ᠠᠵᠢᠯ ᠤᠨ ᠵᠠᠭᠪᠤᠷ ᠢ ᠦᠷᠭᠦᠯᠵᠢᠯᠡᠨ ᠰᠢᠨᠡᠴᠢᠯᠡᠵᠦ  ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠲᠡ ᠶᠢ ᠵᠤᠬᠢᠴᠠᠭᠤᠯᠤᠨ ᠬᠢᠨᠠᠯᠲᠠ ᠲᠠᠯᠪᠢᠬᠤ ᠶᠢ ᠪᠤᠳᠠᠲᠠᠶᠢᠵᠢᠭᠤᠯᠤᠨ ᠭᠦᠨᠵᠡᠭᠡᠶᠢᠷᠡᠭᠦᠯᠦᠨ᠎ᠡ
ᠨᠡᠶᠢᠲᠡᠯᠡᠭᠰᠡᠨ ᠴᠠᠭ᠄
2024/12/18
      ᠤᠢᠢᠷ᠎ᠠ ᠶᠢᠨ ᠵᠢᠯ ᠠᠴᠠ᠂ ᠴᠢᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠤᠪᠴᠢᠶ᠎ᠠ ᠬᠠᠤᠯᠢᠵᠢᠯ ᠤᠨ ᠪᠠᠶᠢᠭᠤᠯᠤᠯᠲᠠ ᠶᠢᠨ ᠭᠤᠣᠯ ᠬᠠᠷᠠᠯᠲᠠ ᠶᠢᠨ ᠲᠣᠭᠤᠷᠢᠨ ᠳᠤ᠂ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠪᠠᠷᠢᠮᠲᠠᠯᠠᠵᠤ᠂ ᠬᠢᠨᠠᠯᠲᠠ ᠲᠠᠯᠪᠢᠬᠤ ᠦᠷ᠎ᠡ ᠪᠦᠲᠦᠮᠵᠢ ᠶᠢ ᠭᠦᠨᠵᠡᠭᠡᠢ ᠠᠭᠤᠳᠠᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ᠂ ᠭᠦᠨᠵᠡᠭᠡᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠣᠷᠣᠨ ᠪᠦᠰᠡ ᠶᠢᠨ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠰᠠᠭᠤᠷᠢ ᠶᠢ ᠪᠠᠬᠢᠵᠢᠭᠦᠯᠵᠦ᠂ ᠬᠦᠴᠦᠷᠬᠡᠭ ᠶᠡᠭᠡ ᠬᠠᠤᠯᠢᠵᠢᠯ ᠤᠨ ᠬᠥᠳᠡᠯᠭᠡᠬᠦ ᠬᠦᠴᠦᠨ ᠢ ᠨᠡᠮᠡᠷᠢᠯᠡᠵᠡᠢ᠃      ᠨᠢᠭᠡ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠣᠯᠪᠠᠰᠤᠷᠠᠭᠤᠯᠤᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢᠨ ᠬᠢᠷᠢ ᠬᠡᠮᠵᠢᠶ᠎ᠡ ᠪᠠᠨ ᠯᠠᠪᠳᠠᠭᠤᠨ ᠪᠠᠲᠤᠲᠠᠶ ᠳᠡᠭᠡᠭᠰᠢᠯᠡᠭᠦᠯᠦᠨ᠎ᠡ      ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ︽ᠲᠤᠷᠰᠢᠯᠭᠠᠲᠤ ᠬᠡᠯᠪᠡᠷᠢ ᠪᠠᠷ ᠬᠠᠤᠯᠢ ᠬᠡᠷᠡᠭᠵᠢᠭᠦᠯᠬᠦ︾᠂ ︽ᠪᠣᠳᠠᠲᠤ ᠴᠣᠭᠴᠠ ᠶᠢ ᠴᠢᠬᠤᠯᠠᠴᠢᠯᠠᠬᠤ᠂ ᠲᠠᠰ ᠳᠠᠷᠠᠭᠠᠯᠠᠯ ᠢ ᠬᠥᠩᠭᠡᠪᠴᠢᠯᠡᠬᠦ︾᠂ ︽ᠮᠠᠰᠢᠨᠴᠢᠯᠠᠯᠲᠠ ᠪᠠᠷ ᠬᠠᠤᠯᠢ ᠬᠡᠷᠡᠭᠵᠢᠭᠦᠯᠬᠦ︾ ᠵᠡᠷᠭᠡ ᠠᠰᠠᠭᠤᠳᠠᠯ ᠳᠤ ᠵᠠᠰᠠᠭ ᠵᠠᠬᠢᠷᠭᠠᠨ ᠤ ᠬᠢᠨᠠᠯᠲᠠ ᠲᠠᠯᠪᠢᠵᠤ ᠵᠣᠬᠢᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠣᠨᠣᠯ ᠤᠨ ᠪᠣᠯᠪᠠᠰᠤᠷᠠᠭᠤᠯᠤᠯ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠣᠯᠠᠨ ᠲᠠᠯ᠎ᠠ ᠠᠴᠠ ᠭᠠᠷᠳᠠᠨ ᠬᠢᠵᠦ᠂ ᠲᠠᠶᠢᠯᠤᠮᠵᠢ ᠬᠢᠬᠦ᠂ ᠰᠤᠳᠤᠯᠤᠨ ᠶᠠᠷᠢᠯᠴᠠᠬᠤ ᠵᠡᠷᠭᠡ ᠣᠯᠠᠨ ᠬᠡᠯᠪᠡᠷᠢ ᠪᠠᠷ ᠬᠠᠤᠯᠢ ᠬᠡᠷᠡᠭᠵᠢᠭᠦᠯᠬᠦ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠨᠢᠭᠡ ᠳᠤ᠂ ᠬᠠᠤᠯᠢ ᠴᠠᠭᠠᠵᠠ ᠶᠢᠨ ᠤᠨᠤᠯ ᠤᠨ ᠪᠣᠯᠪᠠᠰᠤᠷᠠᠭᠤᠯᠤᠯ ᠢ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ᠂ ᠪᠤᠭᠤᠲᠤ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠯᠧᠺᠲ᠋ᠣᠷ ᠢ ᠤᠷᠢᠵᠤ ᠬᠠᠤᠯᠢ ᠬᠡᠷᠡᠭᠵᠢᠭᠦᠯᠬᠦ ᠶᠠᠪᠤᠴᠠ ᠳᠤ ᠡᠵᠡᠮᠰᠢᠬᠦ ᠴᠢᠬᠤᠯᠠᠲᠠᠶ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠤᠷᠢᠨ ᠳᠤ ᠬᠠᠤᠯᠢ ᠴᠠᠭᠠᠵᠠ ᠶᠢᠨ ᠣᠨᠣᠯ ᠤᠨ ᠮᠡᠳᠡᠯᠭᠡ ᠶᠢᠨ ᠪᠣᠯᠪᠠᠰᠤᠷᠠᠭᠤᠯᠤᠯ ᠦᠷᠨᠢᠭᠦᠯᠵᠡᠢ᠃ ᠬᠤᠶᠠᠷ ᠲᠤ ᠲᠤᠬᠠᠶᠢᠯᠠᠭᠰᠠᠨ ᠠᠵᠢᠯ ᠤᠨ ᠲᠤᠰᠬᠠᠶ ᠪᠣᠯᠪᠠᠰᠤᠷᠠᠭᠤᠯᠤᠯ ᠢ  ᠴᠢᠩᠭᠠᠳᠬᠠᠨ᠎ᠠ᠃ ᠵᠠᠰᠠᠭ ᠵᠠᠬᠢᠷᠭᠠᠨ ᠤ ᠳᠡᠬᠢᠨ ᠵᠦᠪᠯᠡᠬᠦ ᠠᠵᠢᠯᠳᠡᠨ ᠢ ᠵᠤᠬᠢᠶᠡᠨ ᠪᠠᠶᠢᠭᠤᠯᠥᠨ ᠳᠡᠬᠢᠨ ᠵᠦᠪᠯᠡᠵᠦ ᠠᠯᠳᠠᠭ᠎ᠠ ᠶᠢ ᠵᠠᠯᠠᠷᠡᠭᠤᠯᠥᠠᠠᠰᠠᠨ ᠭᠡᠷᠩ ᠢ ᠪᠠᠶᠢᠨ ᠲᠠᠬᠢᠨ ᠳᠡᠪᠳᠡᠷᠵᠢᠬᠦᠯᠬᠦ ᠭᠤᠤᠯᠳᠡᠯᠭ᠎ᠠ ᠲᠠᠢ ᠬᠦᠷᠢᠶ᠎ᠠ ᠴᠡᠷᠠᠭ᠎ᠠ ᠳᠤ ᠲᠣᠰᠬᠠᠢ ᠰᠡᠳᠣᠪᠳᠣ ᠪᠤᠯᠪᠠᠰᠣᠷᠡᠭᠤᠯᠥᠯ ᠢ ᠦᠷᠨᠢᠬᠦᠯᠬᠦ ᠶᠢᠨ ᠬᠠᠮᠳᠣ᠂ ᠵᠠᠰᠠᠭ ᠤᠨ ᠣᠷᠳᠣᠨ ᠤ ᠬᠠᠦᠯᠢ ᠴᠠᠭᠠᠵᠠ ᠶᠢᠨ ᠵᠦᠪᠯᠡᠭᠴᠢ ᠶᠢ ᠤᠷᠢᠵᠦ ᠬᠠᠦᠯᠢ ᠴᠠᠭᠠᠵᠠ ᠶᠢᠨ ᠪᠤᠳᠡᠳᠡᠢ ᠠᠵᠢᠯ ᠤᠨ ᠳᠡᠯ᠎ᠠ ᠪᠠᠷ ᠬᠠᠦᠯᠢ ᠭᠡᠷᠡᠭᠵᠢᠬᠦᠯᠥᠭᠰᠡᠨ ᠪᠤᠳᠡᠳᠡᠢ ᠠᠵᠢᠯ ᠤᠨ ᠪᠣᠯᠪᠠᠰᠣᠷᠡᠭᠤᠯᠥᠯ ᠢ ᠦᠷᠨᠢᠭᠦᠯᠪᠡ᠃ ᠭᠤᠷᠪᠠ ᠳᠤ᠂ ᠣᠯᠠᠨ ᠶᠠᠩᠵᠤ ᠶᠢᠨ ᠪᠣᠯᠪᠠᠰᠤᠷᠠᠭᠤᠯᠤᠯ ᠤᠨ ᠠᠷᠭ᠎ᠠ ᠮᠠᠶ᠋ᠢᠭ ᠢ ᠦᠷᠭᠡᠳᠭᠡᠨ᠎ᠡ᠃ ︽ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ︾᠂ ︽ᠲᠠᠶᠢᠯᠤᠮᠵᠢ + ᠰᠢᠯᠭᠠᠷᠠᠭᠤᠯᠤᠯᠲᠠ︾ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠤᠯᠢ ᠬᠡᠷᠡᠭᠵᠢᠭᠦᠯᠬᠦ ᠪᠣᠯᠪᠠᠰᠤᠷᠠᠭᠤᠯᠤᠯ ᠢ ᠣᠯᠠᠨ ᠶᠠᠩᠵᠤ ᠶᠢᠨ ᠥᠷᠨᠢᠭᠦᠯᠵᠦ᠂ ᠬᠠᠤᠯᠢ ᠬᠡᠷᠡᠭᠵᠢᠭᠦᠯᠬᠦ ᠡᠩᠨᠡᠭᠡ ᠶᠢᠨ ᠴᠢᠳᠠᠪᠤᠷᠢ ᠶᠢ ᠳᠡᠭᠡᠭᠰᠢᠯᠡᠭᠦᠯᠪᠡ᠃ ᠣᠳᠣᠬᠠᠨ ᠪᠣᠯᠲᠠᠯ᠎ᠠ᠂ ᠬᠠᠤᠯᠢ ᠬᠡᠷᠡᠭᠵᠢᠭᠦᠯᠬᠦ ᠬᠠᠮᠢᠶ᠎ᠠ ᠪᠥᠬᠦᠶ ᠪᠣᠯᠪᠠᠰᠤᠷᠠᠭᠤᠯᠤᠯ ᠢ 8 ᠲᠠᠯᠠᠪᠤᠷ ᠥᠷᠨᠢᠭᠦᠯᠵᠦ᠂ ᠪᠥᠬᠦ ᠲᠤᠭᠤᠷᠢᠭ ᠤᠨ 470 ᠭᠠᠷᠤᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ᠂ 24 ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠨᠠᠯᠲᠠ ᠲᠠᠯᠪᠢᠭᠴᠢ᠂ 100 ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠨᠡᠶᠢᠭᠡᠮ ᠤᠨ ᠬᠢᠨᠠᠯᠲᠠ ᠲᠠᠯᠪᠢᠭᠴᠢ ᠪᠣᠯᠪᠠᠰᠤᠷᠠᠭᠤᠯᠤᠯ ᠳᠤ ᠣᠷᠣᠯᠴᠠᠵᠠᠶ᠃      ᠬᠤᠶᠠᠷ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠡᠷᠴᠢᠮ ᠢ ᠦᠷᠭᠦᠯᠵᠢᠯᠡᠨ ᠳᠡᠭᠡᠭᠰᠢᠯᠡᠭᠦᠯᠵᠦ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠶᠠᠰᠤ ᠴᠢᠨᠠᠷ ᠦᠷ᠎ᠡ ᠪᠦᠲᠦᠮᠵᠢ ᠶᠢ ᠦᠨᠡᠨᠬᠦ ᠠᠬᠢᠭᠤᠯᠤᠨ᠎ᠠ      ︽ᠴᠢᠩᠱᠠᠨ ᠲᠣᠭᠤᠷᠢᠭ ᠤᠨ ︿ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ︵2023 - 2025 ᠣᠨ︶﹀ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ︾ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠪᠥᠬᠦ ᠲᠤᠭᠤᠷᠢᠭ ᠤᠨ ᠬᠠᠤᠯᠢ ᠬᠡᠷᠡᠭᠵᠢᠭᠦᠯᠬᠦ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠦᠨ᠎ᠡ᠃ ᠨᠢᠭᠡ ᠳᠤ᠂ ᠬᠢᠨᠠᠯᠲᠠ ᠲᠠᠯᠪᠢᠬᠤ ᠲᠤᠰᠬᠠᠶᠢᠵᠢᠭᠰᠠᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠪᠡ᠃ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ᠂ ᠪᠠᠶᠢᠴᠠᠭᠠᠬᠤ ᠬᠤᠷᠢᠶ᠎ᠠ᠂ ᠲᠠᠩᠰᠠ ᠡᠪᠬᠡᠮᠡᠯ ᠤᠨ ᠣᠷᠳᠣᠨ ᠲᠠᠢ ᠬᠠᠮᠲᠤᠷᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠨᠢᠭᠡᠴᠢ ᠳᠤ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠡᠶ᠎ᠡ ᠶᠢᠨ ᠪᠠᠶᠢᠴᠠᠭᠠᠯᠲᠠ︾ ᠥᠷᠨᠢᠭᠦᠯᠵᠦ᠂ ᠪᠠᠶᠢᠴᠠᠭᠠᠬᠤ ᠬᠢᠨᠠᠯᠲᠠ ᠲᠠᠯᠪᠢᠬᠤ᠂ ᠬᠠᠤᠯᠢ ᠴᠠᠭᠠᠵᠠ ᠶᠢᠨ ᠦᠢᠯᠡᠳᠦᠯᠭᠡ᠂ ᠵᠠᠰᠠᠭ ᠵᠠᠬᠢᠷᠭᠠᠨ ᠤ ᠵᠢᠷᠤᠮᠵᠢᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠡᠷᠭᠡ ᠣᠯᠠᠨ ᠲᠠᠯ᠎ᠠ ᠠᠴᠠ ᠬᠠᠤᠯᠢ ᠬᠡᠷᠡᠭᠵᠢᠭᠦᠯᠦᠭᠰᠡᠨ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠵᠤ᠂ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠲᠤᠰᠬᠠᠶᠢᠵᠢᠭᠰᠠᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠪᠡ᠃ ᠬᠤᠶᠠᠷ ᠲᠤ᠂ ︽ᠨᠢᠭᠡ ᠶᠢ ᠪᠠᠶᠢᠴᠠᠭᠠᠬᠤ᠂ ᠨᠢᠭᠡ ᠶᠢ ᠬᠠᠷᠢᠭᠤ ᠲᠤᠰᠬᠠᠬᠤ᠂ ᠨᠢᠭᠡ ᠶᠢ ᠴᠡᠭᠴᠡᠯᠡᠨ ᠰᠠᠶᠢᠵᠢᠷᠠᠭᠤᠯᠬᠤ︾ ᠶᠢ ᠪᠠᠷᠢᠮᠲᠠᠯᠠᠵᠤ᠂ ᠬᠠᠤᠯᠢ ᠬᠡᠷᠡᠭᠵᠢᠭᠦᠯᠬᠦ ᠲᠣᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ᠂ ᠬᠠᠤᠯᠢ ᠴᠠᠭᠠᠵᠠ ᠶᠢᠨ ᠮᠡᠳᠡᠯᠭᠡ ᠶᠢᠨ ᠪᠣᠯᠪᠠᠰᠤᠷᠠᠭᠤᠯᠤᠯ᠂ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠷᠪᠠᠨ ᠵᠦᠢᠯ ᠤᠨ ᠳᠦᠷᠢᠮ︾ ᠢ ᠨᠠᠶᠢᠳᠠᠪᠤᠷᠢᠵᠢᠭᠤᠯᠤᠭᠰᠠᠨ᠂ ᠪᠤᠭᠤᠲᠤ ᠬᠤᠲᠠ ᠶᠢᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠨᠢᠭᠡ ᠴᠣᠭᠴᠠᠵᠢᠭᠤᠯᠤᠭᠰᠠᠨ ᠲᠠᠪᠴᠠᠩ ᠤᠨ ᠬᠠᠤᠯᠢ ᠪᠠᠷ ᠵᠠᠰᠠᠬᠤ ᠲᠤᠭ᠎ᠠ ᠪᠠᠷᠢᠮᠲᠠ ᠶᠢᠨ ᠲᠡᠮᠳᠡᠭᠯᠡᠯ ᠵᠡᠷᠭᠡ ᠪᠠᠶᠢᠳᠠᠯ ᠢ ᠪᠥᠬᠦ ᠲᠠᠯ᠎ᠠ ᠪᠠᠷ ᠪᠠᠶᠢᠴᠠᠭᠠᠵᠤ᠂ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠰᠠᠨᠠᠭᠤᠯᠭ᠎ᠠ ᠶᠢᠨ ᠪᠢᠴᠢᠭ︾ ᠢ ᠪᠣᠶ ᠪᠣᠯᠭᠠᠬᠤ ᠶᠢᠨ ᠬᠠᠮᠲᠤ ᠴᠡᠭ ᠲᠣᠭᠲᠠᠭᠠᠨ ᠬᠠᠷᠢᠭᠤ ᠲᠤᠰᠬᠠᠵᠤ᠂ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠮᠥᠷᠳᠡᠨ ᠪᠠᠶᠢᠴᠠᠭᠠᠵᠤ᠂ ᠦᠨᠡᠯᠡᠨ ᠪᠠᠶᠢᠴᠠᠭᠠᠬᠤ ᠶᠠᠰᠤ ᠴᠢᠨᠠᠷ ᠦᠷ᠎ᠡ ᠪᠦᠲᠦᠮᠵᠢ ᠶᠢ ᠦᠨᠡᠨᠬᠦ ᠪᠠᠲᠤᠯᠠᠪᠠ᠃ ᠭᠤᠷᠪᠠ ᠳᠤ᠂ ᠪᠦᠬᠦ ᠲᠠᠯ᠎ᠠ ᠪᠠᠷ ᠬᠢᠨᠠᠯᠲᠠ ᠲᠠᠯᠪᠢᠬᠤ ᠪᠠ ᠰᠤᠭᠤᠴᠢᠨ ᠪᠠᠶᠢᠴᠠᠭᠠᠬᠤ ᠶᠢ ᠤᠶᠠᠯᠳᠤᠭᠤᠯᠬᠤ ᠶᠢ ᠪᠠᠷᠢᠮᠲᠠᠯᠠᠪᠠ᠃ ᠵᠢᠯ ᠪᠦᠷᠢ ᠪᠦᠬᠦ ᠲᠠᠯ᠎ᠠ ᠪᠠᠷ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠶᠢ 2 ᠤᠳᠠᠭ᠎ᠠ ᠠᠴᠠ ᠳᠣᠣᠷ᠎ᠠ ᠦᠭᠡᠢ ᠥᠷᠨᠢᠭᠦᠯᠵᠦ᠂ ᠬᠠᠤᠯᠢ ᠬᠡᠷᠡᠭᠵᠢᠭᠦᠯᠬᠦ 2 ᠨᠢᠭᠡᠴᠡ ᠳᠤ ᠰᠤᠭᠤᠴᠢᠨ ᠪᠠᠶᠢᠴᠠᠭᠠᠯᠲᠠ ᠬᠢᠵᠦ᠂ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠶᠢ ᠨᠡᠶᠢᠳᠡᠮ ᠪᠦᠷᠬᠦᠭᠦᠯᠵᠦ᠂ ᠥᠨᠴᠥᠭ ᠪᠤᠯᠤᠩ ᠦᠭᠡᠢ ᠪᠠᠶᠢᠯᠭᠠᠬᠤ ᠶᠢ ᠦᠨᠡᠨᠬᠦ ᠪᠠᠲᠤᠯᠠᠪᠠ᠃      ᠭᠤᠷᠪᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠷᠭ᠎ᠠ ᠮᠠᠶ᠋ᠢᠭ ᠢ ᠦᠷᠭᠦᠯᠵᠢᠯᠡᠨ ᠭᠦᠨᠵᠡᠭᠡᠶᠢᠷᠡᠭᠦᠯᠵᠦ ᠬᠠᠤᠯᠢ ᠬᠡᠷᠡᠭᠵᠢᠭᠦᠯᠬᠦ ᠪᠦᠬᠦᠯᠢ ᠴᠣᠭᠴᠠ ᠶᠢᠨ ᠦᠢᠯᠡᠳᠦᠯ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠎ᠡ      ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠵᠤ᠂ ᠬᠠᠤᠯᠢ ᠬᠡᠷᠡᠭᠵᠢᠭᠦᠯᠬᠦ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠲᠦᠯᠬᠢᠨ ᠠᠬᠢᠭᠤᠯᠤᠨ᠎ᠠ᠃ ᠨᠢᠭᠡ ᠳᠤ᠂ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠪᠦᠬᠦᠨ ᠢ ᠬᠠᠮᠤᠷᠬᠤ ᠶᠢ ᠠᠬᠢᠭᠤᠯᠪᠠ᠃ ︽ᠴᠢᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠷᠭ᠎ᠠ︾ ᠶᠢ ᠲᠣᠭᠲᠠᠭᠠᠵᠤ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠬᠦᠷᠢᠶ᠎ᠡ ᠬᠡᠪᠴᠢᠶ᠎ᠡ᠂ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠪᠠ᠃ ᠴᠢᠩ ᠹᠦ᠋ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ ᠪᠣᠯᠤᠨ ᠰᠢᠩ ᠱᠧᠩ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ ᠲᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠤᠷᠰᠢᠯᠲᠠ ᠶᠢᠨ ᠴᠡᠭ ᠢ ᠪᠠᠶᠢᠭᠤᠯᠤᠭᠰᠠᠨ ᠰᠠᠭᠤᠷᠢᠨ ᠳᠡᠭᠡᠷ᠎ᠡ᠂ ᠪᠤᠰᠤᠳ 8 ᠬᠠᠤᠯᠢ ᠴᠠᠭᠠᠵᠠ ᠶᠢᠨ ᠭᠠᠵᠠᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠵᠡᠷᠭᠡᠪᠡᠷ ᠠᠬᠢᠭᠤᠯᠪᠠ᠃ ᠬᠤᠶᠠᠷ ᠲᠤ᠂ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠪᠦᠷᠢᠯᠳᠦᠭᠦᠯᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠰᠣᠨᠢᠨ ᠮᠡᠳᠡᠭᠡᠨ ᠤ ᠠᠵᠢᠯᠲᠠᠨ᠂ ᠲᠤᠰᠬᠠᠶ ᠮᠡᠷᠭᠡᠵᠢᠯᠲᠡᠨ ᠡᠷᠳᠡᠮᠲᠡᠨ᠂ ᠬᠠᠤᠯᠢ ᠴᠠᠭᠠᠵᠠ ᠶᠢᠨ ᠠᠵᠢᠯᠲᠠᠨ᠂ ᠨᠡᠶᠢᠲᠡ ᠶᠢᠨ ᠠᠰᠠᠷᠠᠮᠵᠢ ᠶᠢᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ᠂ ᠠᠵᠤ ᠠᠬᠤᠶᠢᠯᠠᠯᠲᠠᠨ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠶᠢ ᠤᠷᠢᠵᠤ ᠣᠨᠴᠠ ᠤᠷᠢᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠨᠠᠯᠲᠠ ᠲᠠᠯᠪᠢᠭᠴᠢ ᠪᠣᠯᠭᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠠᠵᠢᠯᠯᠠᠭ᠎ᠠ ᠳᠤ ᠣᠷᠣᠯᠴᠠᠨ᠂ ᠨᠡᠶᠢᠭᠡᠮ ᠤᠨ ᠬᠢᠨᠠᠯᠲᠠ ᠶᠢ ᠴᠢᠩᠭᠠᠳᠬᠠᠪᠠ᠃ ᠭᠤᠷᠪᠠ ᠳᠤ᠂ ︽ᠳᠠᠭᠠᠯᠲᠠ ᠮᠠᠶ᠋ᠢᠭ︾ ᠤᠨ ᠬᠠᠤᠯᠢ ᠬᠡᠷᠡᠭᠵᠢᠭᠦᠯᠬᠦ ᠰᠢᠨ᠎ᠡ ᠵᠠᠭᠪᠤᠷ ᠢ ᠬᠠᠶᠢᠨ ᠰᠦᠪᠡᠭᠴᠢᠯᠡᠪᠡ᠃ ᠲᠤᠷᠰᠢᠯᠲᠠ ᠶᠢᠨ ᠴᠡᠭ ᠤᠨ ᠬᠠᠤᠯᠢ ᠴᠠᠭᠠᠵᠠ ᠶᠢᠨ ᠭᠠᠵᠠᠷ ᠤᠨ ᠠᠵᠢᠯᠲᠠᠨ ᠢ ᠰᠣᠩᠭᠤᠨ ᠲᠣᠮᠢᠯᠠᠵᠤ ᠬᠠᠷᠢᠶᠠᠲᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ᠂ ᠲᠣᠮᠢᠯᠠᠭᠰᠠᠨ ᠰᠠᠯᠪᠤᠷᠢ ᠵᠡᠷᠭᠡ ᠬᠠᠤᠯᠢ ᠬᠡᠷᠡᠭᠵᠢᠭᠦᠯᠬᠦ ᠪᠥᠬᠦ ᠶᠠᠪᠤᠴᠠ ᠳᠤ ᠣᠷᠣᠯᠴᠠᠭᠤᠯᠵᠤ᠂ ᠬᠠᠤᠯᠢ ᠬᠡᠷᠡᠭᠵᠢᠭᠦᠯᠬᠦ ᠶᠠᠪᠤᠴᠠ ᠳᠠᠬᠢ ︽ᠭᠡᠷᠡᠴᠢ ᠭᠠᠷᠭᠠᠵᠤ ᠬᠠᠤᠯᠢ ᠬᠡᠷᠡᠭᠵᠢᠭᠦᠯᠬᠦ︾᠂ ︽ᠪᠥᠬᠦ ᠶᠠᠪᠤᠴᠠ ᠶᠢᠨ ᠲᠡᠮᠳᠡᠭᠯᠡᠯ︾᠂ ︽ᠬᠤᠪᠴᠠᠰᠤᠯᠠᠯ ᠢ ᠵᠢᠷᠤᠮᠵᠢᠭᠤᠯᠬᠤ᠂ ᠲᠡᠮᠳᠡᠭ ᠵᠡᠭᠦᠬᠦ︾ ᠵᠡᠷᠭᠡ ᠬᠠᠤᠯᠢ ᠬᠡᠷᠡᠭᠵᠢᠭᠦᠯᠬᠦ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠭᠤᠤᠯᠳᠠᠯᠭ᠎ᠠ ᠲᠠᠢ ᠬᠢᠨᠠᠯᠲᠠ ᠲᠠᠯᠪᠢᠵᠤ᠂ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠢᠮᠳᠠᠭᠤᠯᠪᠠ᠃      ᠳᠥᠷᠪᠡ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠬᠡᠷᠡᠭ ᠢ ᠵᠠᠳᠠᠯᠬᠤ ᠶᠢ ᠦᠷᠭᠦᠯᠵᠢᠯᠡᠨ ᠴᠢᠩᠭᠠᠳᠬᠠᠵᠤ ᠣᠨᠴᠠᠭᠠᠶ ᠬᠡᠷᠡᠭ ᠲᠤ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ      ᠠᠵᠢᠯ ᠤᠨ ᠰᠢᠨ᠎ᠡ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠲᠠᠰᠤᠷᠠᠯᠲᠠ ᠦᠭᠡᠢ ᠲᠦᠯᠬᠢᠨ ᠠᠬᠢᠭᠤᠯᠵᠤ᠂ ᠡᠯ᠎ᠡ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠤᠯᠢ ᠶᠢ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠡᠷᠡᠭᠵᠢᠭᠦᠯᠬᠦ ᠶᠢ ᠦᠨᠡᠨᠬᠦ ᠲᠦᠯᠬᠢᠨ ᠠᠬᠢᠭᠤᠯᠤᠨ᠎ᠠ᠃ ᠨᠢᠭᠡ ᠳᠤ ᠬᠡᠷᠡᠭ ᠤᠨ ᠲᠤᠭ᠎ᠠ ᠪᠠᠷᠢᠮᠲᠠ ᠶᠢ ᠬᠡᠷᠡᠭᠯᠡᠨ ᠬᠢᠨᠠᠨ ᠬᠡᠮᠵᠢᠵᠦ ᠵᠠᠳᠠᠯᠤᠯᠲᠠ ᠬᠢᠵᠦ᠂ ᠠᠰᠠᠭᠤᠳᠠᠯ ᠣᠯᠠᠨ ᠡᠭᠦᠰᠬᠦ ᠬᠦᠷᠢᠶ᠎ᠡ ᠴᠠᠷᠠᠭ᠎ᠠ᠂ ᠭᠤᠭᠴᠤᠭ᠎ᠠ ᠪᠠ ᠲᠣᠪᠤᠶᠢᠮ᠎ᠠ ᠠᠰᠠᠭᠤᠳᠠᠯ ᠢ ᠨᠠᠷᠢᠯᠢᠭ ᠣᠨᠣᠴᠠᠲᠠᠶ ᠪᠠᠷ ᠢᠯᠡᠷᠡᠭᠦᠯᠵᠦ᠂ ᠬᠢᠨᠠᠯᠲᠠ ᠲᠠᠯᠪᠢᠵᠤ ᠪᠠᠶᠢᠴᠠᠭᠠᠬᠤ ᠶᠢᠨ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠲᠦᠮᠵᠢᠲᠦ ᠴᠢᠨᠠᠷ ᠢ ᠳᠡᠭᠡᠭᠰᠢᠯᠡᠭᠦᠯᠦᠨ᠂ ᠮᠠᠷᠭᠤᠯᠳᠤᠭᠠᠨ ᠢ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠪᠠ᠃ ᠡᠭᠦᠨ ᠤ ᠬᠠᠮᠲᠤ᠂ ᠲᠤᠭ᠎ᠠ ᠪᠠᠷᠢᠮᠲᠠ ᠶᠢᠨ ᠵᠠᠳᠠᠯᠤᠯᠲᠠ ᠶᠢ ᠦᠨᠳᠦᠰᠦᠯᠡᠨ᠂ ᠵᠠᠯᠠᠷᠠᠭᠤᠯᠬᠤ ᠨᠣᠷᠮ᠎ᠠ ᠨᠡᠯᠢᠶᠡᠳ ᠥᠨᠳᠥᠷ ᠵᠠᠬ᠎ᠠ ᠳᠡᠯᠭᠡᠭᠦᠷ ᠤᠨ ᠬᠢᠨᠠᠯᠲᠠ ᠲᠠᠯᠪᠢᠯᠲᠠ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠬᠦᠷᠢᠶᠡᠨ ᠳᠤ ᠴᠢᠭᠯᠡᠭᠦᠯᠦᠨ᠂ ᠲᠤᠰᠬᠠᠶ ᠵᠦᠢᠯ ᠤᠨ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠯᠲᠠ ᠪᠠ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠪᠡ᠃ ᠬᠤᠶᠠᠷ ᠲᠤ᠂ ᠪᠤᠷᠤᠭᠤ ᠬᠡᠷᠡᠭ ᠢ ᠵᠠᠳᠠᠯᠤᠨ ᠬᠠᠷᠢᠭᠤ ᠲᠤᠰᠬᠠᠬᠤ ᠶᠢ ᠪᠠᠷᠢᠮᠲᠠᠯᠠᠵᠤ᠂ ᠬᠠᠤᠯᠢ ᠬᠡᠷᠡᠭᠵᠢᠭᠦᠯᠬᠦ ᠬᠦᠷᠢᠶᠡᠨ ᠳᠠᠬᠢ ᠴᠤᠬᠤᠶᠢᠯᠲᠠ ᠶᠢᠨ ᠴᠢᠨᠠᠷᠲᠠᠶ᠂ ᠬᠡᠯᠪᠡᠷᠢᠯ ᠤᠨ ᠴᠢᠨᠠᠷᠲᠠᠶ ᠠᠰᠠᠭᠤᠳᠠᠯ ᠢ ᠴᠠᠭ ᠲᠤᠬᠠᠶ ᠳᠤᠨᠢ ᠵᠠᠯᠠᠷᠠᠭᠤᠯᠪᠠ᠃ ᠬᠡᠷᠡᠭ ᠤᠨ ᠳᠤᠮᠳᠠ ᠲᠤᠰᠬᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠰᠠᠭᠤᠳᠠᠯ ᠳᠤ ᠴᠢᠭᠯᠡᠭᠦᠯᠦᠨ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠰᠠᠨᠠᠯ ᠤᠨ ᠪᠢᠴᠢᠭ᠂ ᠰᠠᠨᠠᠭᠤᠯᠭ᠎ᠠ ᠶᠢᠨ ᠪᠢᠴᠢᠭ ᠢ ᠴᠠᠭ ᠲᠤᠬᠠᠶ ᠳᠤᠨᠢ ᠲᠣᠭᠲᠠᠭᠠᠨ ᠲᠠᠷᠬᠠᠭᠠᠵᠤ᠂ ᠣᠲᠣ ᠪᠣᠯᠲᠠᠯ᠎ᠠ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠰᠠᠨᠠᠭᠤᠯᠭ᠎ᠠ ᠶᠢᠨ ᠪᠢᠴᠢᠭ 28᠂ ᠵᠠᠰᠠᠭ ᠵᠠᠬᠢᠷᠭᠠᠨ ᠤ ᠳᠠᠬᠢᠨ ᠵᠥᠪᠯᠡᠬᠦ ᠰᠠᠨᠠᠯ ᠤᠨ ᠪᠢᠴᠢᠭ ᠢ 8 ᠬᠤᠪᠢ ᠳᠠᠷᠤᠮᠠᠯᠯᠠᠨ ᠲᠠᠷᠬᠠᠭᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号