1—11 ᠳ᠋ᠦ᠋ᠭᠡᠷ ᠰᠠᠷ᠎ᠠ ᠳᠤ ᠴᠢᠩᠱᠠᠨ ᠲᠣᠭᠤᠷᠢᠭ ᠤᠨ ᠠᠵᠤ ᠠᠬᠤᠢ ᠲᠣᠭᠲᠠᠭᠤᠨ ᠪᠠᠶᠢᠬᠤ ᠶᠢᠨ ᠵᠡᠷᠭᠡ ᠳᠤ ᠣᠶᠢᠷᠠᠳᠬᠤ ᠪᠠᠶᠢᠳᠠᠯ ᠲᠠᠢ ᠪᠣᠯᠪᠠ
ᠨᠡᠶᠢᠲᠡᠯᠡᠭᠰᠡᠨ ᠴᠠᠭ᠄
2024/12/19
      1—11 ᠳ᠋ᠦ᠋ᠭᠡᠷ ᠰᠠᠷ᠎ᠠ ᠳᠤ᠂ ᠴᠢᠩᠱᠠᠨ ᠲᠣᠭᠤᠷᠢᠭ ᠤᠨ ᠳᠡᠭᠡᠳᠦ ᠲᠤᠤᠷᠠᠳᠤ ᠱᠠᠳᠤ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ᠂ ᠠᠵᠤ ᠠᠬᠤᠢ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠵᠤ ᠦᠢᠯᠡᠰ ᠤᠨ ᠲᠡᠰ ᠳᠡᠪᠰᠢᠭᠦᠯᠵᠦ ᠦᠷᠭᠦᠯᠵᠢᠯᠡᠨ ᠬᠦᠴᠦᠯᠡᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠬᠥᠳᠡᠯᠭᠡᠬᠦ ᠬᠦᠴᠦᠨ ᠬᠤᠷᠠᠮᠳᠤᠭᠤᠯᠪᠠ᠃ 11 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 17% ᠨᠡᠮᠡᠭᠳᠡᠵᠦ᠂ ᠲᠣᠰ ᠲᠣᠰ ᠠᠳᠠᠯᠢ ᠬᠤᠭᠤᠴᠠᠭᠠᠨ ᠤ ᠬᠢ ᠠᠴᠠ 9.2 ᠪᠠ 0.2 ᠵᠠᠭᠤᠨ ᠤ ᠨᠢᠭᠡᠴᠢ ᠲᠦᠷᠭᠡᠳᠴᠦ᠂ 10 ᠰᠠᠷ᠎ᠠ ᠳᠠᠷᠠᠭᠠᠯᠠᠨ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠢ ᠪᠡᠶᠡᠯᠡᠭᠦᠯᠪᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 27.4% ᠨᠡᠮᠡᠭᠳᠡᠵᠦ᠂ ᠲᠣᠰ ᠲᠣᠰ ᠠᠳᠠᠯᠢ ᠬᠤᠭᠤᠴᠠᠭᠠᠨ ᠤ ᠬᠢ ᠠᠴᠠ 14.8 ᠪᠠ 10.8 ᠵᠠᠭᠤᠨ ᠤ ᠴᠡᠭ ᠲᠦᠷᠭᠡᠳᠬᠡᠵᠦ᠂ ᠦᠷᠭᠦᠯᠵᠢᠯᠡᠨ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠢ ᠪᠠᠲᠤᠯᠠᠪᠠ᠃ ᠡᠭᠦᠨ ᠳᠤ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ 45%᠎ ᠳᠤ ᠬᠦᠷᠴᠦ᠂ ᠪᠦᠬᠦ ᠪᠡᠯᠡ ᠣᠷᠣᠭᠤᠯᠤᠯᠲᠠ ᠠᠴᠠ 17.6 ᠵᠠᠭᠤᠨ ᠤ ᠨᠢᠭᠡᠴᠢ ᠲᠦᠷᠭᠡᠨ ᠪᠣᠯᠪᠠ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 287.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.3%᠎ ᠪᠠᠷ ᠨᠡᠮᠡᠭᠳᠡᠨ᠂ ᠨᠡᠶᠢᠲᠡ 9 ᠰᠠᠷ᠎ᠠ ᠳᠤ ᠪᠥᠬᠦ ᠬᠤᠲᠠ ᠶᠢᠨ ᠲᠡᠷᠢᠭᠦᠨ ᠳᠤ ᠣᠷᠣᠪᠠ᠃ ᠡᠭᠦᠨ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠳᠤ ᠰᠠᠭᠤᠬᠤ ᠠᠵᠤ ᠠᠬᠤᠶᠢᠯᠠᠯ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 3.3%᠎ ᠪᠠᠷ ᠨᠡᠮᠡᠭᠳᠡᠪᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号