ᠴᠢᠩᠱᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠨᠡᠶᠢᠭᠡᠮ ᠤᠨ ᠠᠪᠤᠷᠠᠨ ᠲᠤᠰᠠᠯᠠᠭᠴᠢ ᠶᠢᠨ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/12/18
      ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠲᠠᠢ ᠤᠶᠠᠯᠳᠤᠭᠤᠯᠤᠨ᠂ ᠪᠦᠬᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠠᠬᠢᠭᠤᠯᠬᠤ ᠳᠤ ᠰᠠᠭᠤᠷᠢᠯᠠᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠵᠦ᠂ ᠴᠢᠩᠱᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠨᠡᠶᠢᠭᠡᠮ ᠤᠨ ᠠᠪᠤᠷᠠᠨ ᠲᠤᠰᠠᠯᠠᠭᠴᠢ ᠶᠢ ᠰᠢᠨ᠎ᠡ ᠪᠠᠷ ᠰᠣᠩᠭᠤᠨ ᠤᠷᠢᠬᠤ ᠶᠢᠨ ᠬᠠᠮᠲᠤ ᠡᠯ᠎ᠡ ᠵᠡᠭᠡᠯᠢ ᠪᠠᠯᠭᠠᠰᠤᠨ ᠳᠤ ᠭᠦᠨᠵᠡᠭᠡᠶᠢᠷᠡᠨ ᠨᠡᠶᠢᠭᠡᠮ ᠤᠨ ᠠᠪᠤᠷᠠᠨ ᠲᠤᠰᠠᠯᠠᠭᠴᠢ ᠶᠢᠨ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠯ ᠬᠢᠪᠡ᠃      ᠲᠣᠰ ᠤᠳᠠᠭᠠᠨ ᠤ ᠪᠣᠯᠪᠠᠰᠤᠷᠠᠯ ᠤᠨ ᠵᠣᠷᠢᠯᠭ᠎ᠠ ᠨᠢ ᠰᠢᠨ᠎ᠡ ᠪᠠᠷ ᠣᠷᠣᠯᠴᠠᠭᠰᠠᠨ ᠲᠤᠰᠠᠯᠠᠭᠴᠢ ᠳᠤ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠬᠢᠭᠡᠳ ᠠᠵᠢᠯ ᠤᠨ ᠶᠠᠪᠤᠴᠠ ᠶᠢ ᠪᠥᠬᠦ ᠲᠠᠯ᠎ᠠ ᠪᠠᠷ ᠣᠶᠢᠯᠠᠭᠠᠭᠤᠯᠵᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠡᠵᠡᠮᠰᠢᠨ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠦᠢᠯᠡᠴᠢᠯᠡᠭᠡᠨ ᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠥᠨᠳᠥᠷ ᠪᠦᠲᠦᠮᠵᠢᠲᠡᠶ᠂ ᠨᠠᠷᠢᠯᠢᠭ ᠤᠨᠤᠪᠴᠢᠲᠠᠢ ᠥᠷᠨᠢᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠬᠦ ᠶᠢᠨ ᠲᠥᠯᠥᠭᠡ ᠶᠤᠮ᠃ ᠪᠣᠯᠪᠠᠰᠤᠷᠠᠯ ᠤᠨ ᠳᠠᠷᠠᠭ᠎ᠠ ᠬᠡᠷᠡᠭ ᠤᠨ ᠵᠢᠱᠢᠶ᠎ᠡ ᠶᠢᠨ ᠰᠢᠯᠭᠠᠯᠲᠠ ᠬᠢᠵᠦ᠂ ᠨᠡᠶᠢᠭᠡᠮ ᠤᠨ ᠠᠪᠤᠷᠠᠨ ᠲᠤᠰᠠᠯᠠᠬᠤ ᠬᠢᠨᠠᠨ ᠵᠥᠪᠰᠢᠶᠡᠷᠡᠬᠦ ᠳᠤᠮᠳᠠ ᠢᠯᠡᠷᠡᠭᠰᠡᠨ ᠮᠠᠳᠠᠭ᠂ ᠬᠦᠴᠢᠷ ᠠᠰᠠᠭᠤᠳᠠᠯ ᠳᠤ ᠬᠠᠮᠲᠤ ᠪᠠᠷ ᠰᠤᠳᠤᠯᠤᠨ ᠬᠠᠷᠢᠭᠤᠯᠲᠠ ᠥᠭᠪᠡ᠃ ᠦᠨᠳᠦᠰᠦᠨ ᠱᠠᠲᠤᠨ ᠤ ᠨᠡᠶᠢᠭᠡᠮ ᠤᠨ ᠠᠪᠤᠷᠠᠨ ᠲᠤᠰᠠᠯᠠᠭᠴᠢ ᠶᠢᠨ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠨᠡᠮᠡᠭᠳᠡᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ ᠶᠢ ᠬᠢᠨᠠᠨ ᠵᠥᠪᠰᠢᠶᠡᠷᠡᠬᠦ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃      ᠳᠠᠷᠠᠭ᠎ᠠ ᠠᠯᠬᠤᠮ ᠳᠤ ᠴᠢᠩᠱᠠᠨ ᠲᠣᠭᠤᠷᠢᠭ ᠤᠨ ᠶᠡᠭᠡ ᠠᠪᠤᠷᠠᠨ ᠲᠤᠰᠠᠯᠠᠬᠤ  ᠪᠠᠶᠢᠷᠢᠰᠢᠯ ᠢ ᠪᠠᠶᠢᠭᠤᠯᠤᠨ᠎ᠠ᠃ ᠪᠦᠬᠦ ᠤᠯᠤᠰ ᠤᠨ ᠦᠢᠯᠡᠴᠢᠯᠡᠭᠡᠨ ᠤ ᠲᠥᠷᠥᠯ ᠤᠨ ᠨᠡᠶᠢᠭᠡᠮ ᠤᠨ ᠠᠪᠤᠷᠠᠨ ᠲᠤᠰᠠᠯᠠᠬᠤ ᠲᠤᠷᠰᠢᠯᠲᠠ ᠶᠢᠨ  ᠴᠡᠭ ᠤᠨ ᠲᠥᠷᠥᠯ ᠵᠦᠢᠯ ᠳᠤ ᠲᠦᠰᠢᠭᠯᠡᠨ᠂ ᠲᠤᠭᠤᠷᠢᠭ ᠤᠨ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠵᠤ᠂ ᠳᠡᠰ ᠲᠥᠷᠥᠯ ᠬᠤᠪᠢᠶᠠᠨ ᠠᠪᠤᠷᠠᠨ ᠲᠤᠰᠠᠯᠠᠬᠤ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ ᠶᠢ ᠳᠠᠩ ᠭᠠᠭᠴᠠ ᠪᠣᠳᠠᠰ ᠢᠶᠠᠷ ᠠᠪᠤᠷᠠᠨ ᠲᠤᠰᠠᠯᠠᠵᠤ ᠪᠠᠶᠢᠭᠰᠠᠨ ᠠᠴᠠ ︽ᠢᠨᠲ᠋ᠧᠷ ᠰᠦᠯᠵᠢᠶ᠎ᠡ + ᠪᠣᠳᠠᠰ + ᠦᠢᠯᠡᠴᠢᠯᠡᠭᠡ︾ ᠶᠢᠨ ᠶᠡᠷᠦᠩᠬᠡᠶᠢᠯᠡᠭᠰᠡᠨ ᠠᠪᠤᠷᠠᠨ ᠲᠤᠰᠠᠯᠠᠬᠤ ᠵᠠᠭᠪᠤᠷ ᠲᠡᠰᠢ ᠬᠤᠪᠢᠷᠠᠭᠤᠯᠬᠤ ᠶᠢ ᠪᠡᠶᠡᠯᠡᠭᠦᠯᠦᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号