ᠲᠥᠷᠥᠯ ᠵᠦᠢᠯ ᠢ ᠰᠦᠪᠡᠭᠴᠢᠯᠡᠵᠦ ᠪᠡᠯᠡ ᠮᠥᠩᠭᠦ ᠤᠷᠤᠭᠤᠯᠵᠦ  ᠬᠦᠴᠢᠷ ᠠᠰᠠᠭᠤᠳᠠᠯ ᠢ ᠰᠢᠢᠳᠪᠦᠷᠢᠯᠡᠨ᠎ᠡ
ᠨᠡᠶᠢᠲᠡᠯᠡᠭᠰᠡᠨ ᠴᠠᠭ᠄
2024/12/13
      ᠡᠨᠡ ᠵᠢᠯ ᠠᠴᠠ ᠨᠠᠭᠠᠰᠢ᠂ ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠶᠡᠷᠦᠩᠬᠡᠶ ᠱᠦᠵᠢ ᠰᠢ ᠶᠢᠨ ᠫᠢᠩ ᠤᠨ ︽ᠨᠢᠭᠡ ᠰᠢᠨ᠎ᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ︽ᠰᠡᠳᠭᠢᠭᠦᠢ ᠶᠢ ᠲᠠᠶᠢᠯᠬᠤ︾ ᠶᠢ ᠭᠦᠢᠴᠡᠳ ᠬᠡᠷᠡᠭᠯᠡᠵᠦ᠂ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠲᠠᠢ ᠨᠢᠭᠲᠠ ᠤᠶᠠᠯᠳᠤᠭᠤᠯᠤᠨ᠂ ᠬᠥᠭᠵᠢᠯᠲᠡ ᠶᠢᠨ ᠠᠵᠠ ᠲᠣᠬᠢᠶᠠᠯ ᠢ ᠢᠳᠡᠪᠬᠢᠲᠡᠶ ᠠᠳᠬᠤᠵᠤ᠂ ᠮᠠᠨ ᠤ ᠲᠤᠭᠤᠷᠢᠭ ᠤᠨ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠤᠷᠢᠳᠴᠢᠯᠠᠨ ᠲᠥᠯᠥᠪᠵᠢᠭᠦᠯᠵᠦ᠂ ᠲᠥᠷᠥᠯ ᠵᠦᠢᠯ ᠤᠨ ᠪᠠᠯᠠ ᠮᠥᠩᠭᠦ ᠶᠢ ᠢᠳᠡᠪᠬᠢᠲᠡᠶ ᠪᠠᠷ ᠴᠢᠷᠮᠠᠶᠢᠨ ᠣᠯᠵᠤ᠂ ᠪᠠᠯᠠ ᠮᠥᠩᠭᠦ ᠶᠢ ︽ᠨᠡᠮᠡᠭᠳᠡᠭᠦᠯᠬᠦ︾ ᠪᠠᠷ ᠲᠥᠷᠥᠯ ᠵᠦᠢᠯ ᠤᠨ ︽ᠣᠷᠣᠭᠤᠯᠬᠤ︾ ᠶᠢ ᠠᠬᠢᠭᠤᠯᠪᠠ᠃ ᠣᠳᠣᠬᠠᠨ ᠪᠣᠯᠲᠠᠯ᠎ᠠ᠂ ᠮᠠᠨ ᠤ ᠲᠤᠭᠤᠷᠢᠭ ᠤᠨ 12 ᠲᠥᠷᠥᠯ ᠵᠦᠢᠯ ᠨᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠲᠥᠰᠦᠪ ᠤᠨ ᠳᠣᠲᠣᠷᠠᠬᠢ᠂ ᠣᠷᠳᠣ ᠬᠤᠭᠤᠴᠠᠭᠠᠨ ᠤ ᠣᠨᠴᠠᠭᠠᠶ ᠤᠯᠤᠰ ᠤᠨ ᠵᠢᠭᠡᠯᠡᠯᠭᠡ ᠶᠢᠨ ᠪᠠᠯᠠ ᠮᠥᠩᠭᠦ 3.3542 ᠳ᠋ᠦᠩᠰᠢᠭᠤᠷ ᠲᠥᠭᠦᠷᠢᠭ ᠣᠯᠵᠤ᠂ ᠭᠤᠤᠯᠳᠠᠭᠤ ᠵᠢᠵᠢᠭ ᠬᠠᠭᠤᠴᠢᠨ ᠲᠣᠭᠤᠷᠢᠭ ᠤᠨ ᠰᠠᠭᠤᠷᠢ ᠲᠦᠭᠦᠭᠡᠷᠦᠮᠵᠢ ᠶᠢᠨ ᠥᠭᠡᠷᠡᠴᠢᠯᠡᠯᠲᠡ᠂ ᠬᠤᠲᠠ ᠶᠢᠨ ᠭᠠᠵᠠᠷ ᠳᠣᠤᠷᠠᠬᠢ ᠬᠤᠭᠤᠯᠠᠶ ᠶᠢᠨ ᠲᠣᠤᠷ ᠵᠢᠴᠢ ᠲᠦᠭᠦᠭᠡᠷᠦᠮᠵᠢ ᠶᠢᠨ ᠥᠭᠡᠷᠡᠴᠢᠯᠡᠯᠲᠡ᠂ ᠰᠢᠨ᠎ᠡ ᠪᠠᠷ ᠪᠠᠶᠢᠭᠤᠯᠤᠭᠰᠠᠨ ᠵᠢᠭᠠᠨ ᠰᠤᠷᠭᠠᠯᠲᠠ ᠶᠢᠨ ᠠᠰᠠᠷ ᠵᠡᠷᠭᠡ ᠲᠥᠷᠥᠯ ᠵᠦᠢᠯ ᠤᠨ ᠪᠠᠯᠠ ᠮᠥᠩᠭᠦ ᠶᠢ ᠪᠠᠭᠲᠠᠭᠠᠵᠤ᠂ ᠬᠤᠲᠠ ᠶᠢᠨ ᠰᠢᠨᠡᠴᠢᠯᠡᠯᠲᠡ ᠶᠢ ᠲᠦᠷᠭᠡᠳᠬᠡᠬᠦ ᠳᠤ ᠬᠦᠴᠦᠲᠡᠶ ᠪᠠᠯᠠ ᠮᠥᠩᠭᠦ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ᠃      ︽ᠴᠥᠮ ᠰᠢᠢᠳᠪᠦᠷᠢᠯᠡᠵᠦ ᠳᠡᠶᠢᠯᠬᠦ︾ ᠢᠲᠡᠭᠡᠯ ᠵᠣᠷᠢᠭ ᠢᠶᠠᠷ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠎ᠠ      ᠪᠦᠬᠦ ᠲᠤᠭᠤᠷᠢᠭ ᠤᠨ ᠬᠤᠷᠸ᠎ᠠ ᠠᠵᠤ ᠠᠬᠤᠢ ᠶᠢᠨ ᠠᠵᠢᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ︽ᠲᠡᠮᠡᠴᠡᠬᠦ ᠤᠬᠠᠮᠰᠠᠷ︾ ᠢ ᠢᠮᠠᠭᠲᠠ ᠪᠠᠷᠢᠮᠲᠠᠯᠠᠵᠤ᠂ ᠠᠷᠭ᠎ᠠ ᠪᠦᠬᠦᠨ ᠢ ᠰᠦᠪᠡᠭᠴᠢᠯᠡᠨ ᠲᠦᠷᠦᠯ ᠵᠦᠢᠯ᠂ ᠪᠡᠯᠡ ᠮᠥᠩᠭᠦ ᠶᠢ ᠲᠡᠮᠡᠴᠡᠨ ᠣᠯᠵᠤ᠂ ᠰᠡᠳᠬᠢᠴᠡ ᠶᠢᠨ ᠲᠠᠯ᠎ᠠ ᠪᠠᠷ ᠲᠠᠬᠢᠨ ᠰᠢᠨ᠎ᠡ ᠶᠢ ᠡᠭᠦᠳᠴᠦ᠂ ᠡᠷᠴᠢᠮ ᠢᠶᠠᠨ ᠲᠠᠬᠢᠨ ᠴᠢᠩᠭᠠᠷᠠᠭᠤᠯᠵᠤ᠂ ᠨᠡᠪᠲᠡᠷᠡᠯᠴᠡᠨ ᠵᠣᠬᠢᠴᠠᠭᠤᠯᠬᠤ ᠲᠠᠯ᠎ᠠ ᠪᠠᠷ ᠲᠠᠬᠢᠨ ᠬᠦᠴᠦᠯᠡᠵᠦ᠂ 2025 ᠣᠨ ᠳᠤ ᠪᠡᠯᠡ ᠮᠥᠩᠭᠦ ᠶᠢ ᠰᠢᠨ᠎ᠡ ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠨ᠎ᠠ᠃ ︽ᠲᠦᠮᠡᠨ ᠶᠠᠪᠤᠳᠠᠯ ᠢ ᠰᠢᠢᠳᠪᠦᠷᠢᠯᠡᠬᠦ︾ ᠪᠣᠭᠤᠮᠲᠠ ᠰᠢᠪᠲᠤᠯᠬᠤ ᠵᠣᠷᠢᠭ ᠰᠠᠨᠠᠭ᠎ᠠ ᠶᠢ ᠪᠤᠢ ᠪᠣᠯᠭᠠᠵᠤ᠂ ︽ᠠᠵᠤ ᠦᠢᠯᠡᠰ ᠤᠨ ᠰᠡᠳᠬᠢᠬᠦᠶ︾ ᠶᠢ ᠠᠰᠢᠭᠯᠠᠵᠤ᠂ ᠭᠡᠷᠡᠯ ᠴᠡᠨᠡᠭ᠂ ᠡᠨᠧᠷᠭᠢ ᠬᠠᠳᠠᠭᠠᠯᠠᠬᠤ᠂ ᠤᠰᠤᠲᠥ᠋ᠷᠥᠭᠴᠢ ᠡᠨᠧᠷᠭᠢ ᠵᠡᠷᠭᠡ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠳᠣᠣᠷ᠎ᠠ ᠠᠭᠠᠷ ᠤᠨ ᠠᠵᠤ ᠠᠬᠤᠢ᠂ ᠤᠶᠤᠨᠲᠤ ᠮᠠᠰᠢᠨ ᠬᠥᠮᠦᠨ ᠵᠡᠷᠭᠡ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠬᠦᠴᠦᠯᠡᠨ ᠲᠥᠯᠥᠪᠵᠢᠭᠦᠯᠵᠦ᠂ ᠠᠵᠤ ᠦᠢᠯᠡᠰ ᠤᠨ ᠪᠦᠲᠦᠴᠡ ᠶᠢ ᠲᠠᠰᠤᠷᠠᠯᠲᠠ ᠦᠭᠡᠢ ᠲᠤᠬᠢᠷᠠᠭᠤᠯᠤᠨ ᠰᠢᠯᠢᠳᠡᠭᠵᠢᠭᠦᠯᠵᠦ᠂ ᠠᠵᠤ ᠦᠢᠯᠡᠰ ᠤᠨ ᠪᠦᠬᠦᠯᠢ ᠴᠣᠭᠴᠠ ᠶᠢᠨ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠴᠢᠩᠭᠠᠳᠬᠠᠨ᠎ᠠ᠃      ︽ᠴᠢᠳᠠᠮᠠᠭᠠᠢ ᠰᠢᠢᠳᠪᠦᠷᠢᠯᠡᠬᠦ︾ ᠤᠶᠤᠨ ᠰᠠᠨᠠᠭ᠎ᠠ ᠪᠠᠷ ᠰᠢᠯᠭᠠᠷᠠᠭᠰᠠᠨ ᠴᠢᠳᠠᠪᠤᠷᠢ ᠶᠢ ᠳᠠᠪᠲᠠᠨ ᠪᠣᠯᠪᠠᠰᠤᠷᠠᠭᠤᠯᠤᠨ᠎ᠠ      ᠶᠡᠷᠦᠩᠬᠡᠶ ᠱᠦᠵᠢ ᠰᠢ ᠶᠢᠨ ᠫᠢᠩ ᠵᠢᠭᠠᠵᠤ ᠭᠠᠷᠭᠠᠭᠰᠠᠨ ᠨᠢ᠄ ︽ᠥᠭᠡᠷᠡᠴᠢᠯᠡᠯᠲᠡ ᠪᠣᠯ ᠠᠰᠠᠭᠤᠳᠠᠯ ᠠᠴᠠ ᠭᠡᠳᠡᠷᠭᠦ ᠰᠢᠬᠠᠮᠳᠠᠭᠤᠯᠵᠤ ᠪᠠᠶᠢᠭᠠᠳ ᠪᠣᠶ ᠪᠣᠯᠬᠤ ᠪᠥᠭᠡᠳ ᠪᠠᠰᠠ ᠠᠰᠠᠭᠤᠳᠠᠯ ᠢ ᠲᠠᠰᠤᠷᠠᠯᠲᠠ ᠥᠬᠡᠶ ᠰᠢᠢᠳᠪᠦᠷᠢᠯᠡᠬᠦ ᠳᠤᠮᠳᠠ ᠭᠦᠨᠵᠡᠭᠡᠶᠢᠷᠡᠵᠦ ᠪᠣᠯᠤᠨ᠎ᠠ︾᠃ ︽ᠰᠡᠳᠭᠢᠬᠦᠢ ᠶᠢ ᠲᠠᠶᠢᠯᠬᠤ︾ ᠪᠣᠯ ᠳᠠᠷᠤᠢ ᠡᠨᠡ ᠬᠦ ᠨᠤᠲᠠᠯᠠᠯᠲᠠ ᠶᠢᠨ ᠭᠦᠨᠵᠡᠭᠡᠢ ᠦᠢᠯᠡᠳᠦᠯᠭᠡ ᠮᠥᠨ᠂ ᠰᠡᠳᠦᠪ ᠢ ᠲᠠᠶᠢᠯᠬᠤ ᠳᠤ ᠠᠷᠭ᠎ᠠ ᠪᠣᠳᠣᠯᠭ᠎ᠠ ᠠᠴᠠ ᠰᠠᠯᠵᠤ ᠴᠢᠳᠠᠬᠤ ᠦᠭᠡᠢ ᠶᠦᠮ᠃ ᠪᠡᠯᠡ ᠮᠥᠩᠭᠦ ᠤᠯᠬᠤ ᠳᠤᠮᠳᠠᠬᠢ ᠡᠯ᠎ᠡ ᠵᠦᠢᠯ ᠤᠨ ᠬᠦᠴᠢᠷᠳᠡᠯ ᠤᠨ ᠡᠮᠦᠨ᠎ᠡ᠂ ᠰᠢᠢᠳᠪᠦᠷᠢᠯᠡᠬᠦ ᠰᠠᠨᠠᠭ᠎ᠠ ᠲᠠᠢ ᠪᠠᠶᠢᠬᠤ ᠪᠠᠷ ᠪᠠᠷᠠᠬᠤ ᠦᠭᠡᠢ᠂ ᠨᠡᠩ ᠴᠤ ᠰᠢᠢᠳᠪᠦᠷᠢᠯᠡᠬᠦ ᠬᠦᠴᠦᠨ ᠲᠠᠢ ᠪᠠᠶᠢᠵᠤ᠂ ᠲᠠᠰᠤᠷᠠᠯᠳᠡ ᠦᠭᠡᠢ ᠰᠢᠢᠳᠪᠦᠷᠢᠯᠡᠬᠦ ᠬᠡᠪ ᠴᠢᠨᠠᠷ ᠢᠶᠠᠨ ᠳᠡᠭᠡᠭᠰᠢᠯᠡᠭᠦᠯᠵᠦ᠂ ᠰᠢᠢᠳᠪᠦᠷᠢᠯᠡᠬᠦ ᠴᠢᠳᠠᠪᠤᠷᠢ ᠪᠠᠨ ᠳᠠᠪᠲᠠᠨ ᠪᠤᠯᠪᠠᠰᠤᠷᠠᠭᠤᠯᠤᠨ᠎ᠠ᠃      ︽ᠡᠷᠬᠡᠪᠰᠢ ᠲᠠᠶᠢᠯᠬᠤ︾ ᠵᠣᠷᠢᠭ ᠰᠠᠨᠠᠭ᠎ᠠ ᠪᠠᠷ ᠯᠠᠪᠳᠠᠭᠤᠨ ᠲᠣᠭᠲᠠᠭᠤᠨ ᠠᠵᠢᠯᠯᠠᠬᠤ ᠶᠢ ᠪᠠᠷᠢᠮᠲᠠᠯᠠᠨ᠎ᠠ      ︽ᠰᠡᠳᠭᠢᠬᠦᠢ ᠶᠢ ᠲᠠᠶᠢᠯᠬᠤ︾ ᠶᠢ ᠴᠢᠩᠭᠠᠳᠬᠠᠵᠤ᠂ ︽ᠲᠦᠮᠡᠨ ᠶᠠᠪᠤᠳᠠᠯ ᠢ ᠰᠢᠢᠳᠪᠦᠷᠢᠯᠡᠬᠦ︾ ᠢ ᠪᠠᠲᠤᠳᠬᠠᠵᠤ᠂ ᠬᠠᠮᠤᠭ ᠤᠨ ᠵᠠᠩᠭᠢᠯᠠᠭ᠎ᠠ ᠶᠢᠨ ᠲᠤᠰᠤᠯᠲᠠ ᠪᠠ ᠠᠰᠠᠭᠤᠳᠠᠯ ᠤᠨ ︽ᠲᠠᠶᠢᠯᠬᠤ︾ ᠶᠠᠪᠤᠳᠠᠯ ᠪᠣᠯᠤᠨ᠎ᠠ᠃ ᠦᠢᠯᠡᠳᠦᠯᠭᠡ ᠶᠢᠨ ᠭᠡᠷᠡᠴᠢᠯᠡᠭᠰᠡᠨ ᠨᠢ᠂ ᠠᠬᠢᠭᠤᠯᠬᠤ ᠡᠭᠦᠷᠭᠡ ᠤᠯᠠᠨ᠂ ᠪᠣᠭᠤᠮᠲᠠ ᠰᠢᠪᠲᠤᠯᠬᠤ ᠲᠦᠷᠦᠯ ᠵᠦᠢᠯ ᠤᠯᠠᠨ᠂ ᠬᠦᠴᠢᠷ ᠠᠰᠠᠭᠤᠳᠠᠯ ᠤᠯᠠᠨ ᠪᠠᠶᠢᠬᠤ ᠪᠣᠳᠠᠲᠤ ᠪᠠᠶᠢᠳᠠᠯ ᠤᠨ ᠡᠮᠦᠨ᠎ᠡ᠂ ︽ᠬᠦᠴᠢᠷ ᠠᠰᠠᠭᠤᠳᠠᠯ ᠢ ᠰᠢᠢᠳᠪᠦᠷᠢᠯᠡᠬᠦ᠂ ᠰᠠᠶᠢᠨ ᠶᠠᠪᠤᠳᠠᠯ ᠬᠢᠬᠦ᠂ ᠠᠷᠠᠳ ᠤᠯᠠᠨ ᠳᠤ ᠲᠠᠭᠠᠰᠢᠶᠠᠭᠳᠠᠬᠤ︾ ᠪᠠᠷ ᠦᠷ᠎ᠡ ᠳ᠋ᠦᠩ ᠤᠨ ᠤᠳᠤᠷᠢᠳᠤᠮᠵᠢ ᠪᠣᠯᠭᠠᠵᠤ᠂ ᠲᠦᠷᠦ ᠶᠢᠨ ᠪᠤᠳᠤᠯᠭ᠎ᠠ ᠶᠢᠨ ᠴᠤᠩᠬᠤᠪᠴᠢ ᠶᠢᠨ ᠬᠤᠭᠤᠴᠠᠭ᠎ᠠ ᠶᠢ ᠴᠢᠩᠭ᠎ᠠ ᠡᠵᠡᠮᠳᠡᠬᠦ᠂ ᠲᠦᠷᠦᠯ ᠵᠦᠢᠯ ᠢ ᠬᠢᠨᠠᠨ ᠬᠠᠮᠢᠶᠠᠷᠴᠤ ᠬᠢᠨᠠᠨ ᠵᠢᠯᠣᠭᠤᠳᠬᠤ ᠶᠢ ᠰᠠᠶᠢᠲᠤᠷ ᠠᠳᠬᠤᠬᠤ ᠶᠢ ᠪᠠᠷᠢᠮᠲᠠᠯᠠᠵᠤ᠂ ᠲᠦᠷᠦᠯ ᠵᠦᠢᠯ ᠢ ᠡᠷᠲᠡ ᠨᠠᠶᠢᠳᠠᠪᠤᠷᠢᠵᠢᠭᠤᠯᠬᠤ᠂ ᠡᠷᠲᠡ ᠠᠵᠢᠯ ᠳᠠᠭᠤᠰᠬᠠᠬᠤ᠂ ᠡᠷᠲᠡ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号