ᠢᠯᠴᠢ ᠬᠠᠩᠭᠠᠬᠤ ᠦᠢᠯᠡᠴᠢᠯᠡᠭᠡᠨ ᠤ ᠠᠵᠢᠯ ᠢ ᠦᠨᠡᠨ ᠬᠦ ᠰᠠᠶᠢᠲᠤᠷ ᠬᠢᠵᠦ᠂ ᠰᠠᠭᠤᠭᠠᠯᠢ ᠠᠷᠠᠳ ᠤᠨ | ᠳᠤᠯᠠᠭᠠᠨ ᠪᠦᠯᠢᠶᠡᠨ ᠡᠪᠦᠯᠵᠢᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠴᠢᠩᠱᠠᠨ ᠲᠣᠭᠤᠷᠢᠭ ᠤᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠤᠭᠤᠲᠤ ᠬᠤᠲᠠ ᠶᠢᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ︽ᠳᠤᠯᠠᠭᠠᠨ | ᠬᠠᠮᠢᠶᠠᠷᠤᠭᠴᠢ ᠶᠢᠨ ᠦᠢᠯᠡᠴᠢᠯᠡᠭᠡ︾ ᠶᠢ ᠤᠯᠠᠮ ᠨᠢᠭᠡ ᠠᠯᠬᠤᠮ ᠨᠠᠷᠢᠯᠢᠭ ᠬᠢᠬᠦ ᠲᠤᠬᠠᠶ ᠮᠡᠳᠡᠭᠳᠡᠯ ᠤᠨ | ᠱᠠᠭᠠᠷᠳᠠᠯᠭ᠎ᠠ ᠶᠢ ᠢᠳᠡᠪᠬᠢᠲᠡᠶ ᠪᠠᠷ ᠴᠤᠤᠷᠢᠶᠠᠲᠤᠨ ᠳᠠᠭᠠᠵᠤ᠂ ᠲᠡᠷᠡ ᠳᠠᠷᠤᠶ ᠳᠤᠨᠢ ᠮᠡᠳᠡᠭᠳᠡᠵᠦ ᠬᠠᠷᠢᠶ᠎ᠠ ᠣᠷᠣᠨ ᠤ | ᠡᠯ᠎ᠡ ᠢᠯᠴᠢ ᠬᠠᠩᠭᠠᠬᠤ ᠺᠣᠮᠫᠠᠨᠢ ᠳᠤ ᠳᠠᠮᠵᠢᠭᠤᠯᠪᠠ᠃ | ᠬᠠᠷᠢᠶᠠᠲᠤ ᠣᠷᠣᠨ ᠤ ᠡᠯ᠎ᠡ ᠢᠯᠴᠢ ᠬᠠᠩᠭᠠᠬᠤ ᠺᠣᠮᠫᠠᠨᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ | ᠦᠳᠲᠡᠷ ᠲᠦᠷᠭᠡᠨ ᠬᠥᠳᠡᠯᠦᠯᠴᠡᠪᠡ᠃ ︽ᠳᠤᠯᠠᠭᠠᠨ ᠬᠠᠮᠢᠶᠠᠷᠤᠭᠴᠢ ᠶᠢᠨ ᠦᠢᠯᠡᠴᠢᠯᠡᠭᠡ ᠶᠢᠨ ᠫᠠᠶᠢᠰᠠ ᠶᠢ ᠡᠷᠦᠭᠡ ᠳᠤ | ᠤᠷᠤᠬᠤ︾ ᠠᠵᠢᠯᠯᠠᠭ᠎ᠠ ᠨᠢ ᠢᠯᠡᠳᠲᠡ ᠦᠷ᠎ᠡ ᠪᠦᠲᠦᠮᠵᠢ ᠣᠯᠤᠭᠰᠠᠨ ᠰᠠᠭᠤᠷᠢᠨ ᠳᠡᠭᠡᠷ᠎ᠡ᠂ ︽ᠳᠤᠯᠠᠭᠠᠨ | ᠬᠠᠮᠢᠶᠠᠷᠤᠭᠴᠢ ᠶᠢᠨ ᠦᠢᠯᠡᠴᠢᠯᠡᠭᠡ ᠶᠢᠨ ᠺᠠᠷᠲ︾ ᠢ ᠨᠠᠷᠢᠨ ᠨᠢᠮᠪᠠᠶ ᠦᠢᠯᠡᠳᠪᠡ᠃ ᠦᠢᠯᠡᠴᠢᠯᠡᠭᠡᠨ ᠤ ᠺᠠᠷᠲ ᠤᠨ | ᠠᠭᠤᠯᠭ᠎ᠠ ᠳᠤ ᠳᠤᠯᠠᠭᠠᠨ ᠬᠠᠮᠢᠶᠠᠷᠤᠭᠴᠢ ᠶᠢᠨ ᠬᠠᠷᠢᠯᠴᠠᠬᠤ ᠠᠷᠭ᠎ᠠ ᠮᠠᠶ᠋ᠢᠭ᠂ ᠢᠯᠴᠢ ᠶᠢᠨ ᠬᠦᠴᠦᠨ ᠤ ᠥᠷᠲᠡᠭᠡ ᠶᠢᠨ | ᠦᠢᠯᠡᠴᠢᠯᠡᠭᠡᠨ ᠤ ᠬᠠᠯᠠᠮᠰᠢᠯ ᠤᠲᠠᠰᠤ᠂ ᠢᠯᠴᠢ ᠬᠠᠩᠭᠠᠬᠤ ᠦᠢᠯᠡᠴᠢᠯᠡᠬᠦ 24 ᠴᠠᠭ ᠤᠨ ᠬᠠᠯᠠᠭᠤᠨ ᠤᠲᠠᠰᠤ᠂ | ᠬᠠᠷᠢᠶ᠎ᠠ ᠭᠠᠵᠠᠷ ᠣᠷᠣᠨ ᠤ ᠢᠯᠴᠢ ᠬᠠᠩᠭᠠᠬᠤ ᠪᠠᠲᠤᠯᠠᠭ᠎ᠠ ᠶᠢᠨ ᠦᠢᠯᠡᠴᠢᠯᠡᠭᠡᠨ ᠤ ᠬᠠᠯᠠᠮᠰᠢᠯ ᠤᠲᠠᠰᠤ ᠵᠡᠷᠭᠡ ᠶᠢ | ᠬᠠᠮᠤᠷᠬᠤ ᠶᠢᠨ ᠬᠠᠮᠲᠤ ᠦᠢᠯᠡᠴᠢᠯᠡᠭᠡᠨ ᠤ ᠪᠠᠷᠢᠮᠵᠢᠶ᠎ᠠ᠂ ᠭᠡᠷ ᠤᠨ ᠳᠤᠯᠠᠭᠠᠨ ᠤ ᠪᠠᠷᠢᠮᠵᠢᠶ᠎ᠠ ᠵᠡᠷᠭᠡ ᠮᠡᠳᠡᠭᠡ ᠵᠠᠩᠭᠢ ᠶᠢ | ᠲᠣᠪᠴᠢ ᠲᠣᠳᠣᠷᠬᠠᠶᠢᠯᠠᠵᠠᠶ᠃ | ᠳᠠᠷᠠᠭ᠎ᠠ ᠨᠢ᠂ ᠡᠯ᠎ᠡ ᠢᠯᠴᠢ ᠬᠠᠩᠭᠠᠬᠤ ᠺᠣᠮᠫᠠᠨᠢ ᠡᠷᠦᠬᠡ ᠪᠠᠷ ᠨᠢᠭᠡᠴᠢ ᠪᠣᠯᠭᠠᠵᠤ ︵ᠰᠠᠭᠤᠷᠢ ᠬᠤᠳᠠᠯᠳᠤᠭ᠎ᠠ | ᠪᠠᠭᠲᠠᠨ᠎ᠠ︶᠂ ︽ᠳᠤᠯᠠᠭᠠᠨ ᠬᠠᠮᠢᠶᠠᠷᠤᠭᠴᠢ ᠶᠢᠨ ᠦᠢᠯᠡᠴᠢᠯᠡᠭᠡ ᠶᠢᠨ ᠺᠠᠷᠲ︾ ᠣᠯᠭᠤᠬᠤ ᠠᠵᠢᠯ ᠢ ᠪᠥᠬᠦ ᠲᠠᠯ᠎ᠠ ᠪᠠᠷ | ᠥᠷᠨᠢᠭᠦᠯᠪᠡ᠃ ᠣᠯᠭᠤᠬᠤ ᠶᠠᠪᠤᠴᠠ ᠳᠤ᠂ ᠡᠯ᠎ᠡ ᠭᠠᠵᠠᠷ ᠣᠷᠣᠨ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠵᠢᠴᠢ | ᠠᠳᠠᠯ ᠠᠬᠤᠶ ᠶᠢᠨ ᠨᠢᠭᠡᠴᠢ ᠢᠳᠡᠪᠬᠢᠲᠡᠶ ᠬᠠᠮᠵᠢᠯᠴᠠᠨ᠂ ᠬᠠᠮᠲᠤ ᠪᠠᠷ ᠴᠢᠷᠮᠠᠶᠢᠵᠤ᠂ ᠪᠥᠬᠦ ᠲᠠᠯ᠎ᠠ ᠪᠠᠷ ᠬᠠᠮᠤᠷᠬᠤ ᠶᠢ | ᠦᠨᠡᠨᠬᠦ ᠪᠠᠲᠤᠯᠠᠵᠤ᠂ ︽ᠬᠥᠮᠦᠨ ᠪᠦᠬᠦᠨ ᠳᠤ ᠺᠠᠷᠲ ᠤᠯᠭᠤᠬᠤ︾ ᠶᠢ ᠦᠨᠡᠨᠬᠦ ᠪᠡᠶᠡᠯᠡᠭᠦᠯᠦᠨ᠎ᠡ᠃ | ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠴᠢᠩᠱᠠᠨ ᠲᠣᠭᠤᠷᠢᠭ ᠤᠨ ︽ᠳᠤᠯᠠᠭᠠᠨ | ᠬᠠᠮᠢᠶᠠᠷᠤᠭᠴᠢ ᠶᠢᠨ ᠦᠢᠯᠡᠴᠢᠯᠡᠭᠡ︾ ᠶᠢ ᠤᠯᠠᠮ ᠨᠢᠭᠡ ᠠᠯᠬᠤᠮ ᠪᠣᠳᠠᠲᠠᠶ ᠪᠥᠭᠡᠳ ᠨᠠᠷᠢᠯᠢᠭ ᠬᠢᠵᠦ᠂ ᠰᠠᠭᠤᠭᠠᠯᠢ | ᠠᠷᠠᠳ ᠤᠨ ᠢᠯᠴᠢ ᠬᠡᠷᠡᠭᠯᠡᠬᠦ ᠠᠰᠠᠭᠤᠳᠠᠯ ᠢ ᠥᠨᠳᠥᠷ ᠪᠦᠲᠦᠮᠵᠢᠲᠡᠶ ᠪᠠᠷ ᠰᠢᠢᠳᠪᠦᠷᠢᠯᠡᠬᠦ ᠳᠤ ᠬᠦᠴᠦᠲᠡᠶ ᠪᠠᠲᠤᠯᠠᠭ᠎ᠠ | ᠬᠠᠩᠭᠠᠵᠤ᠂ ᠰᠠᠭᠤᠭᠠᠯᠢ ᠠᠷᠠᠳ ᠲᠤ ᠬᠠᠬᠢᠷ ᠬᠦᠢᠲᠡᠨ ᠡᠪᠦᠯ ᠤᠨ ᠤᠯᠠᠷᠢᠯ ᠳᠤ ᠬᠠᠶᠢᠷ᠎ᠠ ᠬᠠᠯᠠᠮᠵᠢ ᠶᠢ ᠦᠨᠡᠨ ᠬᠦ | ᠮᠡᠳᠡᠷᠡᠭᠦᠯᠪᠡ᠃ | | | | | | |