ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ︽ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠡᠯ᠎ᠡ ᠵᠦᠢᠯ ᠤᠨ ᠠᠵᠢᠯ ᠤᠨ ᠡᠮᠦᠨ᠎ᠡ ᠡᠩᠨᠡᠭᠡᠨ ᠳᠤ ᠶᠠᠪᠤᠬᠤ ᠶᠢ | ᠠᠬᠢᠭᠤᠯᠬᠤ︾ ᠭᠤᠤᠯ ᠬᠥᠭ ᠠᠶᠠᠰ ᠢᠶᠠᠷ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ | ᠡᠵᠡᠮᠰᠢᠵᠦ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠶᠢ ᠨᠡᠪᠲᠡᠷᠡᠲᠡᠯ᠎ᠡ ᠣᠶᠢᠯᠠᠭᠠᠵᠤ᠂ ᠥᠭᠡᠷᠡᠴᠢᠯᠡᠯᠲᠡ ᠶᠢᠨ | ᠬᠠᠨᠳᠤᠰᠢ ᠶᠢ ᠣᠨᠣᠪᠴᠢᠲᠠᠶ ᠡᠵᠡᠮᠳᠡᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠡᠭᠡᠷ᠎ᠡ ᠬᠦᠴᠦ ᠣᠷᠣᠭᠤᠯᠤᠨ | ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠬᠢᠨᠠᠨ ᠪᠤᠳᠤᠬᠤ ᠠᠵᠢᠯ ᠤᠨ ᠴᠠᠭ ᠦᠶ᠎ᠡ ᠲᠠᠢ ᠵᠡᠷᠭᠡ ᠪᠠᠷ | ᠤᠷᠤᠭᠰᠢᠯᠠᠬᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠠᠬᠢᠭᠤᠯᠤᠨ᠎ᠠ᠃ | ᠤᠯᠤᠰ ᠲᠦᠷᠦ ᠶᠢᠨ ᠰᠢᠨᠵᠢ ᠴᠢᠨᠠᠷ ᠢ ᠳᠣᠪᠤᠶᠢᠯᠭᠠᠵᠤ᠂ ᠥᠭᠡᠷᠡᠴᠢᠯᠡᠯᠲᠡ ᠶᠢ ᠬᠠᠮᠠᠭᠠᠯᠠᠨ᠎ᠠ᠃ ᠰᠢᠨ᠎ᠡ ᠴᠠᠭ | ᠦᠶ᠎ᠡ ᠰᠢᠨ᠎ᠡ ᠠᠶᠠᠨ ᠵᠠᠮ ᠤᠨ ᠬᠢᠨᠠᠨ ᠪᠤᠳᠤᠬᠤ ᠠᠵᠢᠯ ᠤᠨ ᠲᠤᠬᠠᠢ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢ | ᠭᠦᠨᠵᠡᠭᠡᠢ ᠡᠵᠡᠮᠳᠡᠵᠦ᠂ ᠶᠡᠭᠡ ᠲᠠᠯ᠎ᠠ ᠳᠤ ᠦᠢᠯᠡᠴᠢᠯᠡᠬᠦ ᠲᠣᠭᠤᠷᠢᠨ ᠳᠤ᠂ ᠲᠤᠭᠤᠷᠢᠭ ᠤᠨ ᠨᠠᠮ ᠤᠨ ᠬᠤᠷᠢᠶᠠᠨ ᠤ | ᠬᠢᠨᠠᠨ ᠪᠤᠳᠤᠬᠤ ᠵᠥᠪᠯᠡᠯ ᠤᠨ ᠠᠵᠢᠯᠯᠠᠭᠠᠨ ᠤ ᠲᠣᠭᠲᠠᠴᠠ ᠶᠢ ᠦᠷᠭᠦᠯᠵᠢᠯᠡᠨ ᠪᠦᠷᠢᠨᠰᠢᠬᠦᠯᠵᠦ᠂ ᠴᠢᠬᠤᠯᠠ ᠶᠡᠭᠡ | ᠵᠦᠢᠯᠡᠰ ᠤᠨ ᠲᠤᠬᠠᠢ ᠵᠢᠭᠠᠪᠤᠷᠢ ᠠᠪᠴᠤ ᠮᠡᠳᠡᠭᠦᠯᠬᠦ ᠲᠦᠷᠢᠮ ᠢ ᠴᠢᠩᠭ᠎ᠠ ᠨᠠᠶᠢᠲᠠᠪᠦᠷᠢᠵᠢᠭᠤᠯᠤᠨ᠎ᠠ᠃ ᠣᠲᠣ ᠪᠣᠯᠲᠠᠯ᠎ᠠ᠂ | ᠱᠠᠭᠠᠷᠳᠠᠯᠭ᠎ᠠ ᠶᠣᠰᠣᠭᠠᠷ ᠬᠤᠲᠠ ᠶᠢᠨ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠵᠢᠴᠢ ᠬᠢᠨᠠᠨ ᠪᠤᠳᠤᠬᠤ | ᠠᠯᠪᠠᠨ ᠬᠡᠷ ᠲᠤ 23 ᠴᠢᠬᠤᠯᠠ ᠶᠡᠭᠡ ᠤᠴᠢᠷ ᠶᠠᠪᠤᠳᠠᠯ ᠢᠶᠠᠨ ᠮᠡᠳᠡᠭᠦᠯᠵᠦ᠂ ᠲᠤᠭᠤᠷᠢᠭ ᠤᠨ ᠨᠠᠮ ᠤᠨ ᠬᠤᠷᠢᠶᠠᠨ ᠤ | ᠬᠢᠨᠠᠨ ᠪᠤᠳᠤᠬᠤ ᠵᠥᠪᠯᠡᠯ ᠠᠴᠠ 34 ᠴᠢᠬᠤᠯᠠ ᠶᠡᠭᠡ ᠤᠴᠢᠷ ᠶᠠᠪᠤᠳᠠᠯ ᠢᠶᠠᠨ ᠬᠠᠷᠢᠭᠤ ᠮᠡᠳᠡᠭᠦᠯᠵᠦ᠂ ᠪᠣᠳᠠᠲᠤ | ᠠᠵᠢᠯᠯᠠᠭ᠎ᠠ ᠪᠠᠷ ᠢᠶᠠᠨ ᠨᠠᠮ ᠤᠨ ᠬᠢᠨᠠᠨ ᠪᠤᠳᠤᠬᠤ ᠠᠵᠢᠯ ᠳᠠᠬᠢ ᠬᠠᠷᠢᠴᠠᠯᠠᠰᠢᠭᠦᠶ ᠤᠳᠤᠷᠢᠳᠤᠯᠭ᠎ᠠ ᠶᠢ ᠦᠨᠡᠨᠴᠢ | ᠰᠢᠳᠤᠷᠭᠤ ᠪᠠᠷ ᠦᠢᠯᠡᠳᠦᠯᠭᠡᠵᠢᠭᠦᠯᠪᠡ᠃ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠤᠯᠳᠠᠯᠭ᠎ᠠ ᠶᠢ | ᠬᠢᠨᠠᠨ ᠪᠤᠳᠤᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠠᠢ ᠤᠶᠠᠯᠳᠤᠭᠤᠯᠵᠤ᠂ ᠶᠡᠭᠡ | ᠳ᠋ᠠᠶᠢᠲ᠋ᠠ ᠶᠢᠨ ᠬᠢᠨᠠᠨ ᠪᠤᠳᠤᠯᠲᠠ ᠶᠢᠨ ᠬᠡᠷᠡᠭᠯᠡᠯᠲᠡ᠂ ᠬᠢᠨᠠᠨ ᠪᠤᠳᠤᠯᠲᠠ ᠶᠢᠨ ᠬᠢᠨᠠᠯᠲᠠ ᠲᠠᠯᠪᠢᠯᠲᠠ᠂ ᠬᠢᠨᠠᠨ | ᠪᠤᠳᠤᠯᠲᠠ ᠶᠢᠨ ᠴᠡᠭᠴᠡᠯᠡᠨ ᠰᠠᠶᠢᠵᠢᠷᠠᠭᠤᠯᠤᠯᠲᠠ᠂ ᠰᠢᠯᠢᠳᠡᠭ ᠬᠢᠨᠠᠨ ᠪᠤᠳᠤᠬᠤ ᠲᠥᠷᠥᠯ ᠵᠦᠢᠯ ᠢ ᠴᠣᠭᠴᠠᠯᠠᠬᠤ ᠵᠡᠷᠭᠡ | ᠬᠦᠷᠢᠶ᠎ᠡ ᠴᠠᠷᠠᠭ᠎ᠠ ᠳᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠠᠷ ᠬᠢᠨᠠᠨ ᠪᠤᠳᠤᠬᠤ ᠠᠵᠢᠯ ᠢ ᠠᠬᠢᠭᠤᠯᠬᠤ ᠶᠢ | ᠪᠠᠷᠢᠮᠲᠠᠯᠠᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ ︽ᠬᠦᠴᠦᠯᠡᠬᠦ︾ ᠶᠢ ᠪᠠᠷᠢᠮᠲᠠᠯᠠᠵᠤ᠂ ᠠᠶᠤᠯ | ᠲᠦᠭᠰᠢᠭᠦᠷᠢ ᠶᠢᠨ ᠳᠠᠯᠳᠠ ᠬᠡᠮ ᠢ ︽ᠠᠩᠬᠠᠷᠴᠤ︾᠂ ᠬᠠᠮᠢᠶᠠᠷᠤᠯᠲᠠ ᠶᠢ ᠵᠢᠷᠤᠮᠵᠢᠭᠤᠯᠬᠤ ᠶᠢᠨ ᠲᠥᠯᠥᠭᠡ ︽ᠬᠡᠯᠪᠠᠶᠢᠭᠦᠦ | ᠵᠦᠢᠯᠡᠰ ᠢ ᠵᠠᠯᠠᠷᠠᠭᠤᠯᠵᠤ︾᠂ ᠲᠤᠭᠤᠷᠢᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠨ᠎ᠠ᠃ | ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠵᠤ᠂ ᠥᠭᠡᠷᠡᠴᠢᠯᠡᠯᠲᠡ ᠶᠢᠨ ᠤᠨᠢᠨ ᠳᠡᠭᠡᠷ᠎ᠡ ᠨᠢ ᠬᠦᠴᠦᠯᠡᠬᠦ ᠶᠢ | ᠠᠬᠢᠭᠤᠯᠤᠨ᠎ᠠ᠃ ᠴᠢᠨᠠᠷ ᠰᠠᠶᠢᠲᠠᠢ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠶᠢ ᠲᠣᠭᠲᠠᠭᠠᠵᠤ᠂ ᠠᠵᠤ | ᠠᠬᠤᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠪᠠᠷ ᠬᠥᠲᠥᠯᠦᠮᠵᠢ ᠪᠣᠯᠭᠠᠵᠤ᠂ ᠨᠡᠶᠢᠭᠡᠮ ᠠᠷᠠᠳ ᠤᠨ ᠠᠮᠢᠳᠤᠷᠠᠯ᠂ | ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠴᠢᠳᠠᠪᠤᠷᠢᠲᠠᠨ᠂ | ᠠᠮᠢ ᠠᠬᠤᠢ ᠶᠢᠨ ᠣᠷᠴᠢᠨ ᠲᠣᠭᠤᠷᠢᠨ ᠵᠡᠷᠭᠡ ᠵᠠᠩᠭᠢᠯᠠᠭ᠎ᠠ ᠶᠢᠨ ᠬᠦᠷᠢᠶᠡᠨ ᠤ ᠥᠭᠡᠷᠡᠴᠢᠯᠡᠯᠲᠡ ᠶᠢᠨ ᠡᠭᠦᠷᠭᠡ ᠳᠤ | ᠠᠩᠬᠠᠷᠤᠯ ᠢᠶᠠᠨ ᠲᠥᠪᠯᠡᠷᠡᠭᠦᠯᠵᠦ᠂ ᠬᠢᠨᠠᠨ ᠪᠤᠳᠤᠬᠤ ᠲᠦᠷᠦᠯ ᠵᠦᠢᠯ ᠢ ᠰᠢᠨᠵᠢᠯᠡᠬᠦ ᠤᠬᠠᠭᠠᠨᠴᠢ ᠪᠠᠷ | ᠲᠥᠯᠥᠪᠵᠢᠭᠦᠯᠦᠨ ᠬᠡᠷᠡᠭᠵᠢᠭᠦᠯᠵᠦ᠂ ᠰᠤᠷᠭᠠᠭᠤᠯᠢ᠂ ᠠᠷᠠᠳ ᠤᠨ ᠶᠠᠪᠤᠳᠠᠯ᠂ ᠡᠮᠨᠡᠯᠭᠡ ᠶᠢᠨ ᠬᠤᠷᠢᠶ᠎ᠠ ᠵᠡᠷᠭᠡ ᠬᠢᠨᠠᠨ | ᠪᠤᠳᠤᠬᠤ ᠠᠵᠢᠯ ᠢ ᠯᠠᠪᠳᠠᠭᠤᠨ ᠪᠠᠲᠤᠲᠠᠢ ᠦᠷᠨᠢᠭᠦᠯᠪᠡ᠃ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠵᠣᠯᠭᠠᠭᠤᠯᠬᠤ | ᠪᠠ ᠢᠵᠢ ᠪᠦᠷᠢᠳᠦᠭᠦᠯᠬᠦ ᠠᠵᠢᠯ ᠢ ᠴᠢᠩᠭ᠎ᠠ ᠠᠩᠬᠠᠷᠴᠤ᠂ ᠮᠠᠨ ᠤ ᠲᠤᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ | ᠬᠢᠵᠠᠭᠠᠷᠯᠠᠵᠤ ᠪᠠᠶᠢᠭ᠎ᠠ ᠲᠦᠭᠵᠢᠷᠡᠯ᠂ ᠬᠦᠴᠢᠷᠳᠡᠯ᠂ ᠡᠪᠡᠷᠰᠢᠶᠡᠯ ᠢ ᠴᠠᠭ ᠲᠤᠬᠠᠶ ᠳᠤᠨᠢ ᠨᠡᠪᠲᠡᠷᠡᠭᠦᠯᠵᠦ᠂ | ᠥᠭᠡᠷᠡᠴᠢᠯᠡᠯᠲᠡ ᠶᠢᠨ ᠬᠠᠷᠠᠭᠠᠰᠤ ᠠᠴᠠ ᠪᠠᠶᠢᠭᠤᠯᠤᠯ ᠲᠣᠭᠲᠠᠴᠠ ᠶᠢᠨ ᠳᠤᠲᠠᠭᠳᠠᠯ ᠢ ᠢᠯᠡᠷᠡᠭᠦᠯᠵᠦ᠂ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠡᠮ ᠤᠨ ᠵᠦᠢᠯ ᠢ ᠬᠤᠳᠠᠯᠳᠤᠨ ᠠᠪᠬᠤ᠂ ᠡᠮ ᠤᠨ ᠵᠦᠢᠯ ᠳᠤ ᠦᠨ᠎ᠡ | ᠨᠡᠮᠡᠬᠦ ᠵᠡᠷᠭᠡ ᠠᠰᠠᠭᠤᠳᠠᠯ ᠢ ᠭᠤᠤᠯᠳᠠᠯᠭ᠎ᠠ ᠲᠠᠢ ᠠᠩᠬᠠᠷᠴᠤ᠂ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠤᠨ᠎ᠠ᠃ | ᠠᠷᠠᠳ ᠤᠨ ᠠᠮᠢᠳᠤᠷᠠᠯ ᠤᠨ ᠲᠦᠷᠢᠮ ᠤᠨ ᠰᠢᠰᠲ᠋ᠧᠮ ᠢ ᠪᠠᠲᠤᠯᠠᠨ ᠰᠠᠶᠢᠵᠢᠷᠠᠭᠤᠯᠬᠤ ᠳᠤ ᠬᠦᠴᠦᠨ ᠨᠡᠮᠡᠷᠢᠯᠡᠵᠦ᠂ | ᠠᠷᠠᠳ ᠤᠨ ᠠᠮᠢᠳᠤᠷᠠᠯ ᠤᠨ ᠪᠡᠯᠡ ᠮᠥᠩᠭᠦ ᠶᠢᠨ ᠬᠡᠷᠡᠭᠯᠡᠯᠲᠡ ᠪᠠ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠨ ᠪᠤᠳᠤᠬᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠠᠷᠠᠳ ᠤᠯᠠᠨ ᠤ | ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢ ᠠᠬᠢᠭᠤᠯᠵᠤ᠂ | ᠠᠷᠠᠳ ᠤᠯᠠᠨ ᠳᠤ ᠥᠭᠡᠷᠡᠴᠢᠯᠡᠯᠲᠡ ᠶᠢᠨ ᠳᠤᠮᠳᠠ ᠰᠢᠨ᠎ᠡ ᠬᠤᠪᠢᠷᠠᠯᠲᠠ ᠶᠢ ᠦᠵᠡᠭᠦᠯᠵᠦ᠂ ᠦᠨᠡᠨ ᠪᠣᠳᠠᠲᠠᠢ ᠠᠰᠢᠭ | ᠬᠦᠷᠲᠡᠭᠡᠵᠦ᠂ ᠥᠭᠡᠷᠡᠴᠢᠯᠡᠯᠲᠡ ᠶᠢᠨ ᠠᠷᠠᠳ ᠤᠨ ᠠᠮᠢᠳᠤᠷᠠᠯ ᠤᠨ ᠰᠢᠨᠵᠢ ᠴᠢᠨᠠᠷ ᠢ ᠨᠡᠮᠡᠭᠳᠡᠭᠦᠯᠦᠨ᠎ᠡ᠃ | ᠬᠢᠨᠠᠨ ᠪᠤᠳᠤᠬᠤ ᠣᠶᠢᠯᠠᠭᠠᠭᠳᠠᠬᠤᠨ ᠤ ᠰᠢᠨ᠎ᠡ ᠶᠢ ᠡᠭᠦᠳᠴᠦ᠂ ᠥᠭᠡᠷᠡᠴᠢᠯᠡᠯᠲᠡ ᠶᠢ ᠰᠡᠳᠬᠢᠯ ᠢᠶᠠᠨ ᠨᠢᠭᠡᠳᠬᠡᠨ | ᠬᠦᠴᠦ ᠪᠠᠨ ᠬᠠᠮᠲᠤᠳᠬᠠᠬᠤ ᠶᠢ ᠠᠬᠢᠭᠤᠯᠤᠨ᠎ᠠ᠃ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠵᠢᠯᠤᠭᠤᠳᠤᠯᠭ᠎ᠠ | ᠪᠣᠯᠭᠠᠵᠤ᠂ ︽ᠶᠠᠰᠤ ᠴᠢᠨᠠᠷ ᠢᠶᠠᠷ ᠬᠢᠨᠠᠯᠲᠠ ᠲᠠᠯᠪᠢᠬᠤ ᠶᠢ ᠴᠢᠩᠭᠠᠳᠬᠠᠬᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ | ᠬᠢᠨᠠᠯᠲᠠ ᠲᠠᠯᠪᠢᠬᠤ ᠶᠢ ᠴᠢᠩᠭᠠᠳᠬᠠᠬᠤ᠂ ᠴᠢᠳᠠᠪᠤᠷᠢᠲᠠᠨ ᠢᠶᠠᠷ ᠬᠢᠨᠠᠯᠲᠠ ᠲᠠᠯᠪᠢᠬᠤ ᠶᠢ ᠴᠢᠩᠭᠠᠳᠬᠠᠬᠤ᠂ ᠰᠤᠳᠤᠯᠭᠠᠨ ᠤ | ᠬᠡᠯᠪᠡᠷᠢ ᠶᠢᠨ ᠬᠢᠨᠠᠨ ᠪᠤᠳᠤᠯᠲᠠ ᠶᠢ ᠭᠦᠨᠵᠡᠭᠡᠶᠢᠷᠡᠭᠦᠯᠬᠦ︾ ᠲᠦᠷᠪᠡᠨ ᠶᠡᠭᠡ ᠠᠵᠢᠯᠯᠠᠭ᠎ᠠ ᠶᠢ ᠪᠦᠬᠦ ᠲᠠᠯ᠎ᠠ ᠪᠠᠷ | ᠠᠬᠢᠭᠤᠯᠤᠨ ᠬᠡᠷᠡᠭᠵᠢᠭᠦᠯᠵᠦ᠂ ᠬᠢᠨᠠᠨ ᠪᠤᠳᠤᠬᠤ ᠰᠢᠨ᠎ᠡ ᠬᠥᠳᠡᠯᠭᠡᠬᠦ ᠬᠦᠴᠦᠨ ᠢ ᠪᠤᠶᠢᠵᠢᠭᠤᠯᠤᠨ ᠬᠥᠭᠵᠢᠭᠦᠯᠵᠦ᠂ | ᠬᠢᠨᠠᠨ ᠪᠤᠳᠤᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ | ᠬᠢᠨᠠᠨ ᠪᠤᠳᠤᠬᠤ ᠲᠤᠬᠠᠶᠢᠯᠠᠭᠰᠠᠨ ᠠᠵᠢᠯ᠂ ᠲᠤᠭ᠎ᠠ ᠪᠠᠷᠢᠮᠲᠠ ᠶᠢᠨ ︽ᠬᠤᠣᠰ ᠭᠤᠣᠯ ᠬᠢᠨᠠᠯᠲᠠ︾ ᠶᠢᠨ ᠵᠠᠭᠪᠤᠷ ᠢ | ᠰᠢᠨ᠎ᠡ ᠪᠠᠷ ᠡᠭᠦᠳᠦᠨ ᠥᠷᠨᠢᠭᠦᠯᠵᠦ᠂ ᠲᠤᠭ᠎ᠠ ᠪᠠᠷᠢᠮᠲᠠ ᠶᠢᠨ ᠵᠠᠳᠠᠯᠤᠯᠲᠠ ᠬᠢᠭᠡᠳ ᠬᠢᠨᠠᠨ ᠪᠤᠳᠤᠬᠤ ᠲᠤᠬᠠᠶᠢᠯᠠᠭᠰᠠᠨ | ᠠᠵᠢᠯ ᠤᠨ ᠣᠷᠭᠠᠨᠢᠭ ᠠᠭᠤᠰᠤᠯᠴᠠᠯ ᠢ ᠠᠬᠢᠭᠤᠯᠤᠨ᠂ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠪᠠ | ᠲᠣᠮᠣ ᠳ᠋ᠠᠶᠢᠲ᠋ᠠ ᠶᠢᠨ ᠬᠢᠨᠠᠨ ᠪᠤᠳᠤᠬᠤ ᠡᠬᠢ ᠪᠠᠶᠠᠯᠢᠭ ᠤᠨ ᠬᠤᠣᠰ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠬᠢᠨᠠᠨ | ᠪᠤᠳᠤᠬᠤ ᠶᠠᠰᠤ ᠴᠢᠨᠠᠷ ᠦᠷ᠎ᠡ ᠠᠰᠢᠭ ᠤᠨ ︽ᠬᠤᠶᠠᠷ ᠢ ᠳᠡᠭᠡᠭᠰᠢᠯᠡᠭᠦᠯᠬᠦ︾ ᠶᠢ ᠬᠦᠴᠦᠲᠡᠢ ᠠᠬᠢᠭᠤᠯᠤᠨ᠎ᠠ᠃ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠴᠢᠩᠭ᠎ᠠ | ᠬᠢᠨᠠᠭᠰᠠᠨ ᠠᠴᠠ ᠪᠣᠯᠤᠭᠰᠠᠨ ᠭᠦᠨᠵᠡᠭᠡᠶ ᠬᠤᠪᠢᠷᠠᠯᠲᠠ ᠳᠤ ᠢᠳᠡᠪᠬᠢᠲᠡᠶ ᠵᠣᠬᠢᠴᠠᠵᠤ᠂ ᠦᠵᠡᠯᠲᠡ ᠪᠠᠨ ᠲᠠᠰᠤᠷᠠᠯᠲᠠ | ᠥᠬᠡᠶ ᠰᠢᠨᠡᠳᠬᠡᠨ᠂ ᠬᠢᠨᠠᠨ ᠪᠤᠳᠤᠬᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ ᠰᠢᠨ᠎ᠡ | ᠴᠢᠨᠠᠷ ᠰᠠᠶᠢᠲᠠᠶ ᠦᠢᠯᠡᠳᠪᠦᠷᠢᠯᠡᠯ ᠤᠨ ᠬᠦᠴᠦᠨ ᠢ ᠢᠳᠡᠪᠬᠢᠲᠡᠶ ᠪᠤᠶᠢᠵᠢᠭᠤᠯᠵᠤ᠂ ᠥᠭᠡᠷᠡᠴᠢᠯᠡᠯᠲᠡ ᠬᠥᠭᠵᠢᠯᠲᠡ ᠲᠠᠢ | ᠵᠣᠬᠢᠴᠠᠭᠰᠠᠨ ᠠᠵᠤ ᠠᠬᠤᠶ ᠶᠢᠨ ᠬᠢᠨᠠᠯᠲᠠ ᠲᠠᠯᠪᠢᠬᠤ ︽ᠣᠨᠴᠠ ᠲᠥᠷᠥᠯ ᠤᠨ ᠴᠡᠷᠢᠭ ᠠᠩᠭᠢ︾ ᠶᠢ ᠬᠦᠴᠦᠯᠡᠨ | ᠪᠠᠶᠢᠭᠤᠯᠤᠨ᠎ᠠ᠃ | ᠬᠢᠨᠠᠨ ᠪᠤᠳᠤᠯᠳᠠ ᠶᠢᠨ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠥᠭᠡᠷᠡᠴᠢᠯᠡᠯᠲᠡ ᠶᠢᠨ | ᠯᠠᠪᠳᠠᠭᠤᠨ ᠢᠶᠠᠷ ᠬᠤᠯᠠ ᠠᠶᠠᠯᠠᠬᠤ ᠶᠢ ᠬᠠᠮᠠᠭᠠᠯᠠᠨ᠎ᠠ᠃ ᠪᠢᠲᠡᠭᠦᠦ ᠴᠠᠭᠠᠷᠢᠭ ᠢᠶᠠᠷ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠶᠢ ᠠᠳᠬᠤᠬᠤ ᠶᠢ ᠴᠢᠩᠭᠠᠳᠬᠠᠵᠤ᠂ ᠬᠢᠨᠠᠨ ᠪᠤᠳᠤᠬᠤ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠡᠬᠡ ᠲᠠᠩᠰᠠ ᠶᠢ ᠪᠠᠶᠢᠭᠤᠯᠬᠤ᠂ ᠬᠢᠨᠠᠨ ᠪᠤᠳᠤᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠨᠠᠷᠢᠨ ᠲᠠᠩᠰᠠ ᠶᠢ ᠨᠠᠷᠢᠯᠢᠭᠵᠢᠭᠤᠯᠬᠤ ᠪᠠ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠡᠷᠬᠢᠨ ᠬᠠᠷᠠᠬᠤ ᠭᠤᠷᠪᠠᠨ | ᠵᠦᠢᠯ ᠤᠨ ᠠᠵᠢᠯ ᠢ ᠥᠷᠨᠢᠭᠦᠯᠬᠦ ᠪᠠᠷ ᠭᠠᠷᠳᠠᠴᠠ ᠪᠣᠯᠭᠠᠵᠤ᠂ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ᠂ | ᠲᠤᠰᠬᠠᠶ ᠵᠦᠢᠯ ᠢᠶᠠᠷ ᠴᠡᠭᠴᠡᠯᠡᠨ ᠰᠠᠶᠢᠵᠢᠷᠠᠭᠤᠯᠬᠤ᠂ ᠭᠤᠤᠯᠳᠠᠯᠭ᠎ᠠ ᠲᠠᠢ ᠱᠠᠯᠠᠪᠳᠠᠭᠤᠯᠤᠨ ᠭᠦᠢᠴᠡᠳᠬᠡᠬᠦ ᠶᠢ | ᠤᠶᠠᠯᠳᠤᠭᠤᠯᠬᠤ ᠠᠵᠢᠯ ᠤᠨ ᠪᠠᠶᠢᠷᠢᠰᠢᠯ ᠢ ᠪᠣᠶ ᠪᠣᠯᠭᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ | ᠥᠭᠡᠷᠡᠴᠢᠯᠡᠯᠲᠡ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠨ᠎ᠠ᠃ ᠬᠠᠤᠯᠢ ᠲᠣᠭᠲᠠᠭᠠᠯ ᠠᠴᠠ ᠵᠥᠷᠢᠴᠡᠭᠰᠡᠨ | ᠡᠯ᠎ᠡ ᠲᠥᠷᠥᠯ ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ᠂ ᠬᠢᠨᠠᠨ ᠪᠤᠳᠤᠯᠲᠠ ᠶᠢᠨ | ᠲᠤᠰᠬᠠᠶ ᠮᠡᠳᠡᠭᠦᠯᠦᠯᠲᠡ᠂ ᠬᠢᠨᠠᠨ ᠪᠤᠳᠤᠯᠲᠠ ᠶᠢᠨ ᠮᠡᠳᠡᠭᠡ ᠵᠠᠩᠭᠢ ᠵᠡᠷᠭᠡ ᠬᠢᠨᠠᠨ ᠪᠤᠳᠤᠯᠲᠠ ᠶᠢᠨ ᠦᠷ᠎ᠡ ᠪᠦᠲᠦᠭᠡᠯ ᠢ | ᠪᠢᠴᠢᠵᠦ᠂ ᠬᠢᠨᠠᠨ ᠪᠤᠳᠤᠯᠲᠠ ᠶᠢᠨ ︽ᠨᠡᠮᠡᠯᠲᠡ ᠥᠷᠲᠡᠭ︾ ᠢ ᠴᠢᠷᠮᠠᠶᠢᠨ ᠨᠡᠮᠡᠭᠳᠡᠭᠦᠯᠦᠨ᠎ᠡ᠃ ᠬᠢᠨᠠᠨ ᠪᠤᠳᠤᠬᠤ | ᠬᠢᠨᠠᠯᠲᠠ ᠶᠢ ᠪᠤᠰᠤᠳ ᠡᠯ᠎ᠡ ᠲᠥᠷᠥᠯ ᠤᠨ ᠬᠢᠨᠠᠯᠲᠠ ᠲᠠᠯᠪᠢᠯᠲᠠ ᠯᠤᠭ᠎ᠠ ᠨᠡᠪᠲᠡᠷᠡᠯᠴᠡᠨ ᠬᠠᠮᠵᠢᠯᠴᠠᠬᠤ ᠠᠷᠭ᠎ᠠ | ᠵᠠᠮ ᠤᠨ ᠰᠢᠨ᠎ᠡ ᠶᠢ ᠡᠭᠦᠳᠦᠨ ᠲᠡᠭᠦᠯᠳᠡᠷᠵᠢᠭᠦᠯᠵᠦ᠂ ᠬᠢᠨᠠᠯᠲᠠ ᠲᠠᠯᠪᠢᠬᠤ ᠬᠡᠮᠵᠢᠶ᠎ᠡ ᠶᠢ ᠥᠷᠭᠡᠳᠬᠡᠨ᠂ ᠬᠢᠨᠠᠯᠲᠠ | ᠲᠠᠯᠪᠢᠬᠤ ᠬᠠᠲᠠᠭᠤ ᠴᠢᠨᠠᠷ ᠢ ᠴᠢᠩᠭᠠᠳᠬᠠᠵᠤ᠂ ᠬᠢᠨᠠᠨ ᠪᠤᠳᠤᠬᠤ ᠦᠷ᠎ᠡ ᠪᠦᠲᠦᠭᠡᠯ ᠤᠨ ᠡᠷᠬᠡ ᠰᠦᠷ ᠢ ᠥᠨᠳᠥᠷ | ᠪᠦᠲᠦᠮᠵᠢᠲᠡᠶ ᠪᠠᠷ ᠬᠡᠷᠡᠭᠯᠡᠬᠦ ᠶᠢ ᠦᠷᠭᠦᠯᠵᠢᠯᠡᠨ ᠠᠬᠢᠭᠤᠯᠤᠨ᠎ᠠ᠃ | | |