ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠲᠤᠮᠦ ᠠᠵᠢᠯ ᠶᠠᠪᠤᠳᠠᠯ ᠤᠨ ᠲᠡᠮᠳᠡᠭᠯᠡᠯ ︵2024 ᠣᠨ ᠤ 11 ᠰᠠᠷ᠎ᠠ ᠶᠢᠨ 1 ᠤ ᠡᠳᠦᠷ — 11 ᠰᠠᠷ᠎ᠠ ᠶᠢᠨ 30 ᠤ ᠡᠳᠦᠷ︶
ᠨᠡᠶᠢᠲᠡᠯᠡᠭᠰᠡᠨ ᠴᠠᠭ᠄
2024/12/11
      11 ᠰᠠᠷ᠎ᠠ ᠶᠢᠨ 1 ᠤ ᠡᠳᠦᠷ᠂ ᠴᠢᠩᠱᠠᠨ ᠲᠣᠭᠤᠷᠢᠭ ᠤᠨ ᠠᠩᠬᠠᠳᠤᠭᠠᠷ ᠬᠤᠭᠤᠴᠠᠭᠠᠨ ᠤ ᠫᠢ ᠺᠧ ᠪᠥᠮᠪᠦᠭᠡ ᠶᠢᠨ ᠤᠷᠤᠯᠳᠤᠭᠠᠨ ᠨᠢ ᠴᠢᠩᠱᠠᠨ ᠲᠣᠭᠤᠷᠢᠭ ᠤᠨ ᠨᠢᠭᠡᠳᠦᠭᠡᠷ  ᠮᠠᠰᠢᠨ ᠮᠧᠬᠠᠨᠢᠭ ᠤᠨ ᠪᠡᠶ᠎ᠡ ᠶᠢᠨ ᠲᠠᠮᠢᠷ ᠤᠨ ᠣᠷᠳᠣᠨ ᠳᠤ ᠶᠠᠪᠤᠭᠳᠠᠵᠤ᠂ 24 ᠲᠥᠯᠥᠭᠡᠯᠡᠭᠴᠢᠳ ᠤᠨ ᠠᠩᠭᠢ ᠶᠢᠨ 60 ᠭᠠᠷᠤᠢ ᠲᠠᠮᠢᠷᠴᠢᠨ ᠤᠷᠤᠯᠳᠤᠭᠠᠨ ᠳᠤ ᠣᠷᠣᠯᠴᠠᠵᠤ᠂ ᠤᠷ᠎ᠠ ᠮᠡᠷᠭᠡᠵᠢᠯ ᠢᠶᠠᠨ ᠰᠤᠯᠢᠯᠴᠠᠵᠠᠢ᠂ ᠤᠷᠤᠯᠳᠤᠭᠠᠨ ᠤ ᠵᠤᠷᠢᠯᠭ᠎ᠠ ᠨᠢ ᠴᠢᠩᠱᠠᠨ ᠲᠣᠭᠤᠷᠢᠭ ᠤᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠣᠯᠠᠨ ᠡᠰᠢᠴᠢᠯᠡᠭᠰᠡᠨ ᠬᠥᠭᠵᠢᠯᠲᠡ ᠶᠢ ᠲᠦᠯᠬᠢᠨ ᠠᠬᠢᠭᠤᠯᠬᠤ ᠶᠢᠨ ᠲᠥᠯᠥᠭᠡ ᠶᠦᠮ᠃      11 ᠰᠠᠷ᠎ᠠ ᠶᠢᠨ 2 ᠤ ᠡᠳᠦᠷ᠂ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠤᠨ ᠥᠪᠥᠷ ᠮᠣᠩᠭᠤᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠠᠮᠤᠷ ᠲᠦᠪᠰᠢᠨ ᠤ ᠳᠡᠰ ᠢ ᠰᠢᠯᠭᠠᠨ ᠦᠨᠡᠯᠡᠬᠦ ᠲᠥᠪ ᠰᠦᠯᠵᠢᠶᠡᠨ ᠤ ᠠᠮᠤᠷ ᠲᠦᠪᠰᠢᠨ ᠤ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠬᠤ ᠶᠣᠰᠣᠯᠠᠯ ᠶᠠᠪᠤᠭᠤᠯᠪᠠ᠃ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 1 ᠳ᠋ᠦᠩᠰᠢᠭᠤᠷ ᠲᠥᠭᠦᠷᠢᠭ ᠪᠠᠶᠢᠵᠤ᠂ ᠨᠢᠭᠡ ᠴᠣᠭᠴᠠᠵᠢᠭᠰᠠᠨ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠬᠦ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠬᠠᠮᠲᠤ ᠪᠠᠷ ᠡᠳ᠋ᠯᠡᠬᠦ ᠶᠢ ᠠᠬᠢᠭᠤᠯᠬᠤ᠂ ᠲᠣᠭᠠᠴᠢᠯᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠡᠵᠡᠩᠨᠡᠯᠲᠡ ᠶᠢ ᠲᠤᠯᠭᠠᠭᠤᠷᠢᠯᠠᠬᠤ ᠳᠤ ᠴᠢᠬᠤᠯᠠ ᠦᠢᠯᠡᠳᠦᠯ ᠲᠠᠢ ᠶᠤᠮ᠃      ᠲᠤᠰ ᠡᠳᠦᠷ᠂ 2024 ᠣᠨ ᠤ ᠠᠩᠬᠠᠳᠤᠭᠠᠷ ᠬᠤᠭᠤᠴᠠᠭᠠᠨ ᠤ ᠪᠤᠭᠤᠲᠤ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ︵ᠴᠡᠷᠢᠭ ᠤᠨ ᠬᠡᠷ ᠪᠦᠯᠢ︶ ᠤᠨ ᠤᠶᠤᠲᠠᠳ ᠤᠨ ᠠᠵᠢᠯ ᠣᠯᠵᠤ ᠦᠢᠯᠡᠰ ᠴᠣᠭᠴᠠᠯᠠᠬᠤ ᠶᠠᠷᠢᠶᠠᠨ ᠤ ᠲᠠᠪᠴᠠᠩ ᠵᠢᠴᠢ ᠦᠢᠯᠡᠰ ᠴᠣᠭᠴᠠᠯᠠᠬᠤ ᠲᠥᠷᠥᠯ ᠵᠦᠢᠯ ᠤᠨ ᠲᠠᠨᠢᠯᠴᠠᠭᠤᠯᠭ᠎ᠠ ᠶᠢᠨ ᠬᠤᠷᠠᠯ ᠢ ᠪᠤᠭᠤᠲᠤ ᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠦᠪᠡᠳᠡᠭᠰᠢ ᠶᠡᠭᠡ ᠪᠠᠷ ᠡᠷᠭᠢᠯᠡᠪᠡ᠃ 30 ᠠᠵᠤ ᠠᠬᠤᠶᠢᠯᠠᠯ ᠴᠡᠷᠢᠭ ᠢᠶᠠᠨ ᠬᠦᠷᠢᠶᠡᠯᠡᠬᠦ ᠬᠡᠯᠡᠯᠴᠡᠭᠡᠷ ᠲᠣᠭᠲᠠᠵᠤ᠂ 300 ᠭᠠᠷᠤᠶ ᠴᠡᠷᠢᠭ ᠤᠨ ᠠᠯᠪᠠ ᠠᠴᠠ ᠬᠠᠯᠠᠭᠳᠠᠭᠰᠠᠳ᠂ ᠴᠡᠷᠢᠭ ᠤᠨ ᠭᠡᠷ ᠪᠦᠯᠢ ᠵᠢᠴᠢ ᠣᠶᠤᠲᠠᠨ ᠠᠵᠢᠯᠯᠠᠭ᠎ᠠ ᠳᠤ ᠣᠷᠣᠯᠴᠠᠭᠰᠠᠨ ᠪᠥᠭᠡᠳ ᠲᠤᠬᠠᠢ ᠶᠢᠨ ᠲᠠᠯᠠᠪᠠᠢ ᠳᠤ 76 ᠬᠥᠮᠦᠨ ᠠᠵᠢᠯ ᠣᠯᠬᠤ ᠰᠠᠨᠠᠮᠵᠢ ᠲᠠᠢ ᠪᠣᠯᠪᠠ᠃      11 ᠰᠠᠷ᠎ᠠ ᠶᠢᠨ 5 ᠤ ᠡᠳᠦᠷ᠂ ᠴᠢᠩᠱᠠᠨ ᠲᠣᠭᠤᠷᠢᠭ ᠤᠨ ᠠᠩᠬᠠᠳᠤᠭᠠᠷ ᠬᠤᠭᠤᠴᠠᠭᠠᠨ ᠤ ᠵᠡᠮᠳᠡᠭᠴᠦᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠴᠢᠩᠱᠠᠨ ᠲᠣᠭᠤᠷᠢᠭ ᠤᠨ ᠵᠡᠮᠳᠡᠭᠴᠦᠳ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠲᠤ ᠶᠠᠪᠤᠭᠳᠠᠪᠠ᠃ 32 ᠲᠠᠮᠢᠷᠴᠢᠨ ᠬᠠᠮᠲᠤ ᠪᠠᠷ 4 ᠤᠷᠤᠯᠳᠤᠭᠠᠨ ᠤ ᠲᠥᠷᠥᠯ ᠵᠦᠢᠯ ᠤᠨ ᠮᠠᠩᠯᠠᠶ ᠶᠢ ᠥᠷᠢᠰᠦᠯᠳᠦᠪᠡ᠃      11 ᠰᠠᠷ᠎ᠠ ᠶᠢᠨ 12 ᠤ ᠡᠳᠦᠷ᠂ ᠴᠢᠩᠱᠠᠨ ᠲᠣᠭᠤᠷᠢᠭ ᠤᠨ ᠪᠡᠶ᠎ᠡ ᠪᠠᠨ ᠳᠠᠭᠠᠭᠠᠵᠤ ᠪᠦᠲᠦᠭᠡᠨ ᠪᠠᠶᠢᠭᠤᠯᠤᠭᠰᠠᠨ ᠠᠩᠬᠠᠳᠠᠭᠴᠢ 24 ᠴᠠᠭ ᠤᠨ ᠠᠵᠢᠯᠴᠢᠨ ᠤ ᠡᠪᠯᠡᠯ ᠤᠨ ᠥᠷᠲᠡᠭᠡ ᠡᠬᠢᠯᠡᠪᠡ᠃ ᠴᠢᠩᠱᠠᠨ ᠲᠣᠭᠤᠷᠢᠭ ᠤᠨ ︽ᠳᠤᠯᠠᠭᠠᠨ ᠥᠷᠲᠡᠭᠡ︾ ᠶᠢᠨ ᠳᠣᠲᠣᠷᠠᠬᠢ ᠲᠥᠬᠦᠭᠡᠷᠦᠮᠵᠢ ᠶᠢ ᠲᠣᠬᠢᠷᠠᠭᠤᠯᠤᠨ ᠲᠡᠭᠦᠯᠳᠡᠷᠵᠢᠭᠦᠯᠵᠦ᠂ ᠭᠡᠷ ᠤᠨ ᠭᠠᠳᠠᠨᠠᠬᠢ ᠬᠥᠳᠡᠯᠮᠦᠷᠢᠴᠢᠳ ᠤᠨ ᠠᠵᠢᠯ ᠤᠨ ᠳᠤᠮᠳᠠ ᠲᠤᠯᠭᠠᠷᠠᠵᠤ ᠪᠠᠶᠢᠭ᠎ᠠ ︽ᠤᠰᠤ ᠤᠤᠭᠤᠬᠤ ᠳᠤ ᠬᠦᠴᠢᠷ᠂ ᠠᠮᠠᠷᠠᠬᠤ ᠳᠤ ᠬᠦᠴᠢᠷ᠂ ᠵᠣᠷᠯᠣᠩ ᠳᠤ ᠣᠷᠣᠬᠤ ᠳᠤ ᠬᠦᠴᠢᠷ︾ ᠵᠡᠷᠭᠡ ᠪᠣᠳᠠᠲᠠᠶ ᠠᠰᠠᠭᠤᠳᠠᠯ ᠢ ᠦᠨᠡᠨ ᠬᠦ ᠰᠢᠢᠳᠪᠦᠷᠢᠯᠡᠪᠡ᠃      11 ᠰᠠᠷ᠎ᠠ ᠶᠢᠨ 16 ᠤ ᠡᠳᠦᠷ᠂ ᠴᠢᠩᠱᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ᠨᠢ ᠰᠢᠩ ᠱᠧᠩ ᠪᠠᠯᠭᠠᠰᠤᠨ ᠤ ᠶᠦᠩ ᠾᠧ ᠶᠣᠣ ᠽᠢ ᠲᠣᠰᠬᠤᠨ ᠤ ᠠᠷᠠᠳ ᠤᠨ ᠵᠥᠪᠯᠡᠯ ᠳᠤ ︽ᠤᠰᠤ ᠠᠪᠬᠤ ᠵᠥᠪᠰᠢᠶᠡᠷᠡᠯ ᠤᠨ ᠦᠨᠡᠮᠯᠡᠯ︾ ᠢ ᠤᠯᠭᠤᠵᠦ᠂ ᠡᠨᠡ ᠨᠢ ᠴᠢᠩᠱᠠᠨ ᠲᠣᠭᠤᠷᠢᠭ ᠤᠨ ᠲᠣᠰᠬᠤᠨ ᠤ ᠬᠠᠮᠲᠤ ᠶᠢᠨ ᠤᠰᠤ ᠠᠪᠬᠤ ᠬᠤᠳᠳᠤᠭ ᠲᠤ ᠤᠯᠭᠤᠭᠰᠠᠨ ᠤᠰᠤ ᠠᠪᠬᠤ ᠵᠥᠪᠰᠢᠶᠡᠷᠡᠯ ᠤᠨ ︽ᠠᠩᠬᠠᠨ ᠤ ᠦᠨᠡᠮᠯᠡᠯ︾ ᠪᠣᠯᠤᠨ᠎ᠠ᠃      11 ᠰᠠᠷ᠎ᠠ ᠶᠢᠨ 17 ᠤ ᠡᠳᠦᠷ᠂ ᠠᠷᠪᠠᠳᠤᠭᠠᠷ ᠬᠤᠭᠤᠴᠠᠭᠠᠨ ᠤ ︽ ᠶᠢᠨ ᠹᠧᠢ ᠶᠠᠨ︾ ᠳᠠᠯᠠᠢ ᠶᠢᠨ ᠬᠤᠭᠤᠯᠠᠢ ᠶᠢᠨ ᠬᠤᠶᠠᠷ ᠡᠷᠭᠢ ᠶᠢᠨ ᠪᠢᠴᠢᠯ ᠺᠢᠨᠤ᠋ ᠪᠢᠴᠢᠯ ᠸᠢᠳᠢᠤ᠋ ᠤᠷᠤᠯᠳᠤᠭᠠᠨ ᠱᠠᠩᠨᠠᠯ ᠣᠯᠭᠤᠬᠤ ᠶᠣᠰᠣᠯᠠᠯ ᠶᠠᠪᠤᠭᠳᠠᠪᠠ᠃ ᠴᠢᠩᠱᠠᠨ ᠲᠣᠭᠤᠷᠢᠭ ᠤᠨ ᠺᠢᠨᠤ᠋ ︽ᠬᠤᠷᠢᠨ ᠳᠥᠷᠪᠡᠨ ᠴᠠᠭ︾ ᠪᠣᠯ 46 ᠵᠢᠭᠰᠠᠭᠠᠯᠲᠠ ᠳᠤ ᠣᠷᠣᠭᠰᠠᠨ ᠪᠦᠲᠦᠭᠡᠯ ᠤᠨ ᠨᠢᠭᠡ ᠪᠣᠯᠤᠨ᠎ᠠ᠃      11 ᠰᠠᠷ᠎ᠠ ᠶᠢᠨ 22  ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠶᠦᠨ ᠰᠢ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ 20 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ︽ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠨ ᠠᠰᠢᠭᠯᠠᠬᠤ ᠠᠵᠢᠯ ᠢ ᠴᠢᠩᠭᠠᠳᠬᠠᠬᠤ ᠲᠤᠬᠠᠶ ᠬᠡᠷᠡᠭᠵᠢᠭᠦᠯᠬᠦ ᠲᠥᠰᠦᠯ︾ ᠵᠡᠷᠭᠡ ᠬᠤᠯᠪᠣᠭᠳᠠᠯ ᠪᠦᠬᠦᠢ ᠵᠦᠢᠯᠡᠰ ᠢ ᠰᠤᠳᠤᠯᠪᠠ᠃      11 ᠰᠠᠷ᠎ᠠ ᠶᠢᠨ 25 ᠤ ᠡᠳᠦᠷ᠂ ᠪᠤᠭᠤᠲᠤ ᠶᠢᠨ ᠣᠯᠢᠮᠫᠢᠺ ᠤᠨ ᠴᠡᠴᠡᠷᠯᠢᠭ᠂ ᠪᠤᠭᠤᠲᠤ ᠶᠢᠨ ᠴᠢᠩᠱᠠᠨ ᠵᠣᠴᠢᠳ ᠤᠨ ᠪᠠᠭᠤᠳᠠᠯ ᠤᠨ ᠠᠮᠢ ᠠᠬᠤᠢ ᠶᠢᠨ ᠵᠢᠭᠤᠯᠴᠢᠯᠠᠯ ᠤᠨ ᠣᠷᠣᠨ ᠢ AA ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠬᠢᠨᠠᠨ ᠲᠣᠭᠲᠠᠭᠠᠪᠠ᠃      11 ᠰᠠᠷ᠎ᠠ ᠶᠢᠨ 29 ᠤ ᠡᠳᠦᠷ᠂ ᠴᠢᠩᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯᠤᠨ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠪᠣᠯᠤᠨ ᠳᠤᠮᠳᠠᠳᠤ ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠪᠤᠭᠤᠲᠤ ᠶᠢᠨ ᠴᠢᠩᠱᠠᠨ ᠤ ᠰᠠᠯᠪᠤᠷᠢ ᠪᠠᠩᠬᠢ ᠬᠠᠮᠲᠤᠷᠠᠨ ︽︿ᠵᠠᠰᠠᠭ ᠪᠠᠩᠬᠢ ᠶᠢᠨ ᠬᠠᠮᠲᠤᠷᠠᠯᠴᠠᠭ᠎ᠠ﹀ ᠶᠢᠨ ᠪᠠᠶᠢᠯᠳᠤᠬᠤ ᠪᠤᠳᠤᠯᠭ᠎ᠠ ᠶᠢᠨ ᠪᠦᠳᠦᠭᠦᠪᠴᠢ ᠵᠥᠪᠯᠡᠯᠴᠡᠭᠡᠷ︾ ᠤᠨ ᠭᠡᠷ᠎ᠡ ᠲᠣᠭᠲᠠᠬᠤ ᠵᠢᠴᠢ ᠫᠠᠶᠢᠰᠠ ᠰᠡᠬᠦᠬᠦ ᠶᠣᠰᠣᠯᠠᠯ ᠶᠠᠪᠤᠭᠤᠯᠵᠤ᠂ ᠪᠤᠭᠤᠲᠤ ᠬᠤᠳᠠ ᠶᠢᠨ ᠠᠩᠬᠠᠳᠠᠭᠴᠢ ᠠᠰᠢᠭᠯᠠᠯᠲᠠ ᠳᠤ ᠣᠷᠣᠭᠤᠯᠤᠭᠰᠠᠨ ︽ᠵᠠᠰᠠᠭ ᠪᠠᠩᠬᠢ ᠶᠢᠨ ᠬᠠᠮᠲᠤᠷᠠᠯᠴᠠᠭ᠎ᠠ︾ ᠶᠢᠨ ᠵᠢᠱᠢᠶ᠎ᠡ ᠦᠵᠡᠭᠦᠯᠬᠦ ᠴᠡᠭ ᠪᠤᠯᠵᠤ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠤᠢᠢᠷ᠎ᠠ ᠬᠠᠪᠢ ᠳᠠᠭᠠᠨ ᠭᠦᠢᠴᠡᠳᠬᠡᠵᠦ ᠳᠡᠶᠢᠯᠬᠦ︾᠂ ︽ᠤᠯᠠᠨ ᠭᠠᠵᠠᠷ ᠲᠤ ᠭᠦᠢᠴᠡᠳᠬᠡᠵᠦ ᠪᠣᠯᠬᠤ︾ ᠶᠢ ᠪᠡᠶᠡᠯᠡᠭᠦᠯᠪᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号