ᠰᠢᠨᠵᠢᠯᠡᠬᠦ ᠤᠬᠠᠭᠠᠨᠴᠢ ᠵᠠᠮ ᠤᠨ ᠵᠡᠭᠡᠯᠢ ᠭᠤᠳᠤᠮᠵᠢ ᠶᠢᠨ ᠨᠡᠬᠡᠮᠡᠯ ᠨᠡᠶᠢᠭᠡᠮ ᠲᠣᠭᠤᠷᠢᠭ ︽12345︾ ᠠᠵᠢᠯ ᠤᠨ ᠠᠷᠭ᠎ᠠ ᠶᠢ ᠰᠢᠨ᠎ᠡ ᠪᠠᠷ ᠡᠭᠦᠳᠴᠦ  ︽12345 ᠬᠠᠯᠠᠮᠰᠢᠯ ᠤᠲᠠᠰᠤ︾᠎ ᠶᠢ ᠭᠦᠢᠴᠡᠳᠬᠡᠬᠦ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/12/17
      ᠣᠶᠢᠷ᠎ᠠ ᠶᠢᠨ ᠵᠢᠯ ᠠᠴᠠ᠂ ᠰᠢᠨᠵᠢᠯᠡᠬᠦ ᠤᠬᠠᠭᠠᠨᠴᠢ ᠵᠠᠮ ᠤᠨ ᠵᠡᠭᠡᠯᠢ ᠭᠤᠳᠤᠮᠵᠢ ᠶᠢᠨ ᠨᠡᠬᠡᠮᠡᠯ ᠨᠡᠶᠢᠭᠡᠮ ᠲᠣᠭᠤᠷᠢᠭ ᠨᠢ ᠨᠠᠮ ᠤᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠳᠠᠬᠢ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ︽12345︾ ᠨᠡᠶᠢᠭᠡᠮ ᠲᠣᠭᠤᠷᠢᠭ ᠤᠨ ᠬᠠᠯᠠᠮᠰᠢᠯ ᠤᠲᠠᠰᠤ ᠶᠢ ᠰᠢᠢᠳᠪᠦᠷᠢᠯᠡᠬᠦ ᠠᠵᠢᠯ ᠤᠨ ᠰᠢᠨ᠎ᠡ ᠶᠢ ᠡᠭᠦᠳᠦᠨ ᠬᠡᠷᠡᠭᠵᠢᠭᠦᠯᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠥᠨᠳᠥᠷ ᠪᠦᠲᠦᠮᠵᠢᠲᠡᠶ ᠪᠠᠷ ᠰᠢᠢᠳᠪᠦᠷᠢᠯᠡᠵᠦ᠂ ᠬᠠᠨᠤᠮᠵᠢ ᠶᠢᠨ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠬᠦ ᠶᠢ ᠬᠦᠴᠦᠲᠡᠶ ᠠᠬᠢᠭᠤᠯᠪᠠ᠃      ︽1︾ ᠤᠶᠢᠯᠭᠠᠭᠳᠠᠬᠤᠨ ᠢ ᠲᠤᠭᠤᠰᠢᠯᠠᠭᠤᠯᠤᠨ᠎ᠠ᠃ ︽ᠳᠠᠷᠦ᠋ᠢᠬᠠᠨ ᠰᠢᠢᠳᠪᠦᠷᠢᠯᠡᠵᠦ᠂ ᠰᠠᠭᠤᠭᠠᠯᠢ ᠠᠷᠠᠳ ᠰᠡᠳᠬᠢᠯ ᠬᠠᠨᠤᠮᠵᠢᠲᠠᠶ ᠪᠠᠶᠢᠬᠤ︾ ᠠᠵᠢᠯ ᠤᠨ ᠣᠶᠢᠯᠠᠭᠠᠭᠳᠠᠬᠤᠨ ᠢ ᠪᠠᠷᠢᠮᠲᠠᠯᠠᠵᠤ᠂ ︽12345︾ ᠬᠠᠯᠠᠮᠰᠢᠯ ᠤᠲᠠᠰᠤ ᠶᠢᠨ ᠬᠦᠰᠡᠯ ᠱᠠᠭᠠᠷᠳᠠᠯᠭ᠎ᠠ ᠶᠢ ᠬᠦᠯᠢᠶᠡᠨ ᠠᠪᠴᠤ ᠰᠢᠢᠳᠪᠦᠷᠢᠯᠡᠬᠦ᠂ ᠰᠢᠯᠵᠢᠭᠦᠯᠦᠨ ᠰᠢᠢᠳᠪᠦᠷᠢᠯᠡᠬᠦ᠂ ᠰᠢᠢᠳᠪᠦᠷᠢᠯᠡᠬᠦ᠂ ᠬᠠᠷᠢᠭᠤ ᠲᠤᠰᠬᠠᠬᠤ᠂ ᠬᠠᠷᠢᠭᠤ ᠰᠤᠷᠪᠤᠯᠵᠢᠯᠠᠬᠤ ᠵᠡᠷᠭᠡ ᠪᠢᠲᠡᠭᠦᠦ ᠬᠠᠮᠢᠶᠠᠷᠤᠯᠲᠠ ᠶᠢᠨ ᠠᠵᠢᠯ ᠤᠨ ᠰᠢᠰᠲ᠋ᠧᠮ ᠢ ᠪᠠᠶᠢᠭᠤᠯᠵᠤ᠂ ᠰᠢᠢᠳᠪᠦᠷᠢᠯᠡᠬᠦ ᠪᠦᠬᠦ ᠶᠠᠪᠤᠴᠠ᠂ ᠡᠯ᠎ᠡ ᠭᠤᠭᠴᠤᠭ᠎ᠠ ᠶᠢᠨ ᠦᠷ᠎ᠡ ᠪᠦᠲᠦᠮᠵᠢ ᠶᠢ ᠮᠥᠷᠳᠡᠨ ᠠᠰᠠᠭᠤᠬᠤ ᠶᠢ ᠦᠨᠡᠨ ᠬᠦ ᠪᠡᠶᠡᠯᠡᠭᠦᠯᠵᠦ᠂ ᠠᠰᠠᠭᠤᠳᠠᠯ ᠢ ᠲᠦᠢᠯᠪᠤᠷᠢᠲᠠᠢ ᠰᠢᠢᠳᠪᠦᠷᠢᠯᠡᠬᠦ ᠶᠢ ᠪᠠᠲᠤᠯᠠᠨ᠎ᠠ᠃      ︽2︾ ᠵᠠᠩᠭᠢᠯᠠᠭ᠎ᠠ ᠶᠢ ᠳᠣᠪᠤᠶᠢᠯᠭᠠᠨ᠎ᠠ᠃ ᠨᠢᠭᠡ ᠳᠤ᠂ ︽ᠵᠠᠭᠠᠯᠳᠤᠭᠰᠠᠨ ᠥᠬᠡᠶ ᠪᠣᠯ ᠤᠷᠢᠳᠠᠪᠠᠷ ᠰᠢᠢᠳᠪᠦᠷᠢᠯᠡᠵᠦ︾᠂ ᠠᠵᠢᠯ ᠤᠨ ᠬᠠᠭᠤᠳᠠᠰᠤ ᠶᠢ ᠪᠠᠭᠤᠷᠠᠭᠤᠯᠤᠨ᠎ᠠ᠃ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ᠂ ᠤᠮᠠᠷᠠᠲᠤ ᠬᠢᠯᠢ ᠶᠢᠨ ᠬᠤᠰᠢᠭᠤᠴᠢ ︽ᠲᠤᠰᠢᠶᠠᠯ ᠬᠠᠪᠰᠤᠷᠭᠠᠭᠰᠠᠨ ᠰᠦᠯᠵᠢᠶᠡᠨ ᠤ ᠠᠵᠢᠯᠲᠠᠨ︾᠂ ᠠᠰᠠᠷ ᠤᠨ ᠳᠠᠷᠤᠭ᠎ᠠ ᠶᠢᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠣᠶᠢᠯᠠᠭᠠᠬᠤ ᠳᠠᠪᠠᠭᠤᠯᠢᠭ ᠢ ᠪᠠᠳᠠᠷᠠᠭᠤᠯᠵᠤ᠂ ᠡᠳᠦᠷ ᠪᠦᠷᠢ ︽ᠨᠢᠭᠡ ᠡᠳᠦᠷ ᠲᠤ ᠬᠤᠶᠠᠷ ᠢ ᠲᠣᠭᠤᠷᠢᠨ ᠪᠠᠶᠢᠴᠠᠭᠠᠬᠤ︾ ᠠᠵᠢᠯᠯᠠᠭ᠎ᠠ ᠥᠷᠨᠢᠭᠦᠯᠵᠦ᠂ ᠬᠠᠷᠢᠶ᠎ᠠ ᠣᠷᠣᠨ ᠤ ᠳᠣᠲᠣᠷᠠᠬᠢ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠬᠠᠮᠤᠭ ᠤᠨ ᠲᠡᠷᠢᠭᠦᠨ ᠳᠤ ᠢᠯᠡᠷᠡᠭᠦᠯᠵᠦ᠂ ᠬᠠᠮᠤᠭ ᠤᠨ ᠲᠡᠷᠢᠭᠦᠨ ᠳᠤ ᠰᠢᠢᠳᠪᠦᠷᠢᠯᠡᠬᠦ ᠶᠢ ᠪᠡᠶᠡᠯᠡᠭᠦᠯᠦᠨ᠎ᠡ᠃ ᠬᠤᠶᠠᠷ ᠲᠤ᠂ ︽ᠲᠤᠬᠠᠶ ᠶᠢᠨ ᠬᠥᠮᠦᠨ ᠶᠢ ᠵᠠᠯᠠᠬᠤ︾᠎ ᠶᠢ ᠬᠡᠷᠡᠭᠵᠢᠭᠦᠯᠵᠦ᠂ ᠬᠠᠨᠤᠮᠵᠢ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ ᠬᠦᠴᠢᠷ ᠲᠦᠪᠡᠭᠲᠡᠶ ᠠᠰᠠᠭᠤᠳᠠᠯ ᠪᠤᠶᠤ ᠮᠠᠷᠭᠤᠯᠳᠤᠭᠠᠨ ᠤ ᠠᠰᠠᠭᠤᠳᠠᠯ ᠣᠷᠣᠰᠢᠵᠤ ᠪᠠᠶᠢᠪᠠᠯ᠂ ᠰᠠᠨᠠᠭᠠᠴᠢᠯᠠᠭ᠎ᠠ ᠠᠴᠠ ᠪᠠᠨ ᠲᠤᠬᠠᠶ ᠶᠢᠨ ᠬᠥᠮᠦᠨ ᠢ ᠤᠷᠢᠵᠤ ᠬᠠᠮᠲᠤ ᠪᠠᠷ ᠵᠥᠪᠳᠡᠯᠴᠡᠵᠦ᠂ ᠲᠤᠬᠠᠶ ᠶᠢᠨ ᠬᠥᠮᠦᠨ ᠤ ᠪᠠᠶᠢᠷᠢ ᠰᠣᠯᠢᠵᠤ ᠰᠡᠳᠬᠢᠬᠦ ᠶᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ᠂ ᠬᠠᠮᠲᠤ ᠪᠠᠷ ᠰᠢᠢᠳᠪᠦᠷᠢᠯᠡᠬᠦ ᠠᠷᠭ᠎ᠠ ᠵᠠᠮ ᠢ ᠡᠷᠢᠯᠬᠢᠯᠡᠵᠦ᠂ ᠲᠤᠬᠠᠶ ᠶᠢᠨ ᠬᠥᠮᠦᠨ ᠢ ︽ᠭᠤᠮᠣᠳᠠᠯ ᠲᠠᠯᠪᠢᠭᠴᠢ︾᠎ ᠠᠴᠠ ︽ᠬᠡᠯᠪᠠᠶᠢᠭ᠍ᠴᠢ︾ ᠪᠠ ︽ᠰᠢᠢᠳᠪᠦᠷᠢᠯᠡᠭᠴᠢ︾ ᠪᠣᠯᠭᠠᠨ ᠬᠤᠪᠢᠷᠠᠭᠤᠯᠤᠨ᠎ᠠ᠃      ︽3︾ ᠬᠤᠪᠢᠷᠠᠯᠲᠠ ᠶᠢ ᠠᠬᠢᠭᠤᠯᠤᠨ᠎ᠠ᠃ ᠨᠢᠭᠡ ᠳᠤ ︽ᠬᠠᠯᠠᠮᠰᠢᠯ ᠤᠲᠠᠰᠦ ᠳᠣᠲᠣᠷ᠎ᠠ︾᠎ ᠠᠴᠠ ︽ᠬᠠᠯᠠᠮᠰᠢᠯ ᠤᠲᠠᠰᠦ ᠭᠠᠳᠠᠨ᠎ᠠ︾ ᠪᠣᠯᠭᠠᠨ ᠬᠤᠪᠢᠷᠠᠭᠤᠯᠤᠨ᠎ᠠ᠃ ᠨᠡᠶᠢᠭᠡᠮ ᠲᠣᠭᠤᠷᠢᠭ ᠤᠨ ᠬᠠᠯᠠᠮᠰᠢᠯ ᠤᠲᠠᠰᠤ ᠶᠢᠨ ᠰᠢᠮᠳᠠᠭᠤᠯᠤᠨ ᠰᠢᠢᠳᠪᠦᠷᠢᠯᠡᠭᠦᠯᠬᠦ ᠡᠩᠨᠡᠭᠡ ᠶᠢ ᠵᠣᠬᠢᠶᠠᠨ ᠪᠠᠶᠢᠭᠤᠯᠵᠤ᠂ ᠠᠰᠠᠭᠤᠳᠠᠯ ᠢ ᠰᠢᠢᠳᠪᠦᠷᠢᠯᠡᠬᠦ ᠪᠦᠬᠦ ᠶᠠᠪᠤᠴᠠ ᠳᠤ ᠮᠥᠷᠳᠡᠨ ᠰᠢᠮᠳᠠᠭᠤᠯᠤᠨ ᠰᠢᠢᠳᠪᠦᠷᠢᠯᠡᠭᠦᠯᠵᠦ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠱᠠᠳᠤ ᠱᠠᠳᠤ ᠪᠠᠷ ᠪᠣᠳᠠᠲᠠᠶᠢᠵᠢᠭᠤᠯᠵᠤ᠂ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠲᠤᠯᠠᠨ᠎ᠠ᠃ ᠬᠤᠶᠠᠷ ᠲᠤ᠂ ︽ᠬᠠᠯᠠᠮᠰᠢᠯ ᠤᠲᠠᠰᠤ ᠶᠢᠨ ᠴᠡᠭ︾᠎ ᠠᠴᠠ ︽ᠬᠠᠯᠠᠮᠰᠢᠯ ᠤᠲᠠᠰᠤ ᠶᠢᠨ ᠨᠢᠭᠤᠷ︾ ᠳᠠᠰᠢ ᠬᠤᠪᠢᠷᠠᠭᠤᠯᠤᠨ᠎ᠠ᠃ ᠵᠠᠭᠠᠯᠳᠤᠯᠭ᠎ᠠ ᠪᠠ ᠰᠠᠨᠠᠭᠤᠯᠭ᠎ᠠ ᠶᠢᠨ ᠲᠦᠷᠦᠯ ᠤᠨ ᠠᠵᠢᠯ ᠤᠨ ᠬᠠᠭᠤᠳᠠᠰᠤ ᠶᠢ ᠵᠠᠳᠠᠯᠤᠨ ᠰᠤᠳᠤᠯᠵᠤ ᠮᠠᠭᠠᠳᠯᠠᠬᠤ ᠶᠢ ᠴᠢᠩᠭᠠᠳᠬᠠᠵᠤ᠂ ᠠᠳᠠᠯᠢ ᠲᠦᠷᠦᠯ ᠪᠠ ᠨᠡᠶᠢᠲᠡᠯᠢᠭ ᠴᠢᠨᠠᠷᠲᠠᠢ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠵᠢᠭᠰᠠᠭᠠᠨ ᠪᠠᠶᠢᠴᠠᠭᠠᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠦᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠪᠡᠶᠡᠯᠡᠭᠦᠯᠦᠨ᠎ᠡ᠃ ᠭᠤᠷᠪᠠ ᠳᠤ᠂ ︽ᠦᠭᠡ ᠪᠠᠷ ᠶᠠᠷᠢᠵᠤ︾ ᠪᠠᠶᠢᠭᠰᠠᠨ ᠠᠴᠠ ︽ᠨᠢᠭᠤᠷᠳᠠᠬᠤ︾ ᠲᠡᠶᠢᠰᠢ ᠬᠤᠪᠢᠷᠠᠨ᠎ᠠ᠃ ᠰᠠᠭᠤᠭᠠᠯᠢ ᠠᠷᠠᠳ ᠳᠠᠬᠢᠨ ᠳᠠᠪᠲᠠᠨ ᠵᠠᠭᠠᠯᠳᠤᠯᠭ᠎ᠠ ᠶᠢᠨ ᠠᠰᠠᠭᠤᠳᠠᠯ ᠢ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠠᠰᠠᠭᠤᠳᠠᠯ ᠤᠨ ᠲᠤᠬᠠᠶ ᠶᠢᠨ ᠲᠠᠯᠠᠪᠤᠷ ᠲᠤ ᠬᠦᠷᠴᠦ᠂ ᠲᠤᠬᠠᠶ ᠶᠢᠨ ᠬᠥᠮᠦᠨ ᠲᠠᠢ ᠣᠶᠢᠷᠠᠳᠴᠤ ᠰᠢᠢᠳᠪᠦᠷᠢᠯᠡᠨ᠂ ᠲᠤᠬᠠᠶ ᠶᠢᠨ ᠲᠠᠯᠠᠪᠤᠷ ᠲᠤ ᠪᠠᠶᠢᠴᠠᠭᠠᠵᠤ᠂ ᠲᠤᠬᠠᠶ ᠶᠢᠨ ᠲᠠᠯᠠᠪᠤᠷ ᠲᠤᠨᠢ ᠡᠶᠡᠳᠡᠭᠦᠯᠵᠦ᠂ ᠲᠤᠬᠠᠶ ᠶᠢᠨ ᠲᠠᠯᠠᠪᠤᠷ ᠲᠤᠨᠢ ᠰᠢᠢᠳᠪᠦᠷᠢᠯᠡᠨ᠎ᠡ᠃      ︽4︾ ᠵᠦᠢᠯ ᠤᠨ ᠲᠣᠭᠲᠠᠴᠠ ᠶᠢ ᠪᠠᠶᠢᠭᠤᠯᠤᠨ᠎ᠠ᠃ ᠨᠢᠭᠡ ᠳᠤ᠂ ︽ᠲᠣᠣᠷᠵᠢᠯ ᠤᠨ ᠬᠠᠮᠢᠶᠠᠷᠤᠯᠲᠠ︾᠎ ᠶᠢᠨ ᠲᠣᠭᠲᠠᠴᠠ ᠶᠢ ᠪᠠᠶᠢᠭᠤᠯᠤᠨ᠎ᠠ᠃ ︽ᠵᠡᠭᠡᠯᠢ ᠭᠤᠳᠤᠮᠵᠢ — ᠨᠡᠶᠢᠭᠡᠮ ᠲᠣᠭᠤᠷᠢᠭ — ᠲᠤᠤᠷᠵᠢᠯ —ᠠᠰᠠᠷ ᠤᠨ ᠳᠠᠷᠤᠭ᠎ᠠ︾᠎ ᠶᠢᠨ ᠳᠥᠷᠪᠡᠨ ᠱᠠᠲᠤᠨ ᠤ ᠭᠦᠢᠴᠡᠳᠭᠡᠬᠦ ᠲᠣᠭᠲᠠᠴᠠ ᠶᠢ ᠪᠠᠶᠢᠭᠤᠯᠵᠤ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠪᠥᠬᠦ ᠠᠵᠢᠯᠲᠠᠨ ᠤ ᠭᠦᠢᠴᠡᠳᠭᠡᠬᠦ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠨ᠎ᠠ᠃ ᠬᠤᠶᠠᠷ ᠲᠤ᠂ ︽ᠠᠩᠬ᠎ᠠ ᠬᠦᠯᠢᠶᠡᠨ ᠠᠪᠴᠤ ᠬᠠᠷᠢᠭᠤᠴᠠᠬᠤ︾ ᠲᠣᠭᠲᠠᠴᠠ ᠶᠢ ᠪᠠᠶᠢᠭᠤᠯᠤᠨ᠎ᠠ᠃ ︽ᠠᠩᠬ᠎ᠠ ᠬᠦᠯᠢᠶᠡᠨ ᠠᠪᠤᠮᠠᠭᠴᠠ ᠭᠦᠢᠴᠡᠳᠬᠡᠬᠦ᠂ ᠪᠦᠬᠦ ᠶᠠᠪᠤᠴᠠ ᠳᠤ ᠮᠥᠷᠳᠡᠬᠦ᠂ ᠡᠴᠦᠰ ᠲᠤᠨᠢ ᠲᠤᠯᠲᠠᠯ᠎ᠠ ᠬᠠᠷᠢᠭᠤᠴᠠᠬᠤ︾ ᠵᠠᠷᠴᠢᠮ ᠶᠣᠰᠣᠭᠠᠷ᠂ ᠨᠡᠶᠢᠭᠡᠮ ᠲᠣᠭᠤᠷᠢᠭ ᠤᠨ ᠠᠩᠬᠠᠨ ᠤ ᠭᠦᠢᠴᠡᠳᠬᠡᠬᠦ ᠠᠵᠢᠯᠲᠠᠨ ᠬᠠᠷᠢᠭᠤᠴᠠᠨ ᠲᠦᠷᠦᠭᠦᠯᠡᠨ ᠭᠦᠢᠴᠡᠳᠬᠡᠵᠦ᠂ ᠵᠣᠬᠢᠴᠠᠭᠤᠯᠤᠨ ᠳᠠᠭᠠᠵᠤ᠂ ᠦᠷ᠎ᠡ ᠳ᠋ᠦᠩ ᠢᠶᠠᠨ ᠬᠠᠷᠢᠭᠤ ᠥᠭᠭᠦᠨ᠎ᠡ᠃ ᠭᠤᠷᠪᠠ ᠳᠤ᠂ ︽ᠬᠤᠣᠰ ᠲᠤᠰᠢᠶᠠᠨ ᠰᠢᠢᠳᠪᠦᠷᠢᠯᠡᠭᠦᠯᠬᠦ︾ ᠲᠣᠭᠲᠠᠴᠠ ᠶᠢ ᠪᠠᠶᠢᠭᠤᠯᠤᠨ᠎ᠠ᠃ ᠬᠤᠪᠢ ᠬᠥᠮᠦᠨ ᠤ ᠳᠠᠪᠬᠤᠷᠳᠠᠭᠤᠯᠤᠨ ᠵᠠᠭᠠᠯᠳᠤᠬᠤ᠂ ᠣᠯᠠᠨ ᠬᠥᠮᠦᠨ ᠤ ᠲᠥᠪᠯᠡᠷᠡᠭᠦᠯᠦᠨ ᠵᠠᠭᠠᠯᠳᠤᠬᠤ ᠵᠦᠢᠯᠡᠰ ᠢ ᠨᠡᠶᠢᠭᠡᠮ ᠲᠣᠭᠤᠷᠢᠭ ᠠᠴᠠ ᠭᠦᠢᠴᠡᠳᠬᠡᠬᠦ ᠶᠢᠨ ᠬᠠᠮᠲᠤ᠂ ᠵᠡᠭᠡᠯᠢ ᠭᠤᠳᠤᠮᠵᠢ ᠶᠢᠨ ᠭᠤᠤᠯᠴᠢᠯᠠᠨ ᠬᠠᠮᠢᠶᠠᠷᠬᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠲᠤ ᠵᠡᠷᠭᠡ ᠪᠠᠷ ᠰᠢᠯᠵᠢᠭᠦᠯᠦᠨ ᠲᠤᠰᠢᠶᠠᠵᠤ ᠬᠠᠪᠰᠤᠷᠤᠨ ᠰᠢᠢᠳᠪᠦᠷᠢᠯᠡᠭᠦᠯᠵᠦ᠂ ᠭᠦᠢᠴᠡᠳᠬᠡᠬᠦ ᠬᠦᠴᠦᠨ ᠴᠢᠳᠠᠪᠤᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠦᠨ᠎ᠡ᠃ ᠳᠥᠷᠪᠡ ᠳᠤ ︽ᠰᠤᠭᠤᠴᠢᠨ ᠪᠠᠶᠢᠴᠠᠭᠠᠵᠤ ᠬᠠᠷᠢᠭᠤ ᠰᠤᠷᠪᠤᠯᠵᠢᠯᠠᠬᠤ︾ ᠲᠣᠭᠲᠠᠴᠠ ᠶᠢ ᠪᠠᠶᠢᠭᠤᠯᠤᠨ᠎ᠠ᠃ ᠭᠤᠤᠯᠳᠠᠯᠭ᠎ᠠ ᠲᠠᠢ ᠠᠵᠢᠯ ᠤᠨ ᠬᠠᠭᠤᠳᠠᠰᠤᠨ ᠳᠤ ᠤᠲᠠᠰᠤ ᠪᠠᠷ ᠰᠤᠭᠤᠴᠢᠨ ᠪᠠᠶᠢᠴᠠᠭᠠᠬᠤ ᠶᠢᠨ ︽ᠡᠷᠭᠢᠵᠦ ᠦᠵᠡᠬᠦ︾ ᠠᠵᠢᠯ ᠢ ᠥᠷᠨᠢᠭᠦᠯᠵᠦ᠂ ᠣᠯᠠᠨ ᠲᠦᠮᠡᠨ ᠤ ᠭᠤᠮᠣᠳᠠᠯ ᠱᠠᠭᠠᠷᠳᠠᠯᠭ᠎ᠠ ᠶᠢ ᠰᠢᠢᠳᠪᠦᠷᠢᠯᠡᠭᠰᠡᠨ ᠶᠠᠰᠤ ᠴᠢᠨᠠᠷ ᠢᠶᠠᠷ ᠠᠨᠠᠶ᠂ ᠬᠠᠨᠤᠮᠵᠢ ᠥᠬᠡᠶ ᠠᠵᠢᠯ ᠤᠨ ᠬᠠᠭᠤᠳᠠᠰᠤ ᠶᠢ ᠣᠯᠵᠤ ᠮᠡᠳᠡᠪᠡᠯ᠂ ᠬᠠᠷᠢᠭᠤᠴᠠᠯᠭ᠎ᠠ ᠶᠣᠰᠣᠭᠠᠷ ᠳᠠᠬᠢᠵᠤ ᠭᠦᠢᠴᠡᠳᠬᠡᠬᠦ ᠶᠢᠨ ᠬᠠᠮᠲᠤ ᠰᠢᠢᠳᠪᠦᠷᠢᠯᠡᠬᠦ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠨ᠎ᠠ᠃      ︽5︾ ᠲᠠᠯ᠎ᠠ ᠶᠢᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠨ᠎ᠠ᠃ ᠨᠢᠭᠡ ᠳᠤ ︽ᠡᠶᠡᠯᠰᠡᠭ ᠬᠥᠷᠰᠢ︾᠎ ᠶᠢᠨ ᠰᠡᠳᠬᠢᠬᠦᠢ ᠶᠢ ᠪᠠᠷᠢᠮᠲᠠᠯᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ᠂ ᠠᠵᠢᠯ ᠦᠢᠯᠡᠰ ᠤᠨ ᠵᠥᠪᠯᠡᠯ ︵ᠪᠣᠳᠠᠰ ᠤᠨ ᠬᠠᠮᠢᠶᠠᠷᠤᠯᠲᠠ ᠶᠢᠨ ᠵᠥᠪᠯᠡᠯ︶᠂ ᠠᠳᠠᠯ ᠠᠬᠤᠢ ᠶᠢᠨ ᠺᠣᠮᠫᠠᠨᠢ᠂ ᠬᠠᠮᠲᠤᠪᠠᠷ ᠰᠠᠭᠤᠵᠤ ᠬᠠᠮᠲᠤᠪᠠᠷ ᠪᠠᠶᠢᠭᠤᠯᠬᠤ ᠨᠢᠭᠡᠴᠢ᠂ ᠬᠠᠷᠢᠶ᠎ᠠ ᠣᠷᠣᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠵᠡᠷᠭᠡ ᠲᠠᠪᠤᠨ ᠲᠠᠯ᠎ᠠ ᠶᠢᠨ ᠬᠦᠴᠦᠨ ᠢ ᠨᠡᠶᠢᠳᠬᠡᠵᠦ᠂ ︽ᠬᠤᠪᠢᠰᠬᠠᠯᠲᠤ ᠬᠤᠷᠰᠢᠭᠴᠢ︾᠎ ᠶᠢᠨ ᠵᠠᠭᠪᠤᠷ ᠢ ᠬᠡᠷᠡᠭᠯᠡᠵᠦ᠂ ᠡᠯ᠎ᠡ ᠲᠠᠯ᠎ᠠ ᠶᠢᠨ ᠡᠭᠦᠷᠭᠡ ᠴᠢᠳᠠᠪᠬᠢ ᠶᠢ ᠪᠠᠳᠠᠷᠠᠭᠤᠯᠵᠤ᠂ ︽ᠡᠶᠡᠯᠳᠡᠭ ᠬᠥᠷᠰᠢ ᠶᠢᠨ ᠪᠠᠶᠠᠷ︾᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ᠂ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ ᠵᠡᠷᠭᠡ ᠴᠢᠳᠠᠯ ᠤᠨ ᠬᠢᠷᠢ ᠪᠠᠷ ᠢᠶᠠᠨ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ ᠶᠢ ᠥᠷᠭᠡᠨ ᠢᠶᠠᠷ ᠥᠷᠨᠢᠭᠦᠯᠵᠦ᠂ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ ᠶᠢ ᠤᠯᠠᠨ ᠲᠦᠮᠡᠨ ᠤ ᠳᠡᠷᠭᠡᠳᠡ ᠬᠦᠷᠭᠡᠵᠦ᠂ ᠵᠥᠷᠢᠴᠡᠯ ᠢ ᠦᠢᠯᠡᠴᠢᠯᠡᠭᠡᠨ ᠤ ᠳᠤᠮᠳᠠ ᠨᠠᠮᠳᠠᠭᠤᠯᠤᠨ᠎ᠠ᠃      ᠨᠢᠭᠡ ᠬᠠᠯᠠᠮᠰᠢᠯ ᠤᠲᠠᠰᠤ᠂ ᠡᠨᠡ ᠪᠣᠯ ︽ᠰᠡᠳᠦᠪ ᠭᠠᠷᠭᠠᠭᠴᠢ︾᠂ ︽ᠰᠡᠳᠦᠪ ᠬᠠᠷᠢᠭᠤᠯᠤᠭᠴᠢ︾ ᠪᠣᠯᠣᠨ᠎ᠠ᠃ ︽12345︾ ᠠᠵᠢᠯ ᠤᠨ ᠠᠷᠭ᠎ᠠ ᠶᠢ ᠬᠡᠷᠡᠭᠵᠢᠭᠦᠯᠬᠦ ᠪᠠᠷ ᠳᠠᠮᠵᠢᠭᠤᠯᠤᠨ᠂ 2024 ᠣᠨ ᠳᠤ ᠨᠡᠬᠡᠮᠡᠯ ᠨᠡᠶᠢᠭᠡᠮ ᠲᠣᠭᠤᠷᠢᠭ ᠤᠨ ᠭᠥᠯᠢᠶᠡᠨ ᠠᠪᠴᠤ ᠬᠦᠢᠴᠡᠳᠬᠡᠭᠰᠡᠨ 661 ᠬᠤᠪᠢ ︽12345︾ ᠬᠠᠯᠠᠮᠰᠢᠯ ᠤᠲᠠᠰᠤ ᠶᠢᠨ ᠠᠰᠠᠭᠤᠳᠠᠯ ᠢ ᠬᠦᠢᠴᠡᠳᠬᠡᠵᠦ ᠳᠠᠭᠤᠰᠬᠠᠭᠰᠠᠨ ᠨᠣᠷᠮ᠎ᠠ ᠨᠢ 100 %᠎ ᠳᠤ ᠬᠦᠷᠴᠦ᠂ ᠬᠠᠨᠤᠮᠵᠢᠲᠠᠶ ᠨᠣᠷᠮ᠎ᠠ ᠨᠢ 66%᠎ ᠳᠤ ᠬᠦᠷᠴᠦ᠂ ᠦᠨᠳᠦᠰᠦᠨ ᠱᠠᠲᠤᠨ ᠤ ᠵᠥᠷᠢᠴᠡᠯ ᠢ ᠪᠦᠲᠦᠮᠵᠢᠲᠡᠶ ᠰᠢᠢᠳᠪᠦᠷᠢᠯᠡᠵᠦ᠂ ᠯᠢᠨ ᠬᠠᠶ ᠨᠡᠶᠢᠭᠡᠮ ᠲᠣᠭᠤᠷᠢᠭ ᠤᠨ ᠡᠯ᠎ᠡ ᠵᠦᠢᠯ ᠤᠨ ᠠᠵᠢᠯ ᠳᠤ ᠬᠦᠴᠦᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠨᠡᠬᠡᠮᠡᠯ ᠨᠡᠶᠢᠭᠡᠮ ᠲᠣᠭᠤᠷᠢᠭ ᠤᠨ ᠬᠢᠨ ᠦᠷᠭᠦᠯᠵᠢᠯᠡᠨ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ︽12345 ᠠᠵᠢᠯ ᠤᠨ ᠠᠷᠭ᠎ᠠ︾᠎ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ︽ᠬᠥᠮᠦᠨ︾ ᠪᠣᠯᠤᠨ ︽ᠨᠡᠶᠢᠭᠡᠮ ᠲᠣᠭᠤᠷᠢᠭ︾᠎ ᠤᠨ ᠡᠶ᠎ᠡ ᠵᠣᠬᠢᠴᠠᠩᠭᠤᠢ ᠨᠢᠭᠡᠳᠦᠯ ᠢ ᠪᠡᠶᠡᠯᠡᠭᠦᠯᠵᠦ᠂ ᠬᠠᠯᠠᠭᠤᠨ ᠳᠤᠯᠠᠭᠠᠨ ᠨᠡᠶᠢᠭᠡᠮ ᠲᠣᠭᠤᠷᠢᠭ ᠢ ᠪᠠᠶᠢᠭᠤᠯᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号