ᠠᠵᠢᠯ ᠤᠨ ᠵᠠᠭᠪᠤᠷ ᠢ ᠦᠷᠭᠦᠯᠵᠢᠯᠡᠨ ᠰᠢᠨᠡᠴᠢᠯᠡᠵᠦ  ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠲᠡ ᠶᠢ ᠵᠤᠬᠢᠴᠠᠭᠤᠯᠤᠨ ᠬᠢᠨᠠᠯᠲᠠ ᠲᠠᠯᠪᠢᠬᠤ ᠶᠢ ᠪᠤᠳᠠᠲᠠᠶᠢᠵᠢᠭᠤᠯᠤᠨ ᠭᠦᠨᠵᠡᠭᠡᠶᠢᠷᠡᠭᠦᠯᠦᠨ᠎ᠡ
ᠨᠡᠶᠢᠲᠡᠯᠡᠭᠰᠡᠨ ᠴᠠᠭ᠄
2024/12/18
      ᠤᠢᠢᠷ᠎ᠠ ᠶᠢᠨ ᠵᠢᠯ ᠠᠴᠠ᠂ ᠴᠢᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠤᠪᠴᠢᠶ᠎ᠠ ᠬᠠᠤᠯᠢᠵᠢᠯ ᠤᠨ ᠪᠠᠶᠢᠭᠤᠯᠤᠯᠲᠠ ᠶᠢᠨ ᠭᠤᠣᠯ ᠬᠠᠷᠠᠯᠲᠠ ᠶᠢᠨ ᠲᠣᠭᠤᠷᠢᠨ ᠳᠤ᠂ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠪᠠᠷᠢᠮᠲᠠᠯᠠᠵᠤ᠂ ᠬᠢᠨᠠᠯᠲᠠ ᠲᠠᠯᠪᠢᠬᠤ ᠦᠷ᠎ᠡ ᠪᠦᠲᠦᠮᠵᠢ ᠶᠢ ᠭᠦᠨᠵᠡᠭᠡᠢ ᠠᠭᠤᠳᠠᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ᠂ ᠭᠦᠨᠵᠡᠭᠡᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠣᠷᠣᠨ ᠪᠦᠰᠡ ᠶᠢᠨ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠰᠠᠭᠤᠷᠢ ᠶᠢ ᠪᠠᠬᠢᠵᠢᠭᠦᠯᠵᠦ᠂ ᠬᠦᠴᠦᠷᠬᠡᠭ ᠶᠡᠭᠡ ᠬᠠᠤᠯᠢᠵᠢᠯ ᠤᠨ ᠬᠥᠳᠡᠯᠭᠡᠬᠦ ᠬᠦᠴᠦᠨ ᠢ ᠨᠡᠮᠡᠷᠢᠯᠡᠵᠡᠢ᠃      ᠨᠢᠭᠡ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠣᠯᠪᠠᠰᠤᠷᠠᠭᠤᠯᠤᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢᠨ ᠬᠢᠷᠢ ᠬᠡᠮᠵᠢᠶ᠎ᠡ ᠪᠠᠨ ᠯᠠᠪᠳᠠᠭᠤᠨ ᠪᠠᠲᠤᠲᠠᠶ ᠳᠡᠭᠡᠭᠰᠢᠯᠡᠭᠦᠯᠦᠨ᠎ᠡ      ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ︽ᠲᠤᠷᠰᠢᠯᠭᠠᠲᠤ ᠬᠡᠯᠪᠡᠷᠢ ᠪᠠᠷ ᠬᠠᠤᠯᠢ ᠬᠡᠷᠡᠭᠵᠢᠭᠦᠯᠬᠦ︾᠂ ︽ᠪᠣᠳᠠᠲᠤ ᠴᠣᠭᠴᠠ ᠶᠢ ᠴᠢᠬᠤᠯᠠᠴᠢᠯᠠᠬᠤ᠂ ᠲᠠᠰ ᠳᠠᠷᠠᠭᠠᠯᠠᠯ ᠢ ᠬᠥᠩᠭᠡᠪᠴᠢᠯᠡᠬᠦ︾᠂ ︽ᠮᠠᠰᠢᠨᠴᠢᠯᠠᠯᠲᠠ ᠪᠠᠷ ᠬᠠᠤᠯᠢ ᠬᠡᠷᠡᠭᠵᠢᠭᠦᠯᠬᠦ︾ ᠵᠡᠷᠭᠡ ᠠᠰᠠᠭᠤᠳᠠᠯ ᠳᠤ ᠵᠠᠰᠠᠭ ᠵᠠᠬᠢᠷᠭᠠᠨ ᠤ ᠬᠢᠨᠠᠯᠲᠠ ᠲᠠᠯᠪᠢᠵᠤ ᠵᠣᠬᠢᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠣᠨᠣᠯ ᠤᠨ ᠪᠣᠯᠪᠠᠰᠤᠷᠠᠭᠤᠯᠤᠯ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠣᠯᠠᠨ ᠲᠠᠯ᠎ᠠ ᠠᠴᠠ ᠭᠠᠷᠳᠠᠨ ᠬᠢᠵᠦ᠂ ᠲᠠᠶᠢᠯᠤᠮᠵᠢ ᠬᠢᠬᠦ᠂ ᠰᠤᠳᠤᠯᠤᠨ ᠶᠠᠷᠢᠯᠴᠠᠬᠤ ᠵᠡᠷᠭᠡ ᠣᠯᠠᠨ ᠬᠡᠯᠪᠡᠷᠢ ᠪᠠᠷ ᠬᠠᠤᠯᠢ ᠬᠡᠷᠡᠭᠵᠢᠭᠦᠯᠬᠦ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠨᠢᠭᠡ ᠳᠤ᠂ ᠬᠠᠤᠯᠢ ᠴᠠᠭᠠᠵᠠ ᠶᠢᠨ ᠤᠨᠤᠯ ᠤᠨ ᠪᠣᠯᠪᠠᠰᠤᠷᠠᠭᠤᠯᠤᠯ ᠢ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ᠂ ᠪᠤᠭᠤᠲᠤ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠯᠧᠺᠲ᠋ᠣᠷ ᠢ ᠤᠷᠢᠵᠤ ᠬᠠᠤᠯᠢ ᠬᠡᠷᠡᠭᠵᠢᠭᠦᠯᠬᠦ ᠶᠠᠪᠤᠴᠠ ᠳᠤ ᠡᠵᠡᠮᠰᠢᠬᠦ ᠴᠢᠬᠤᠯᠠᠲᠠᠶ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠤᠷᠢᠨ ᠳᠤ ᠬᠠᠤᠯᠢ ᠴᠠᠭᠠᠵᠠ ᠶᠢᠨ ᠣᠨᠣᠯ ᠤᠨ ᠮᠡᠳᠡᠯᠭᠡ ᠶᠢᠨ ᠪᠣᠯᠪᠠᠰᠤᠷᠠᠭᠤᠯᠤᠯ ᠦᠷᠨᠢᠭᠦᠯᠵᠡᠢ᠃ ᠬᠤᠶᠠᠷ ᠲᠤ ᠲᠤᠬᠠᠶᠢᠯᠠᠭᠰᠠᠨ ᠠᠵᠢᠯ ᠤᠨ ᠲᠤᠰᠬᠠᠶ ᠪᠣᠯᠪᠠᠰᠤᠷᠠᠭᠤᠯᠤᠯ ᠢ  ᠴᠢᠩᠭᠠᠳᠬᠠᠨ᠎ᠠ᠃ ᠵᠠᠰᠠᠭ ᠵᠠᠬᠢᠷᠭᠠᠨ ᠤ ᠳᠡᠬᠢᠨ ᠵᠦᠪᠯᠡᠬᠦ ᠠᠵᠢᠯᠳᠡᠨ ᠢ ᠵᠤᠬᠢᠶᠡᠨ ᠪᠠᠶᠢᠭᠤᠯᠥᠨ ᠳᠡᠬᠢᠨ ᠵᠦᠪᠯᠡᠵᠦ ᠠᠯᠳᠠᠭ᠎ᠠ ᠶᠢ ᠵᠠᠯᠠᠷᠡᠭᠤᠯᠥᠠᠠᠰᠠᠨ ᠭᠡᠷᠩ ᠢ ᠪᠠᠶᠢᠨ ᠲᠠᠬᠢᠨ ᠳᠡᠪᠳᠡᠷᠵᠢᠬᠦᠯᠬᠦ ᠭᠤᠤᠯᠳᠡᠯᠭ᠎ᠠ ᠲᠠᠢ ᠬᠦᠷᠢᠶ᠎ᠠ ᠴᠡᠷᠠᠭ᠎ᠠ ᠳᠤ ᠲᠣᠰᠬᠠᠢ ᠰᠡᠳᠣᠪᠳᠣ ᠪᠤᠯᠪᠠᠰᠣᠷᠡᠭᠤᠯᠥᠯ ᠢ ᠦᠷᠨᠢᠬᠦᠯᠬᠦ ᠶᠢᠨ ᠬᠠᠮᠳᠣ᠂ ᠵᠠᠰᠠᠭ ᠤᠨ ᠣᠷᠳᠣᠨ ᠤ ᠬᠠᠦᠯᠢ ᠴᠠᠭᠠᠵᠠ ᠶᠢᠨ ᠵᠦᠪᠯᠡᠭᠴᠢ ᠶᠢ ᠤᠷᠢᠵᠦ ᠬᠠᠦᠯᠢ ᠴᠠᠭᠠᠵᠠ ᠶᠢᠨ ᠪᠤᠳᠡᠳᠡᠢ ᠠᠵᠢᠯ ᠤᠨ ᠳᠡᠯ᠎ᠠ ᠪᠠᠷ ᠬᠠᠦᠯᠢ ᠭᠡᠷᠡᠭᠵᠢᠬᠦᠯᠥᠭᠰᠡᠨ ᠪᠤᠳᠡᠳᠡᠢ ᠠᠵᠢᠯ ᠤᠨ ᠪᠣᠯᠪᠠᠰᠣᠷᠡᠭᠤᠯᠥᠯ ᠢ ᠦᠷᠨᠢᠭᠦᠯᠪᠡ᠃ ᠭᠤᠷᠪᠠ ᠳᠤ᠂ ᠣᠯᠠᠨ ᠶᠠᠩᠵᠤ ᠶᠢᠨ ᠪᠣᠯᠪᠠᠰᠤᠷᠠᠭᠤᠯᠤᠯ ᠤᠨ ᠠᠷᠭ᠎ᠠ ᠮᠠᠶ᠋ᠢᠭ ᠢ ᠦᠷᠭᠡᠳᠭᠡᠨ᠎ᠡ᠃ ︽ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ︾᠂ ︽ᠲᠠᠶᠢᠯᠤᠮᠵᠢ + ᠰᠢᠯᠭᠠᠷᠠᠭᠤᠯᠤᠯᠲᠠ︾ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠤᠯᠢ ᠬᠡᠷᠡᠭᠵᠢᠭᠦᠯᠬᠦ ᠪᠣᠯᠪᠠᠰᠤᠷᠠᠭᠤᠯᠤᠯ ᠢ ᠣᠯᠠᠨ ᠶᠠᠩᠵᠤ ᠶᠢᠨ ᠥᠷᠨᠢᠭᠦᠯᠵᠦ᠂ ᠬᠠᠤᠯᠢ ᠬᠡᠷᠡᠭᠵᠢᠭᠦᠯᠬᠦ ᠡᠩᠨᠡᠭᠡ ᠶᠢᠨ ᠴᠢᠳᠠᠪᠤᠷᠢ ᠶᠢ ᠳᠡᠭᠡᠭᠰᠢᠯᠡᠭᠦᠯᠪᠡ᠃ ᠣᠳᠣᠬᠠᠨ ᠪᠣᠯᠲᠠᠯ᠎ᠠ᠂ ᠬᠠᠤᠯᠢ ᠬᠡᠷᠡᠭᠵᠢᠭᠦᠯᠬᠦ ᠬᠠᠮᠢᠶ᠎ᠠ ᠪᠥᠬᠦᠶ ᠪᠣᠯᠪᠠᠰᠤᠷᠠᠭᠤᠯᠤᠯ ᠢ 8 ᠲᠠᠯᠠᠪᠤᠷ ᠥᠷᠨᠢᠭᠦᠯᠵᠦ᠂ ᠪᠥᠬᠦ ᠲᠤᠭᠤᠷᠢᠭ ᠤᠨ 470 ᠭᠠᠷᠤᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ᠂ 24 ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠨᠠᠯᠲᠠ ᠲᠠᠯᠪᠢᠭᠴᠢ᠂ 100 ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠨᠡᠶᠢᠭᠡᠮ ᠤᠨ ᠬᠢᠨᠠᠯᠲᠠ ᠲᠠᠯᠪᠢᠭᠴᠢ ᠪᠣᠯᠪᠠᠰᠤᠷᠠᠭᠤᠯᠤᠯ ᠳᠤ ᠣᠷᠣᠯᠴᠠᠵᠠᠶ᠃      ᠬᠤᠶᠠᠷ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠡᠷᠴᠢᠮ ᠢ ᠦᠷᠭᠦᠯᠵᠢᠯᠡᠨ ᠳᠡᠭᠡᠭᠰᠢᠯᠡᠭᠦᠯᠵᠦ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠶᠠᠰᠤ ᠴᠢᠨᠠᠷ ᠦᠷ᠎ᠡ ᠪᠦᠲᠦᠮᠵᠢ ᠶᠢ ᠦᠨᠡᠨᠬᠦ ᠠᠬᠢᠭᠤᠯᠤᠨ᠎ᠠ      ︽ᠴᠢᠩᠱᠠᠨ ᠲᠣᠭᠤᠷᠢᠭ ᠤᠨ ︿ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ︵2023 - 2025 ᠣᠨ︶﹀᠎ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ︾᠎ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠪᠥᠬᠦ ᠲᠤᠭᠤᠷᠢᠭ ᠤᠨ ᠬᠠᠤᠯᠢ ᠬᠡᠷᠡᠭᠵᠢᠭᠦᠯᠬᠦ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠦᠨ᠎ᠡ᠃ ᠨᠢᠭᠡ ᠳᠤ᠂ ᠬᠢᠨᠠᠯᠲᠠ ᠲᠠᠯᠪᠢᠬᠤ ᠲᠤᠰᠬᠠᠶᠢᠵᠢᠭᠰᠠᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠪᠡ᠃ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ᠂ ᠪᠠᠶᠢᠴᠠᠭᠠᠬᠤ ᠬᠤᠷᠢᠶ᠎ᠠ᠂ ᠲᠠᠩᠰᠠ ᠡᠪᠬᠡᠮᠡᠯ ᠤᠨ ᠣᠷᠳᠣᠨ ᠲᠠᠢ ᠬᠠᠮᠲᠤᠷᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠨᠢᠭᠡᠴᠢ ᠳᠤ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠡᠶ᠎ᠡ ᠶᠢᠨ ᠪᠠᠶᠢᠴᠠᠭᠠᠯᠲᠠ︾ ᠥᠷᠨᠢᠭᠦᠯᠵᠦ᠂ ᠪᠠᠶᠢᠴᠠᠭᠠᠬᠤ ᠬᠢᠨᠠᠯᠲᠠ ᠲᠠᠯᠪᠢᠬᠤ᠂ ᠬᠠᠤᠯᠢ ᠴᠠᠭᠠᠵᠠ ᠶᠢᠨ ᠦᠢᠯᠡᠳᠦᠯᠭᠡ᠂ ᠵᠠᠰᠠᠭ ᠵᠠᠬᠢᠷᠭᠠᠨ ᠤ ᠵᠢᠷᠤᠮᠵᠢᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠡᠷᠭᠡ ᠣᠯᠠᠨ ᠲᠠᠯ᠎ᠠ ᠠᠴᠠ ᠬᠠᠤᠯᠢ ᠬᠡᠷᠡᠭᠵᠢᠭᠦᠯᠦᠭᠰᠡᠨ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠵᠤ᠂ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠲᠤᠰᠬᠠᠶᠢᠵᠢᠭᠰᠠᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠪᠡ᠃ ᠬᠤᠶᠠᠷ ᠲᠤ᠂ ︽ᠨᠢᠭᠡ ᠶᠢ ᠪᠠᠶᠢᠴᠠᠭᠠᠬᠤ᠂ ᠨᠢᠭᠡ ᠶᠢ ᠬᠠᠷᠢᠭᠤ ᠲᠤᠰᠬᠠᠬᠤ᠂ ᠨᠢᠭᠡ ᠶᠢ ᠴᠡᠭᠴᠡᠯᠡᠨ ᠰᠠᠶᠢᠵᠢᠷᠠᠭᠤᠯᠬᠤ︾᠎ ᠶᠢ ᠪᠠᠷᠢᠮᠲᠠᠯᠠᠵᠤ᠂ ᠬᠠᠤᠯᠢ ᠬᠡᠷᠡᠭᠵᠢᠭᠦᠯᠬᠦ ᠲᠣᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ᠂ ᠬᠠᠤᠯᠢ ᠴᠠᠭᠠᠵᠠ ᠶᠢᠨ ᠮᠡᠳᠡᠯᠭᠡ ᠶᠢᠨ ᠪᠣᠯᠪᠠᠰᠤᠷᠠᠭᠤᠯᠤᠯ᠂ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠷᠪᠠᠨ ᠵᠦᠢᠯ ᠤᠨ ᠳᠦᠷᠢᠮ︾᠎ ᠢ ᠨᠠᠶᠢᠳᠠᠪᠤᠷᠢᠵᠢᠭᠤᠯᠤᠭᠰᠠᠨ᠂ ᠪᠤᠭᠤᠲᠤ ᠬᠤᠲᠠ ᠶᠢᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠨᠢᠭᠡ ᠴᠣᠭᠴᠠᠵᠢᠭᠤᠯᠤᠭᠰᠠᠨ ᠲᠠᠪᠴᠠᠩ ᠤᠨ ᠬᠠᠤᠯᠢ ᠪᠠᠷ ᠵᠠᠰᠠᠬᠤ ᠲᠤᠭ᠎ᠠ ᠪᠠᠷᠢᠮᠲᠠ ᠶᠢᠨ ᠲᠡᠮᠳᠡᠭᠯᠡᠯ ᠵᠡᠷᠭᠡ ᠪᠠᠶᠢᠳᠠᠯ ᠢ ᠪᠥᠬᠦ ᠲᠠᠯ᠎ᠠ ᠪᠠᠷ ᠪᠠᠶᠢᠴᠠᠭᠠᠵᠤ᠂ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠰᠠᠨᠠᠭᠤᠯᠭ᠎ᠠ ᠶᠢᠨ ᠪᠢᠴᠢᠭ︾᠎ ᠢ ᠪᠣᠶ ᠪᠣᠯᠭᠠᠬᠤ ᠶᠢᠨ ᠬᠠᠮᠲᠤ ᠴᠡᠭ ᠲᠣᠭᠲᠠᠭᠠᠨ ᠬᠠᠷᠢᠭᠤ ᠲᠤᠰᠬᠠᠵᠤ᠂ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠮᠥᠷᠳᠡᠨ ᠪᠠᠶᠢᠴᠠᠭᠠᠵᠤ᠂ ᠦᠨᠡᠯᠡᠨ ᠪᠠᠶᠢᠴᠠᠭᠠᠬᠤ ᠶᠠᠰᠤ ᠴᠢᠨᠠᠷ ᠦᠷ᠎ᠡ ᠪᠦᠲᠦᠮᠵᠢ ᠶᠢ ᠦᠨᠡᠨᠬᠦ ᠪᠠᠲᠤᠯᠠᠪᠠ᠃ ᠭᠤᠷᠪᠠ ᠳᠤ᠂ ᠪᠦᠬᠦ ᠲᠠᠯ᠎ᠠ ᠪᠠᠷ ᠬᠢᠨᠠᠯᠲᠠ ᠲᠠᠯᠪᠢᠬᠤ ᠪᠠ ᠰᠤᠭᠤᠴᠢᠨ ᠪᠠᠶᠢᠴᠠᠭᠠᠬᠤ ᠶᠢ ᠤᠶᠠᠯᠳᠤᠭᠤᠯᠬᠤ ᠶᠢ ᠪᠠᠷᠢᠮᠲᠠᠯᠠᠪᠠ᠃ ᠵᠢᠯ ᠪᠦᠷᠢ ᠪᠦᠬᠦ ᠲᠠᠯ᠎ᠠ ᠪᠠᠷ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠶᠢ 2 ᠤᠳᠠᠭ᠎ᠠ ᠠᠴᠠ ᠳᠣᠣᠷ᠎ᠠ ᠦᠭᠡᠢ ᠥᠷᠨᠢᠭᠦᠯᠵᠦ᠂ ᠬᠠᠤᠯᠢ ᠬᠡᠷᠡᠭᠵᠢᠭᠦᠯᠬᠦ 2 ᠨᠢᠭᠡᠴᠡ ᠳᠤ ᠰᠤᠭᠤᠴᠢᠨ ᠪᠠᠶᠢᠴᠠᠭᠠᠯᠲᠠ ᠬᠢᠵᠦ᠂ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠶᠢ ᠨᠡᠶᠢᠳᠡᠮ ᠪᠦᠷᠬᠦᠭᠦᠯᠵᠦ᠂ ᠥᠨᠴᠥᠭ ᠪᠤᠯᠤᠩ ᠦᠭᠡᠢ ᠪᠠᠶᠢᠯᠭᠠᠬᠤ ᠶᠢ ᠦᠨᠡᠨᠬᠦ ᠪᠠᠲᠤᠯᠠᠪᠠ᠃      ᠭᠤᠷᠪᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠷᠭ᠎ᠠ ᠮᠠᠶ᠋ᠢᠭ ᠢ ᠦᠷᠭᠦᠯᠵᠢᠯᠡᠨ ᠭᠦᠨᠵᠡᠭᠡᠶᠢᠷᠡᠭᠦᠯᠵᠦ ᠬᠠᠤᠯᠢ ᠬᠡᠷᠡᠭᠵᠢᠭᠦᠯᠬᠦ ᠪᠦᠬᠦᠯᠢ ᠴᠣᠭᠴᠠ ᠶᠢᠨ ᠦᠢᠯᠡᠳᠦᠯ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠎ᠡ      ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠵᠤ᠂ ᠬᠠᠤᠯᠢ ᠬᠡᠷᠡᠭᠵᠢᠭᠦᠯᠬᠦ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠲᠦᠯᠬᠢᠨ ᠠᠬᠢᠭᠤᠯᠤᠨ᠎ᠠ᠃ ᠨᠢᠭᠡ ᠳᠤ᠂ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠪᠦᠬᠦᠨ ᠢ ᠬᠠᠮᠤᠷᠬᠤ ᠶᠢ ᠠᠬᠢᠭᠤᠯᠪᠠ᠃ ︽ᠴᠢᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠷᠭ᠎ᠠ︾᠎ ᠶᠢ ᠲᠣᠭᠲᠠᠭᠠᠵᠤ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠬᠦᠷᠢᠶ᠎ᠡ ᠬᠡᠪᠴᠢᠶ᠎ᠡ᠂ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠪᠠ᠃ ᠴᠢᠩ ᠹᠦ᠋ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ ᠪᠣᠯᠤᠨ ᠰᠢᠩ ᠱᠧᠩ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ ᠲᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠤᠷᠰᠢᠯᠲᠠ ᠶᠢᠨ ᠴᠡᠭ ᠢ ᠪᠠᠶᠢᠭᠤᠯᠤᠭᠰᠠᠨ ᠰᠠᠭᠤᠷᠢᠨ ᠳᠡᠭᠡᠷ᠎ᠡ᠂ ᠪᠤᠰᠤᠳ 8 ᠬᠠᠤᠯᠢ ᠴᠠᠭᠠᠵᠠ ᠶᠢᠨ ᠭᠠᠵᠠᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠵᠡᠷᠭᠡᠪᠡᠷ ᠠᠬᠢᠭᠤᠯᠪᠠ᠃ ᠬᠤᠶᠠᠷ ᠲᠤ᠂ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠪᠦᠷᠢᠯᠳᠦᠭᠦᠯᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠰᠣᠨᠢᠨ ᠮᠡᠳᠡᠭᠡᠨ ᠤ ᠠᠵᠢᠯᠲᠠᠨ᠂ ᠲᠤᠰᠬᠠᠶ ᠮᠡᠷᠭᠡᠵᠢᠯᠲᠡᠨ ᠡᠷᠳᠡᠮᠲᠡᠨ᠂ ᠬᠠᠤᠯᠢ ᠴᠠᠭᠠᠵᠠ ᠶᠢᠨ ᠠᠵᠢᠯᠲᠠᠨ᠂ ᠨᠡᠶᠢᠲᠡ ᠶᠢᠨ ᠠᠰᠠᠷᠠᠮᠵᠢ ᠶᠢᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ᠂ ᠠᠵᠤ ᠠᠬᠤᠶᠢᠯᠠᠯᠲᠠᠨ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠶᠢ ᠤᠷᠢᠵᠤ ᠣᠨᠴᠠ ᠤᠷᠢᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠨᠠᠯᠲᠠ ᠲᠠᠯᠪᠢᠭᠴᠢ ᠪᠣᠯᠭᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠠᠵᠢᠯᠯᠠᠭ᠎ᠠ ᠳᠤ ᠣᠷᠣᠯᠴᠠᠨ᠂ ᠨᠡᠶᠢᠭᠡᠮ ᠤᠨ ᠬᠢᠨᠠᠯᠲᠠ ᠶᠢ ᠴᠢᠩᠭᠠᠳᠬᠠᠪᠠ᠃ ᠭᠤᠷᠪᠠ ᠳᠤ᠂ ︽ᠳᠠᠭᠠᠯᠲᠠ ᠮᠠᠶ᠋ᠢᠭ︾᠎ ᠤᠨ ᠬᠠᠤᠯᠢ ᠬᠡᠷᠡᠭᠵᠢᠭᠦᠯᠬᠦ ᠰᠢᠨ᠎ᠡ ᠵᠠᠭᠪᠤᠷ ᠢ ᠬᠠᠶᠢᠨ ᠰᠦᠪᠡᠭᠴᠢᠯᠡᠪᠡ᠃ ᠲᠤᠷᠰᠢᠯᠲᠠ ᠶᠢᠨ ᠴᠡᠭ ᠤᠨ ᠬᠠᠤᠯᠢ ᠴᠠᠭᠠᠵᠠ ᠶᠢᠨ ᠭᠠᠵᠠᠷ ᠤᠨ ᠠᠵᠢᠯᠲᠠᠨ ᠢ ᠰᠣᠩᠭᠤᠨ ᠲᠣᠮᠢᠯᠠᠵᠤ ᠬᠠᠷᠢᠶᠠᠲᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ᠂ ᠲᠣᠮᠢᠯᠠᠭᠰᠠᠨ ᠰᠠᠯᠪᠤᠷᠢ ᠵᠡᠷᠭᠡ ᠬᠠᠤᠯᠢ ᠬᠡᠷᠡᠭᠵᠢᠭᠦᠯᠬᠦ ᠪᠥᠬᠦ ᠶᠠᠪᠤᠴᠠ ᠳᠤ ᠣᠷᠣᠯᠴᠠᠭᠤᠯᠵᠤ᠂ ᠬᠠᠤᠯᠢ ᠬᠡᠷᠡᠭᠵᠢᠭᠦᠯᠬᠦ ᠶᠠᠪᠤᠴᠠ ᠳᠠᠬᠢ ︽ᠭᠡᠷᠡᠴᠢ ᠭᠠᠷᠭᠠᠵᠤ ᠬᠠᠤᠯᠢ ᠬᠡᠷᠡᠭᠵᠢᠭᠦᠯᠬᠦ︾᠂ ︽ᠪᠥᠬᠦ ᠶᠠᠪᠤᠴᠠ ᠶᠢᠨ ᠲᠡᠮᠳᠡᠭᠯᠡᠯ︾᠂ ︽ᠬᠤᠪᠴᠠᠰᠤᠯᠠᠯ ᠢ ᠵᠢᠷᠤᠮᠵᠢᠭᠤᠯᠬᠤ᠂ ᠲᠡᠮᠳᠡᠭ ᠵᠡᠭᠦᠬᠦ︾ ᠵᠡᠷᠭᠡ ᠬᠠᠤᠯᠢ ᠬᠡᠷᠡᠭᠵᠢᠭᠦᠯᠬᠦ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠭᠤᠤᠯᠳᠠᠯᠭ᠎ᠠ ᠲᠠᠢ ᠬᠢᠨᠠᠯᠲᠠ ᠲᠠᠯᠪᠢᠵᠤ᠂ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠢᠮᠳᠠᠭᠤᠯᠪᠠ᠃      ᠳᠥᠷᠪᠡ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠬᠡᠷᠡᠭ ᠢ ᠵᠠᠳᠠᠯᠬᠤ ᠶᠢ ᠦᠷᠭᠦᠯᠵᠢᠯᠡᠨ ᠴᠢᠩᠭᠠᠳᠬᠠᠵᠤ ᠣᠨᠴᠠᠭᠠᠶ ᠬᠡᠷᠡᠭ ᠲᠤ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ      ᠠᠵᠢᠯ ᠤᠨ ᠰᠢᠨ᠎ᠡ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠲᠠᠰᠤᠷᠠᠯᠲᠠ ᠦᠭᠡᠢ ᠲᠦᠯᠬᠢᠨ ᠠᠬᠢᠭᠤᠯᠵᠤ᠂ ᠡᠯ᠎ᠡ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠤᠯᠢ ᠶᠢ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠡᠷᠡᠭᠵᠢᠭᠦᠯᠬᠦ ᠶᠢ ᠦᠨᠡᠨᠬᠦ ᠲᠦᠯᠬᠢᠨ ᠠᠬᠢᠭᠤᠯᠤᠨ᠎ᠠ᠃ ᠨᠢᠭᠡ ᠳᠤ ᠬᠡᠷᠡᠭ ᠤᠨ ᠲᠤᠭ᠎ᠠ ᠪᠠᠷᠢᠮᠲᠠ ᠶᠢ ᠬᠡᠷᠡᠭᠯᠡᠨ ᠬᠢᠨᠠᠨ ᠬᠡᠮᠵᠢᠵᠦ ᠵᠠᠳᠠᠯᠤᠯᠲᠠ ᠬᠢᠵᠦ᠂ ᠠᠰᠠᠭᠤᠳᠠᠯ ᠣᠯᠠᠨ ᠡᠭᠦᠰᠬᠦ ᠬᠦᠷᠢᠶ᠎ᠡ ᠴᠠᠷᠠᠭ᠎ᠠ᠂ ᠭᠤᠭᠴᠤᠭ᠎ᠠ ᠪᠠ ᠲᠣᠪᠤᠶᠢᠮ᠎ᠠ ᠠᠰᠠᠭᠤᠳᠠᠯ ᠢ ᠨᠠᠷᠢᠯᠢᠭ ᠣᠨᠣᠴᠠᠲᠠᠶ ᠪᠠᠷ ᠢᠯᠡᠷᠡᠭᠦᠯᠵᠦ᠂ ᠬᠢᠨᠠᠯᠲᠠ ᠲᠠᠯᠪᠢᠵᠤ ᠪᠠᠶᠢᠴᠠᠭᠠᠬᠤ ᠶᠢᠨ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠲᠦᠮᠵᠢᠲᠦ ᠴᠢᠨᠠᠷ ᠢ ᠳᠡᠭᠡᠭᠰᠢᠯᠡᠭᠦᠯᠦᠨ᠂ ᠮᠠᠷᠭᠤᠯᠳᠤᠭᠠᠨ ᠢ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠪᠠ᠃ ᠡᠭᠦᠨ ᠤ ᠬᠠᠮᠲᠤ᠂ ᠲᠤᠭ᠎ᠠ ᠪᠠᠷᠢᠮᠲᠠ ᠶᠢᠨ ᠵᠠᠳᠠᠯᠤᠯᠲᠠ ᠶᠢ ᠦᠨᠳᠦᠰᠦᠯᠡᠨ᠂ ᠵᠠᠯᠠᠷᠠᠭᠤᠯᠬᠤ ᠨᠣᠷᠮ᠎ᠠ ᠨᠡᠯᠢᠶᠡᠳ ᠥᠨᠳᠥᠷ ᠵᠠᠬ᠎ᠠ ᠳᠡᠯᠭᠡᠭᠦᠷ ᠤᠨ ᠬᠢᠨᠠᠯᠲᠠ ᠲᠠᠯᠪᠢᠯᠲᠠ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠬᠦᠷᠢᠶᠡᠨ ᠳᠤ ᠴᠢᠭᠯᠡᠭᠦᠯᠦᠨ᠂ ᠲᠤᠰᠬᠠᠶ ᠵᠦᠢᠯ ᠤᠨ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠯᠲᠠ ᠪᠠ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠪᠡ᠃ ᠬᠤᠶᠠᠷ ᠲᠤ᠂ ᠪᠤᠷᠤᠭᠤ ᠬᠡᠷᠡᠭ ᠢ ᠵᠠᠳᠠᠯᠤᠨ ᠬᠠᠷᠢᠭᠤ ᠲᠤᠰᠬᠠᠬᠤ ᠶᠢ ᠪᠠᠷᠢᠮᠲᠠᠯᠠᠵᠤ᠂ ᠬᠠᠤᠯᠢ ᠬᠡᠷᠡᠭᠵᠢᠭᠦᠯᠬᠦ ᠬᠦᠷᠢᠶᠡᠨ ᠳᠠᠬᠢ ᠴᠤᠬᠤᠶᠢᠯᠲᠠ ᠶᠢᠨ ᠴᠢᠨᠠᠷᠲᠠᠶ᠂ ᠬᠡᠯᠪᠡᠷᠢᠯ ᠤᠨ ᠴᠢᠨᠠᠷᠲᠠᠶ ᠠᠰᠠᠭᠤᠳᠠᠯ ᠢ ᠴᠠᠭ ᠲᠤᠬᠠᠶ ᠳᠤᠨᠢ ᠵᠠᠯᠠᠷᠠᠭᠤᠯᠪᠠ᠃ ᠬᠡᠷᠡᠭ ᠤᠨ ᠳᠤᠮᠳᠠ ᠲᠤᠰᠬᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠰᠠᠭᠤᠳᠠᠯ ᠳᠤ ᠴᠢᠭᠯᠡᠭᠦᠯᠦᠨ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠰᠠᠨᠠᠯ ᠤᠨ ᠪᠢᠴᠢᠭ᠂ ᠰᠠᠨᠠᠭᠤᠯᠭ᠎ᠠ ᠶᠢᠨ ᠪᠢᠴᠢᠭ ᠢ ᠴᠠᠭ ᠲᠤᠬᠠᠶ ᠳᠤᠨᠢ ᠲᠣᠭᠲᠠᠭᠠᠨ ᠲᠠᠷᠬᠠᠭᠠᠵᠤ᠂ ᠣᠲᠣ ᠪᠣᠯᠲᠠᠯ᠎ᠠ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠰᠠᠨᠠᠭᠤᠯᠭ᠎ᠠ ᠶᠢᠨ ᠪᠢᠴᠢᠭ 28᠂ ᠵᠠᠰᠠᠭ ᠵᠠᠬᠢᠷᠭᠠᠨ ᠤ ᠳᠠᠬᠢᠨ ᠵᠥᠪᠯᠡᠬᠦ ᠰᠠᠨᠠᠯ ᠤᠨ ᠪᠢᠴᠢᠭ ᠢ 8 ᠬᠤᠪᠢ ᠳᠠᠷᠤᠮᠠᠯᠯᠠᠨ ᠲᠠᠷᠬᠠᠭᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号