ᠭᠡᠷᠡᠯ ᠭᠡᠭᠡ ᠨᠡᠶᠢᠭᠡᠮ ᠲᠣᠭᠤᠷᠢᠭ ᠰᠠᠭᠤᠭᠠᠯᠢ ᠡᠷᠦᠬᠡ ᠶᠢᠨ ᠪᠠᠶᠢᠴᠠᠭᠠᠯᠲᠠ ᠶᠢᠨ ᠥᠯᠢᠭᠡᠷ ᠬᠡᠪ ᠢ ᠡᠭᠡᠯᠵᠢᠯᠡᠭᠦᠯᠬᠦ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/12/13
      ᠤᠶᠢᠷ᠎ᠠ ᠳᠤ᠂ ᠴᠢᠯᠥᠭᠡᠲᠦ ᠵᠠᠮ ᠤᠨ ᠵᠡᠭᠡᠯᠢ ᠭᠤᠳᠤᠮᠵᠢ ᠶᠢᠨ ᠭᠡᠷᠡᠯ ᠭᠡᠭᠡ ᠨᠡᠶᠢᠭᠡᠮ ᠲᠣᠭᠤᠷᠢᠭ ᠤᠯᠤᠰ ᠤᠨ ᠰᠢᠨ᠎ᠡ ᠨᠢᠭᠡ ᠡᠭᠡᠯᠵᠢ ᠶᠢᠨ ᠰᠠᠭᠤᠭᠠᠯᠢ ᠡᠷᠦᠬᠡ ᠶᠢᠨ ᠪᠠᠶᠢᠴᠠᠭᠠᠯᠲᠠ ᠶᠢᠨ ᠦᠯᠢᠭᠡᠷ ᠬᠡᠪ ᠢ ᠡᠭᠡᠯᠵᠢᠯᠡᠨ ᠰᠣᠯᠢᠬᠤ ᠠᠵᠢᠯ ᠢ ᠥᠷᠨᠢᠭᠦᠯᠪᠡ᠃ ᠰᠠᠭᠤᠭᠠᠯᠢ ᠡᠷᠦᠬᠡ ᠶᠢᠨ ᠪᠠᠶᠢᠴᠠᠭᠠᠯᠲᠠ ᠪᠣᠯ ᠴᠢᠬᠤᠯᠠ ᠤᠯᠤᠰ ᠤᠨ ᠪᠠᠶᠢᠴᠠᠭᠠᠯᠲᠠ ᠮᠥᠨ᠂ ᠡᠨᠡ ᠬᠦ ᠪᠠᠶᠢᠴᠠᠭᠠᠯᠲᠠ ᠨᠢ ᠪᠠᠶᠢᠴᠠᠭᠠᠭᠴᠢ ᠶᠢᠨ ᠡᠷᠦᠬᠡ ᠳᠤ ᠬᠦᠷᠴᠦ ᠰᠤᠷᠪᠤᠯᠵᠢᠯᠠᠬᠤ ᠪᠠ ᠰᠠᠭᠤᠭᠠᠯᠢ ᠡᠷᠦᠬᠡ ᠶᠢᠨ ᠳᠠᠩᠰᠠᠯᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ᠂ ᠵᠠᠷᠤᠯᠭ᠎ᠠ᠂ ᠣᠷᠣᠨ ᠰᠠᠭᠤᠴᠠ ᠶᠢᠨ ᠣᠷᠴᠢᠨ ᠲᠣᠭᠤᠷᠢᠨ ᠵᠡᠷᠭᠡ ᠠᠮᠢᠳᠤᠷᠠᠯ ᠤᠨ ᠪᠠᠶᠢᠳᠠᠯ ᠢ ᠣᠶᠢᠯᠠᠭᠠᠵᠤ᠂ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠳᠤ ᠴᠢᠬᠤᠯᠠ ᠦᠨᠳᠦᠰᠦᠯᠡᠯ ᠬᠠᠩᠭᠠᠵᠤ᠂ ᠪᠥᠬᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠠᠬᠢᠭᠤᠯᠬᠤ᠂ ᠤᠯᠤᠰ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠳᠤ ᠴᠥᠮ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃      ᠭᠡᠷᠡᠯ ᠭᠡᠭᠡ ᠨᠡᠶᠢᠭᠡᠮ ᠲᠣᠭᠤᠷᠢᠭ ᠤᠨ ᠪᠠᠶᠢᠴᠠᠭᠠᠭᠴᠢ ᠠᠴᠠ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠬᠦᠷᠭᠡᠭᠰᠡᠨ ᠰᠠᠭᠤᠭᠠᠯᠢ ᠡᠷᠦᠬᠡ ᠡᠩ ᠲᠡᠷᠢᠭᠦᠨ ᠳᠤ ᠤᠲᠠᠰᠤ ᠪᠠᠷ ᠪᠣᠯᠵᠣᠵᠤ᠂ ᠡᠷᠦᠬᠡ ᠳᠤ ᠬᠦᠷᠴᠦ ᠰᠠᠭᠤᠭᠠᠯᠢ ᠡᠷᠦᠬᠡ ᠶᠢᠨ ᠬᠡᠷ ᠤᠨ ᠪᠣᠳᠠᠲᠠᠶ ᠪᠠᠶᠢᠳᠠᠯ ᠢ ᠨᠠᠷᠢᠨ ᠣᠶᠢᠯᠠᠭᠠᠵᠤ᠂ ᠰᠠᠭᠤᠭᠠᠯᠢ ᠠᠷᠠᠳ ᠲᠤ ᠰᠠᠭᠤᠭᠠᠯᠢ ᠡᠷᠦᠬᠡ ᠶᠢᠨ ᠠᠵᠢᠯ ᠤᠨ ᠰᠢᠨᠵᠢ ᠴᠢᠨᠠᠷ᠂ ᠠᠵᠢᠯ ᠤᠨ ᠱᠠᠭᠠᠷᠳᠠᠯᠭ᠎ᠠ ᠶᠢ ᠬᠦᠯᠢᠴᠡᠩᠭᠦᠶ ᠪᠠᠷ ᠨᠠᠷᠢᠨ ᠣᠶᠢᠯᠠᠭᠠᠭᠤᠯᠵᠤ᠂ ᠰᠠᠭᠤᠭᠠᠯᠢ ᠠᠷᠠᠳ ᠤᠨ ᠲᠣᠬᠢᠷᠠᠭᠤᠯᠤᠯᠲᠠ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠬᠠᠮᠤᠭ ᠤᠨ ᠡᠴᠦᠰ ᠲᠤ ᠲᠣᠰ ᠡᠭᠡᠯᠵᠢ ᠶᠢᠨ ᠰᠠᠭᠤᠭᠠᠯᠢ ᠡᠷᠦᠬᠡ ᠶᠢᠨ ᠥᠯᠢᠭᠡᠷ ᠡᠳ᠋ ᠢ ᠡᠭᠡᠯᠵᠢᠯᠡᠨ ᠰᠣᠯᠢᠬᠤ ᠡᠷᠦᠬᠡ ᠶᠢ ᠲᠣᠭᠲᠠᠭᠠᠪᠠ︔ ᠡᠭᠦᠨ ᠤ ᠬᠠᠮᠲᠤ᠂ ᠭᠡᠷᠡᠯ ᠭᠡᠭᠡ ᠨᠡᠶᠢᠭᠡᠮ ᠲᠣᠭᠤᠷᠢᠭ ᠪᠠᠰᠠ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠴᠢᠩᠱᠠᠨ ᠤ ᠪᠠᠶᠢᠴᠠᠭᠠᠯᠲᠠ ᠶᠢᠨ ᠶᠡᠭᠡ ᠠᠩᠭᠢ ᠶᠢᠨ ᠲᠤᠰᠬᠠᠶ ᠮᠡᠷᠭᠡᠵᠢᠯᠲᠡᠨ ᠢ ᠤᠷᠢᠵᠤ ᠲᠣᠰ ᠡᠭᠡᠯᠵᠢ ᠶᠢᠨ ᠳᠡᠩᠰᠡᠯᠡᠯᠲᠡ ᠶᠢᠨ ᠠᠵᠢᠯ ᠳᠤ ᠰᠢᠰᠲ᠋ᠧᠮ ᠲᠠᠢ ᠪᠣᠯᠪᠠᠰᠤᠷᠠᠭᠤᠯᠤᠯ ᠬᠢᠯᠭᠡᠵᠡᠶ᠃      ᠳᠠᠷᠠᠭᠠᠴᠢ ᠶᠢᠨ ᠠᠯᠬᠤᠮ ᠳᠤ᠂ ᠭᠡᠷᠡᠯ ᠭᠡᠭᠡ ᠨᠡᠶᠢᠭᠡᠮ ᠲᠣᠭᠤᠷᠢᠭ ᠲᠣᠰ ᠠᠵᠢᠯ ᠳᠤ ᠴᠢᠭᠯᠡᠭᠦᠯᠦᠨ ᠲᠤᠭ᠎ᠠ ᠪᠠᠷᠢᠮᠲᠠ ᠶᠢ ᠡᠵᠡᠮᠳᠡᠬᠦ ᠶᠢ ᠪᠠᠷᠢᠮᠲᠠᠯᠠᠵᠤ᠂ ᠲᠣᠰ ᠡᠭᠡᠯᠵᠢ ᠶᠢᠨ ᠰᠠᠭᠤᠭᠠᠯᠢ ᠡᠷᠦᠬᠡ ᠲᠠᠢ ᠴᠠᠭ ᠢᠮᠠᠭᠲᠠ ᠪᠠᠶᠢᠴᠠᠭᠠᠯᠲᠠ ᠬᠢᠵᠦ ᠳᠠᠩᠰᠠ ᠲᠡᠮᠳᠡᠭᠯᠡᠬᠦ ᠡᠷᠦᠬᠡ ᠲᠠᠢ ᠡᠳᠦᠷ ᠲᠤᠲᠤᠮ ᠤᠨ ᠬᠠᠷᠢᠯᠴᠠᠭ᠎ᠠ ᠪᠠᠨ ᠴᠢᠩᠭᠠᠳᠬᠠᠵᠤ᠂ ᠡᠳᠦᠷ ᠲᠤᠲᠤᠮ ᠤᠨ ᠰᠤᠷᠪᠤᠯᠵᠢᠯᠠᠭ᠎ᠠ ᠬᠢᠬᠦ ᠲᠠᠢ ᠤᠶᠠᠯᠳᠤᠭᠤᠯᠤᠨ ᠰᠠᠭᠤᠭᠠᠯᠢ ᠡᠷᠦᠬᠡ ᠶᠢᠨ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠵᠦ᠂ ᠠᠷᠠᠳ ᠣᠯᠠᠨ ᠤ ᠠᠮᠢᠳᠤᠷᠠᠯ ᠤᠨ ᠪᠠᠶᠢᠳᠠᠯ ᠢ ᠦᠨᠡᠨ ᠪᠣᠳᠠᠲᠠᠶ ᠪᠠᠷ ᠲᠤᠰᠬᠠᠵᠤ᠂ ᠪᠣᠳᠠᠲᠤ ᠠᠵᠢᠯᠯᠠᠭ᠎ᠠ ᠪᠠᠷ ᠢᠶᠠᠨ ᠤᠯᠤᠰ ᠢ ᠬᠠᠪᠰᠤᠷᠤᠨ ᠠᠷᠠᠳ ᠤᠨ ᠰᠠᠨᠠᠭ᠎ᠠ ᠶᠢ ᠨᠠᠩ ᠰᠠᠶᠢᠲᠤᠷ ᠰᠣᠨᠣᠰᠴᠤ᠂ ᠠᠷᠠᠳ ᠤᠨ ᠠᠮᠢᠳᠤᠷᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠲᠣᠭᠲᠠᠭᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号