᠬᠢᠷᠠᠭᠤᠯᠵᠤ᠂ 389 ᠬᠤᠪᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠰᠢᠷᠢᠰ ᠨᠣᠮ ᠪᠢᠴᠢᠭ ᠢ 140 ᠭᠠᠷᠤᠢ ᠢᠵᠢ ᠬᠦᠷᠭᠡᠵᠦ᠂ ᠦᠨᠡᠨᠴᠢ ᠢᠲᠡᠭᠡᠮᠵᠢ ᠶᠢᠨ ᠬᠠᠤᠯᠢᠵᠢᠯ ᠤᠨ ᠰᠣᠶᠣᠯ ᠤᠨ ᠬᠡᠷᠡᠮ ᠢ 200 ᠭᠠᠷᠤᠢ ᠲᠡᠭᠰᠢ ᠳᠥᠷᠪᠡᠯᠵᠢᠨ ᠮᠧᠲᠷ ᠵᠢᠷᠤᠵᠤ᠂ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢᠨ ᠬᠠᠭᠤᠳᠠᠰᠤ ᠶᠢ 3000 ᠭᠠᠷᠤᠢ ᠬᠤᠪᠢ ᠲᠠᠷᠬᠠᠭᠠᠪᠠ᠃ ᠰᠦᠯᠵᠢᠶᠡᠨ ᠳᠡᠭᠡᠷ᠎ᠡ᠂ ︽ᠰᠦᠯᠵᠢᠶᠡᠨ ᠳᠡᠭᠡᠷᠡᠬᠢ ᠬᠠᠤᠯᠢ ᠲᠦᠭᠡᠮᠡᠯᠵᠢᠭᠦᠯᠬᠦ ᠯᠧᠺᠲ᠋ᠣᠷ ᠤᠨ ᠪᠦᠯᠬᠦᠮ︾ ᠢ ᠵᠣᠬᠢᠶᠠᠨ ᠪᠠᠶᠢᠭᠤᠯᠵᠤ᠂ ᠪᠤᠭᠤᠲᠤ ᠶᠢᠨ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ᠂ ᠲᠣᠰᠬᠤᠨ ︵ᠨᠡᠶᠢᠭᠡᠮ ᠲᠣᠭᠤᠷᠢᠭ︶ ᠤ ᠶᠠᠷᠢᠶᠠᠨ ᠤ ᠲᠠᠪᠴᠠᠩ ᠳᠤ ᠰᠠᠭᠤᠷᠢᠯᠠᠵᠦ᠂ ᠢᠷᠭᠡᠨ ᠤ ᠬᠠᠤᠯᠢ ᠶᠢᠨ ᠪᠢᠴᠢᠭ ᠲᠠᠬᠢ ᠦᠨᠡᠨᠴᠢ ᠢᠲᠡᠭᠡᠮᠵᠢ ᠶᠢᠨ ᠬᠠᠮᠢᠶ᠎ᠠ ᠪᠥᠬᠦᠶ ᠵᠦᠢᠯ ᠵᠤᠷᠪᠤᠰ ᠢ ᠲᠠᠶᠢᠯᠪᠤᠷᠢᠯᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ᠂ ᠨᠡᠶᠢᠭᠡᠮ ᠲᠣᠭᠤᠷᠢᠭ᠂ ᠴᠡᠴᠡᠷᠯᠢᠭ ᠤᠨ ᠠᠭᠤᠳᠠᠮ ᠲᠠᠯᠠᠪᠠᠶ ᠵᠡᠷᠭᠡ ᠳᠤ ᠥᠪᠥᠷ ᠮᠣᠩᠭᠤᠯ ᠤᠨ ᠣᠳᠣᠨ ᠲᠧᠯᠸᠢᠰ ᠤᠨ ᠦᠨᠡᠨᠴᠢ ᠢᠲᠡᠭᠡᠮᠵᠢ ᠶᠢᠨ ᠣᠬᠤᠷ ᠸᠢᠳᠢᠣ᠋ ᠶᠢᠨ ᠤᠬᠠᠭᠤᠯᠭ᠎ᠠ ᠶᠢᠨ ᠹᠢᠯᠢᠮ ᠢ ᠨᠡᠶᠢᠲᠡᠯᠡᠨ ᠨᠡᠪᠲᠡᠷᠡᠭᠦᠯᠵᠦ᠂ ᠪᠥᠬᠦ ᠲᠤᠭᠤᠷᠢᠭ ᠤᠨ ᠸᠢᠴᠠᠲ 882 ᠪᠦᠯᠦᠭᠯᠡᠯ ᠳᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠤᠬᠠᠭᠤᠯᠪᠠ᠃      ᠭᠤᠷᠪᠠ᠂ ᠱᠠᠩᠨᠠᠵᠤ ᠲᠣᠷᠭᠠᠬᠤ ᠶᠢ ᠬᠤᠯᠪᠣᠭᠠᠯᠠᠨ ᠬᠥᠳᠡᠯᠦᠯᠴᠡᠵᠦ᠂ ᠦᠨᠡᠨᠴᠢ ᠢᠲᠡᠭᠡᠮᠵᠢ ᠶᠢᠨ ︽ᠰᠠᠯᠬᠢᠨ ᠤ ᠬᠠᠨᠳᠤᠰᠢ ᠶᠢᠨ ᠲᠡᠮᠳᠡᠭ︾ ᠢ ᠪᠠᠲᠤ ᠪᠠᠬᠢ ᠪᠤᠢ ᠪᠣᠯᠭᠠᠨ᠎ᠠ      ︽ᠢᠲᠡᠭᠡᠯ ᠠᠯᠳᠠᠭᠰᠠᠳ ᠢ ᠵᠠᠪᠠᠯ ᠵᠠᠯᠬᠠᠭᠠᠨ ᠴᠡᠭᠡᠷᠯᠡᠭᠦᠯᠬᠦ᠂ ᠢᠲᠡᠭᠡᠮᠵᠢ ᠲᠠᠢ ᠪᠠᠶᠢᠬᠤ ᠶᠢ ᠵᠣᠷᠢᠭᠵᠢᠭᠤᠯᠬᠤ︾ ᠦᠨᠡᠨᠴᠢ ᠢᠲᠡᠭᠡᠮᠵᠢ ᠶᠢᠨ ᠵᠠᠰᠠᠯᠲᠠ ᠶᠢᠨ ᠰᠢᠰᠲ᠋ᠧᠮ ᠢ ᠪᠠᠶᠢᠭᠤᠯᠤᠨ᠎ᠠ᠃ ᠨᠢᠭᠡ ᠳᠤ᠂ ᠢᠲᠡᠭᠡᠮᠵᠢ ᠶᠢᠨ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠢᠲᠡᠭᠡᠯ ᠠᠯᠳᠠᠭᠰᠠᠨ ᠭᠤᠣᠯ ᠴᠣᠭᠴᠠ ᠶᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠲᠣᠳᠣᠷᠬᠠᠶᠢᠯᠠᠵᠤ᠂ ᠢᠲᠡᠭᠡᠯ ᠠᠯᠳᠠᠭᠰᠠᠨ ᠭᠤᠣᠯ ᠴᠣᠭᠴᠠ ᠶᠢ ᠡᠵᠡᠩᠨᠡᠯᠲᠡ ᠶᠢᠨ ᠬᠡᠪ ᠤᠨ ᠪᠤᠰᠤ ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ ᠪᠤᠶᠤ ᠬᠠᠤᠯᠢ ᠶᠢ ᠬᠦᠨᠳᠦ ᠨᠣᠴᠢᠲᠠᠶ ᠵᠥᠷᠢᠴᠡᠵᠦ ᠢᠲᠡᠭᠡᠮᠵᠢ ᠠᠯᠳᠠᠭᠰᠠᠨ ︽ᠬᠠᠷ᠎ᠠ ᠳᠠᠩᠰᠠ︾ ᠳᠤ ᠣᠷᠣᠭᠤᠯᠵᠤ᠂ ᠠᠷᠠᠳ ᠤᠨ ᠰᠢᠭᠦᠬᠦ ᠬᠤᠷᠢᠶ᠎ᠠ ᠠᠴᠠ ᠲᠡᠭᠦᠨ ᠤ ᠬᠢᠯᠢ ᠠᠴᠠ ᠭᠠᠷᠬᠤ ᠶᠢ ᠬᠢᠵᠠᠭᠠᠷᠯᠠᠬᠤ ᠵᠢᠴᠢ ᠥᠨᠳᠥᠷ ᠬᠡᠷᠡᠭᠯᠡᠭᠡ ᠶᠢ ᠬᠢᠵᠠᠭᠠᠷᠯᠠᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠪᠠ ᠡᠳ᠋ ᠬᠥᠷᠥᠩᠭᠡ ᠶᠢᠨ ᠳᠠᠭᠠᠳᠬᠠᠯ ᠤᠨ ᠵᠠᠷᠤᠳᠠᠯ ᠤᠨ ᠨᠣᠷᠮ᠎ᠠ ᠶᠢ ᠳᠡᠭᠡᠭᠰᠢᠯᠡᠭᠦᠯᠵᠦ᠂ ᠵᠢᠭᠡᠯᠡᠯᠭᠡ᠂ ᠪᠠᠲᠤᠯᠠᠨ ᠲᠠᠨᠢᠯᠴᠠᠭᠤᠯᠬᠤ᠂ ᠳᠠᠭᠠᠭᠠᠴᠢᠯᠠᠨ ᠪᠣᠷᠣᠯᠠᠭᠤᠯᠬᠤ᠂ ᠳᠠᠭᠠᠳᠬᠠᠯ ᠬᠠᠩᠭᠠᠬᠤ ᠶᠢ ᠬᠢᠵᠠᠭᠠᠷᠯᠠᠬᠤ ᠶᠢᠨ ᠬᠠᠮᠲᠤ᠂ ᠵᠠᠬ᠎ᠠ ᠳᠡᠯᠭᠡᠭᠦᠷ ᠲᠤ ᠣᠷᠣᠬᠤ ᠶᠢ ᠬᠢᠵᠠᠭᠠᠷᠯᠠᠬᠤ᠂ ᠡᠳ᠋ ᠤᠨ ᠵᠠᠰᠠᠭ ᠤᠨ ᠴᠢᠨᠠᠷᠲᠠᠶ ᠪᠡᠯᠡ ᠮᠥᠩᠭᠦ ᠭᠤᠶᠤᠴᠢᠯᠠᠬᠤ ᠶᠢ ᠬᠢᠵᠠᠭᠠᠷᠯᠠᠬᠤ ᠵᠢᠴᠢ ᠭᠤᠤᠯᠳᠠᠯᠭ᠎ᠠ ᠲᠠᠢ ᠬᠢᠨᠠᠨ ᠬᠠᠮᠢᠶᠠᠷᠤᠯᠲᠠ ᠳᠤ ᠣᠷᠣᠭᠤᠯᠬᠤ ᠵᠡᠷᠭᠡ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠠᠪᠴᠤ᠂ ᠰᠢᠭᠦᠨ ᠲᠠᠰᠤᠯᠤᠯᠲᠠ ᠶᠢ ᠭᠦᠢᠴᠡᠳᠬᠡᠬᠦ ᠶᠢ ᠲᠡᠪᠴᠢᠭᠰᠡᠨ ᠰᠡᠵᠢᠭᠯᠡᠯᠲᠡᠶ ᠭᠦᠢᠴᠡᠳᠬᠡᠭᠳᠡᠭᠴᠢ ᠳᠤ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠬᠤᠶᠠᠷ ᠲᠤ᠂ ᠣᠯᠠᠨ ᠡᠰᠢᠲᠦ ᠠᠷᠭ᠎ᠠ ᠬᠡᠮᠵᠢᠶ᠎ᠡ ᠠᠪᠴᠤ ᠢᠲᠡᠭᠡᠮᠵᠢ ᠪᠠᠨ ᠰᠠᠬᠢᠵᠤ ᠤᠷᠮᠠᠰᠢᠭᠤᠯᠬᠤ ᠶᠢ ᠲᠦᠯᠬᠢᠨ ᠠᠬᠢᠭᠤᠯᠤᠨ᠎ᠠ᠃ ︽ᠰᠠᠭᠤᠭᠳᠠᠯ ᠴᠢᠩᠱᠠᠨ︾ ᠣᠷᠣᠨ ᠪᠦᠰᠡ ᠶᠢᠨ ᠣᠯᠠᠨ ᠨᠡᠶᠢᠲᠡ ᠶᠢᠨ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠵᠤ᠂ 31 ᠨᠢᠭᠡᠴᠢ ᠶᠢ ᠰᠣᠩᠭᠤᠨ ᠲᠦᠷᠦᠭᠦᠤ ᠪᠦᠯᠦᠭ ᠤᠨ ᠦᠨᠡᠨᠴᠢ ᠢᠲᠡᠭᠡᠮᠵᠢ ᠶᠢᠨ ᠵᠡᠭᠡᠯᠢ ᠲᠣᠭᠤᠷᠢᠭ᠂ ᠦᠨᠡᠨᠴᠢ ᠢᠲᠡᠭᠡᠮᠵᠢ ᠶᠢᠨ ᠬᠤᠳᠠᠯᠳᠤᠭᠠᠨ ᠤ ᠡᠷᠦᠬᠡ᠂ ᠦᠨᠡᠨᠴᠢ ᠢᠲᠡᠭᠡᠮᠵᠢ ᠶᠢᠨ ᠠᠵᠤ ᠠᠬᠤᠶᠢᠯᠠᠯ ᠪᠣᠯᠭᠠᠵᠤ᠂ ᠠᠯᠪᠠᠨ ᠤ ᠵᠠᠭᠤᠴᠢᠯᠠᠭᠤᠷ ᠲᠤ ᠦᠨᠡᠨᠴᠢ ᠢᠲᠡᠭᠡᠮᠵᠢ ᠶᠢᠨ ᠬᠥᠮᠦᠰ ᠤᠨ ᠲᠡᠷᠢᠭᠦᠨ ᠤ ᠦᠢᠯᠡ ᠠᠵᠢᠯᠯᠠᠭ᠎ᠠ ᠶᠢ ᠥᠷᠭᠡᠨ ᠢᠶᠠᠷ ᠤᠬᠠᠭᠤᠯᠵᠤ᠂ ᠨᠠᠩ ᠣᠯᠠᠨ ᠵᠠᠬ᠎ᠠ ᠳᠡᠯᠭᠡᠭᠦᠷ ᠤᠨ ᠭᠤᠤᠯ ᠴᠣᠭᠴᠠ᠂ ᠬᠤᠲᠠ ᠶᠢᠨ ᠠᠷᠠᠳ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠳᠤ ᠣᠷᠣᠯᠴᠠᠬᠤ ᠶᠢ ᠵᠣᠷᠢᠭᠵᠢᠭᠤᠯᠤᠨ᠎ᠠ᠃ ︽ᠦᠨᠡᠨᠴᠢ ᠢᠲᠡᠭᠡᠮᠵᠢᠲᠡᠶ ᠠᠵᠤ ᠠᠬᠤᠶᠢᠯᠠᠯ ᠢ ᠤᠷᠢᠳ ᠢᠶᠠᠷ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠴᠣᠩᠬᠤᠪᠴᠢ︾ ᠶᠢ ᠨᠡᠭᠡᠭᠡᠵᠦ᠂ ᠦᠨᠡᠨᠴᠢ ᠢᠲᠡᠭᠡᠮᠵᠢᠲᠡᠶ ᠠᠵᠤ ᠠᠬᠤᠶᠢᠯᠠᠯ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ 23 ᠵᠦᠢᠯ ᠤᠨ ᠵᠦᠢᠯᠡᠰ ᠢ ᠮᠡᠳᠡᠭᠳᠡᠵᠦ ᠠᠮᠠᠯᠠᠯᠲᠠ ᠶᠢ ᠭᠦᠢᠴᠡᠳᠭᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ 55 ᠵᠦᠢᠯ ᠤᠨ ᠵᠦᠢᠯᠡᠰ ᠢ ᠪᠠᠭᠲᠠᠭᠠᠵᠤ ᠭᠥᠯᠢᠶᠡᠨ ᠠᠪᠴᠤ ᠰᠢᠢᠳᠪᠦᠷᠢᠯᠡᠬᠦ ᠠᠵᠢᠯ ᠢ ᠬᠠᠩᠭᠠᠪᠠ᠃ ᠢᠲᠡᠭᠡᠮᠵᠢ ᠶᠢᠨ ᠬᠤᠪᠢ ᠬᠤᠷᠠᠮᠳᠤᠭᠤᠯᠬᠤ ᠳᠦᠷᠢᠮ ᠢ ᠢᠳᠡᠪᠬᠢᠲᠡᠢ ᠬᠡᠷᠡᠭᠵᠢᠭᠦᠯᠵᠦ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ᠂ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠳᠤ ᠬᠤᠪᠢ ᠬᠤᠷᠠᠮᠳᠤᠭᠤᠯᠵᠤ ᠵᠣᠭᠤᠰ ᠰᠣᠯᠢᠬᠤ ᠲᠣᠭᠲᠠᠴᠠ ᠶᠢ ᠬᠠᠶᠢᠨ ᠰᠦᠪᠡᠭᠴᠢᠯᠡᠵᠦ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ᠂ ᠨᠡᠶᠢᠭᠡᠮ ᠤᠨ ᠪᠠᠲᠤᠯᠠᠭ᠎ᠠ ᠪᠠ ᠵᠠᠮ ᠬᠠᠷᠢᠯᠴᠠᠭ᠎ᠠ ᠶᠠᠪᠤᠵᠤ ᠰᠠᠭᠤᠬᠤ᠂ ᠵᠢᠭᠤᠯᠴᠢᠯᠠᠯ ᠤᠨ ᠦᠢᠯᠡᠴᠢᠯᠡᠭᠡ ᠵᠡᠷᠭᠡ ᠲᠠᠯ᠎ᠠ ᠪᠠᠷ ᠬᠤᠪᠢ ᠥᠨᠳᠥᠷ ᠢᠲᠡᠭᠡᠮᠵᠢ ᠶᠢᠨ ᠭᠤᠣᠯ ᠴᠣᠭᠴᠠ ᠶᠢᠨ ᠣᠯᠠᠨ ᠵᠦᠢᠯ ᠤᠨ ᠬᠠᠷᠠᠭᠠᠯᠵᠠᠯ ᠦᠵᠡᠭᠦᠯᠵᠦ᠂ ︽ᠦᠨᠡᠨᠴᠢ ᠢᠲᠡᠭᠡᠮᠵᠢ︾ ᠶᠢ ᠠᠷᠠᠳ ᠢᠷᠭᠡᠨ᠂ ᠠᠵᠤ ᠠᠬᠤᠶᠢᠯᠠᠯ ᠤᠨ ᠬᠤᠶᠠᠳᠤᠭᠠᠷ ︽ᠪᠡᠶ᠎ᠡ ᠶᠢᠨ ᠦᠨᠡᠮᠯᠡᠯ︾ ︽ᠵᠥᠪᠰᠢᠶᠡᠷᠡᠯ ᠤᠨ ᠦᠨᠡᠮᠯᠡᠯ︾ ᠪᠣᠯᠭᠠᠨ᠎ᠠ᠃      ᠳᠥᠷᠪᠡ᠂ ᠡᠨᠧᠷᠭᠢ ᠣᠯᠭᠤᠬᠤ ᠶᠢ ᠰᠡᠷᠭᠦᠭᠡᠵᠦ᠂ ᠦᠨᠡᠨᠴᠢ ᠢᠲᠡᠭᠡᠮᠵᠢ ᠶᠢᠨ ︽ᠲᠦᠯᠬᠢᠭᠴᠢ︾ ᠶᠢ ᠬᠥᠭᠵᠢᠭᠡᠨ᠎ᠡ      ᠢᠲᠡᠭᠡᠮᠵᠢ ᠶᠢ ᠰᠡᠷᠭᠦᠭᠡᠬᠦ ᠳᠦᠷᠢᠮ ᠢ ᠢᠳᠡᠪᠬᠢᠲᠡᠢ ᠰᠦᠪᠡᠭᠴᠢᠯᠡᠨ ᠬᠡᠷᠡᠭᠵᠢᠭᠦᠯᠵᠦ᠂ ᠣᠯᠠᠨ ᠡᠰᠢᠲᠦ ᠬᠠᠮᠲᠤᠪᠠᠷ ᠵᠠᠰᠠᠬᠤ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠤᠨ᠎ᠠ᠃ ᠢᠲᠡᠭᠡᠮᠵᠢ ᠶᠢ ᠰᠡᠷᠭᠦᠭᠡᠬᠦ ᠦᠢᠯᠡᠴᠢᠯᠡᠭᠡ ᠶᠢ ᠰᠢᠯᠢᠳᠡᠭᠵᠢᠭᠦᠯᠵᠦ᠂ ᠢᠲᠡᠭᠡᠮᠵᠢ ᠶᠢ ᠰᠡᠷᠭᠦᠭᠡᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠦᠨ᠂ ︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠢᠲᠡᠭᠡᠮᠵᠢ ᠶᠢ ᠰᠡᠷᠭᠦᠭᠡᠬᠦ ᠬᠠᠮᠢᠶᠠᠷᠤᠯᠲᠠ ᠶᠢᠨ ᠠᠵᠢᠯ ᠤᠨ ᠴᠤᠪᠤᠷᠠᠯ ᠪᠠ ᠠᠵᠢᠯᠯᠠᠭᠠᠨ ᠤ ᠵᠢᠷᠤᠮᠵᠢᠯ︾ ᠢ ᠪᠠᠶᠢᠭᠤᠯᠤᠨ ᠨᠠᠶᠢᠳᠠᠪᠤᠷᠢᠵᠢᠭᠤᠯᠵᠤ᠂ ︽︿ᠬᠤᠶᠠᠷ ᠪᠢᠴᠢᠭ ᠢ ᠵᠡᠷᠭᠡ ᠪᠠᠷ ᠬᠦᠷᠭᠡᠬᠦ﹀ ᠠᠵᠢᠯ ᠢ ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠵᠠᠬ᠎ᠠ ᠳᠡᠯᠭᠡᠭᠦᠷ ᠤᠨ ᠬᠦᠷᠢᠶᠡᠨ ᠳᠠᠬᠢ ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠤᠨ ᠪᠢᠴᠢᠭ ᠬᠢᠭᠡᠳ ᠢᠲᠡᠭᠡᠮᠵᠢ ᠶᠢ ᠰᠡᠷᠭᠦᠭᠡᠬᠦ ᠮᠡᠳᠡᠭᠳᠡᠯ ᠤᠨ ᠪᠢᠴᠢᠭ ᠤᠨ ︽ᠬᠤᠶᠠᠷ ᠪᠢᠴᠢᠭ ᠢ ᠵᠡᠷᠭᠡ ᠪᠠᠷ ᠬᠦᠷᠭᠡᠬᠦ︾ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠲᠤᠰᠬᠠᠶ ᠤᠲᠠᠰᠤ ᠲᠣᠬᠢᠷᠠᠭᠤᠯᠵᠤ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠲᠡᠭᠡᠮᠵᠢ ᠶᠢ ᠰᠡᠷᠭᠦᠭᠡᠬᠦ ᠠᠰᠠᠭᠤᠨ ᠯᠠᠪᠯᠠᠬᠤ ᠵᠦᠢᠯᠡᠰ ᠢ ᠵᠢᠯᠣᠭᠤᠳᠤᠨ᠎ᠠ᠃ ᠢᠲᠡᠭᠡᠮᠵᠢ ᠶᠢ ᠰᠡᠷᠭᠦᠭᠡᠬᠦ ᠬᠠᠮᠵᠢᠯᠴᠠᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠢᠲᠡᠭᠡᠮᠵᠢ ᠠᠯᠳᠠᠭᠰᠠᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠲᠡᠭᠡᠮᠵᠢ ᠶᠢ ᠰᠡᠷᠭᠦᠭᠡᠬᠦ ᠠᠵᠢᠯ ᠤᠨ ᠴᠤᠪᠤᠷᠠᠯ ᠢ ᠵᠢᠷᠤᠮᠵᠢᠭᠤᠯᠤᠨ᠂ ᠢᠲᠡᠭᠡᠮᠵᠢ ᠶᠢ ᠰᠡᠷᠭᠦᠭᠡᠬᠦ ᠳᠤ ᠬᠠᠮᠵᠢᠯᠴᠠᠨ ᠬᠤᠯᠪᠣᠭᠠᠯᠠᠨ ᠬᠥᠳᠡᠯᠦᠯᠴᠡᠬᠦ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠲᠣᠭᠲᠠᠴᠠ ᠶᠢ ᠠᠬᠢᠭᠤᠯᠵᠤ᠂ ︽ᠣᠯᠠᠨ ᠲᠠᠯ᠎ᠠ ᠠᠴᠠ ᠰᠡᠷᠭᠦᠭᠡᠬᠦ︾ ᠠᠰᠠᠭᠤᠳᠠᠯ ᠢ ᠰᠢᠢᠳᠪᠦᠷᠢᠯᠡᠨ᠎ᠡ᠃ ᠵᠠᠰᠠᠨ ᠰᠡᠷᠭᠦᠭᠡᠬᠦ ᠨᠥᠬᠦᠴᠡᠯ ᠳᠤ ᠨᠡᠶᠢᠴᠡᠬᠦ ᠮᠥᠷᠲᠡᠭᠡᠨ ᠮᠠᠲ᠋ᠧᠷᠢᠶᠠᠯ ᠨᠢ ᠪᠦᠷᠢᠨ ᠭᠦᠢᠴᠡᠳ ᠪᠠᠶᠢᠪᠠᠯ᠂ ︽ᠳᠠᠷᠦ᠋ᠢᠬᠠᠨ ᠭᠦᠢᠴᠡᠳᠬᠡᠬᠦ︾ ᠠᠷᠭ᠎ᠠ ᠶᠢ ᠠᠪᠴᠤ᠂ ᠢᠲᠡᠭᠡᠯ ᠠᠯᠳᠠᠭᠰᠠᠨ ᠭᠤᠣᠯ ᠴᠣᠭᠴᠠ ᠶᠢ ᠥᠨᠳᠥᠷ ᠪᠦᠲᠦᠮᠵᠢᠲᠡᠶ ᠪᠠᠷ ᠬᠠᠪᠰᠤᠷᠤᠨ ᠢᠲᠡᠭᠡᠮᠵᠢ ᠶᠢ ᠨᠢ ᠰᠡᠷᠭᠦᠭᠡᠵᠦ᠂ ᠲᠡᠳᠡᠨᠤᠰ ᠤᠨ ᠥᠪᠡᠷ ᠤᠨ ᠢᠲᠡᠭᠡᠯ ᠠᠯᠳᠠᠭᠰᠠᠨ ᠦᠢᠯᠡ ᠠᠵᠢᠯᠯᠠᠭ᠎ᠠ ᠪᠠᠨ ᠴᠠᠭ ᠲᠤᠬᠠᠶ ᠳᠤᠨᠢ ᠰᠠᠨᠠᠭᠠᠴᠢᠯᠠᠭ᠎ᠠ ᠠᠴᠠ ᠪᠠᠨ ᠵᠠᠯᠠᠷᠠᠭᠤᠯᠬᠤ᠂ ᠨᠡᠶᠢᠭᠡᠮ ᠤᠨ ᠮᠠᠭᠤ ᠨᠥᠯᠥᠭᠡ ᠶᠢ ᠠᠷᠢᠯᠭᠠᠬᠤ ᠪᠠᠷ ᠳᠠᠮᠵᠢᠭᠤᠯᠤᠨ ᠥᠪᠡᠷ  ᠤᠨ ᠢᠲᠡᠭᠡᠯ ᠢᠶᠠᠨ ᠪᠡᠶᠡᠯᠡᠭᠦᠯᠦᠨ᠎ᠡ᠃ ᠣᠲᠣ ᠪᠣᠯᠲᠠᠯ᠎ᠠ᠂ ᠡᠵᠡᠩᠨᠡᠯᠲᠡ ᠶᠢ ᠨᠢ ᠰᠡᠷᠭᠦᠭᠡᠭᠰᠡᠨ ᠬᠡᠪ ᠤᠨ ᠪᠤᠰᠤ ᠨᠡᠷᠡᠰ ᠤᠨ ᠵᠢᠭᠰᠠᠭᠠᠯᠲᠠ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠨᠢ ᠨᠢᠭᠡᠨᠲᠡ 1103 ᠡᠷᠦᠬᠡ ᠪᠠᠶᠢᠵᠤ᠂ ᠬᠠᠤᠯᠢ ᠶᠢ ᠬᠦᠨᠳᠦ ᠨᠣᠴᠢᠲᠠᠶ ᠵᠥᠷᠢᠴᠡᠵᠦ ᠢᠲᠡᠭᠡᠮᠵᠢ ᠠᠯᠳᠠᠭᠰᠠᠨ ᠵᠠᠬ᠎ᠠ ᠳᠡᠯᠭᠡᠭᠦᠷ ᠤᠨ ᠭᠤᠤᠯ ᠴᠣᠭᠴᠠ ᠨᠢ 8 ᠡᠷᠦᠬᠡ ᠰᠡᠯᠪᠢᠨ ᠵᠠᠰᠠᠪᠠ᠃   
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号