︽ᠬᠠᠭᠤᠴᠢᠨ ᠢᠶᠠᠷ ᠰᠢᠨ᠎ᠡ ᠶᠢ ᠰᠣᠯᠢᠬᠤ︾ ᠦᠷ᠎ᠡ ᠪᠦᠲᠦᠮᠵᠢ ᠢᠯᠡᠳᠲᠡ ᠪᠠᠶᠢᠵᠦ᠂ ᠬᠤᠶᠠᠷ ᠲᠥᠷᠥᠯ ᠤᠨ ᠲᠠᠸᠠᠷ ᠤᠨ ᠨᠡᠮᠡᠭᠳᠡᠯ ᠤᠨ ᠬᠠᠨᠳᠤᠰᠢ ᠢᠯᠡᠳᠲᠡ ᠪᠣᠯᠪᠠ
ᠨᠡᠶᠢᠲᠡᠯᠡᠭᠰᠡᠨ ᠴᠠᠭ᠄
2024/12/16
      ᠡᠨᠡ ᠵᠢᠯ ᠠᠴᠠ ᠨᠠᠭᠠᠰᠢ᠂ ᠴᠢᠩᠱᠠᠨ ᠲᠣᠭᠤᠷᠢᠭ ᠬᠡᠷᠡᠭᠯᠡᠭᠡᠨ ᠤ ᠡᠳ᠋ ᠢ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢ ᠨᠠᠷᠢᠯᠢᠭ ᠨᠠᠶᠢᠲᠠᠪᠦᠷᠢᠵᠢᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠭᠡᠷ ᠤᠨ ᠴᠠᠬᠢᠯᠭᠠᠨ ᠬᠡᠷᠡᠭᠰᠡᠯ᠂ ᠮᠠᠰᠢᠨ ᠲᠡᠷᠭᠡᠨ ᠤ ᠬᠦᠷᠢᠶᠡᠨ ᠳᠤ ᠢᠯᠡᠳᠲᠡ ᠦᠷ᠎ᠡ ᠪᠦᠲᠦᠮᠵᠢ ᠣᠯᠪᠠ᠃ 11 ᠳ᠋ᠦ᠋ᠭᠡᠷ ᠰᠠᠷ᠎ᠠ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷ ᠤᠨ ᠴᠠᠬᠢᠯᠭᠠᠨ ᠬᠡᠷᠡᠭᠰᠡᠯ ᠪᠠ ᠲᠠᠭᠤ ᠳᠦᠷᠰᠦ ᠰᠢᠩᠭᠡᠭᠡᠯᠲᠡ ᠶᠢᠨ ᠪᠠᠭᠠᠵᠢ ᠬᠡᠷᠡᠭᠰᠡᠯ ᠤᠨ ᠲᠥᠷᠥᠯ᠂ ᠮᠠᠰᠢᠨ ᠲᠡᠷᠭᠡᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 59.9%᠂ 36.5%᠎ ᠪᠠᠷ ᠨᠡᠮᠡᠭᠳᠡᠵᠦ᠂ 10 ᠳ᠋ᠤᠭᠠᠷ ᠰᠠᠷ᠎ᠠ ᠶᠢᠨ ᠬᠢ ᠠᠴᠠ 20.4᠂ 8.4 ᠵᠠᠭᠤᠨ ᠤ ᠴᠡᠭ ᠳᠡᠭᠡᠭᠰᠢᠯᠡᠵᠦ᠂ ᠵᠢᠵᠢᠭᠯᠡᠨ ᠬᠤᠳᠠᠯᠳᠤᠬᠤ ᠲᠤᠭ᠎ᠠ ᠶᠢ ᠬᠢᠵᠠᠭᠠᠷᠯᠠᠭᠰᠠᠨ ᠬᠡᠮᠵᠢᠶ᠎ᠡ ᠠᠴᠠ ᠳᠡᠭᠡᠭᠰᠢ 13.5 ᠵᠠᠭᠤᠨ ᠤ ᠨᠢᠭᠡᠴᠢ ᠨᠡᠮᠡᠭᠳᠡᠬᠦ ᠶᠢ ᠳᠠᠶᠢᠴᠢᠯᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号