ᠰᠢᠨᠵᠢᠯᠡᠬᠦ ᠤᠬᠠᠭᠠᠨᠴᠢ ᠵᠠᠮ ᠤᠨ ᠵᠡᠭᠡᠯᠢ ᠭᠤᠳᠤᠮᠵᠢ ︽ᠳᠥᠷᠪᠡᠨ ᠲᠣᠭᠤᠷᠢᠭ ᠢ ᠬᠠᠮᠲᠤᠪᠠᠷ ᠠᠭᠤᠰᠤᠯᠴᠠᠭᠤᠯᠵᠤ᠂ ᠢᠲᠡᠭᠡᠮᠵᠢ ᠶᠢ ᠲᠣᠭᠲᠠᠭᠤᠨ ᠪᠠᠶᠢᠯᠭᠠᠬᠤ︾ ᠠᠵᠢᠯᠯᠠᠭ᠎ᠠ —— ᠴᠢᠩᠱᠠᠨ ᠲᠣᠭᠤᠷᠢᠭ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ︽ᠵᠠᠰᠠᠭ ᠪᠠᠩᠬᠢ ᠠᠵᠤ ᠠᠬᠤᠶᠢᠯᠠᠯ︾ ᠤᠨ ᠬᠠᠮᠲᠤᠷᠠᠯᠴᠠᠭᠠᠨ ᠤ ᠦᠢᠯᠡᠴᠢᠯᠡᠭᠡᠨ ᠤ ᠰᠠᠨᠠᠮᠵᠢ ᠶᠢᠨ ᠪᠢᠴᠢᠭ ᠨᠡᠶᠢᠲᠡᠯᠡᠬᠦ ᠬᠤᠷᠠᠯ ᠵᠢᠴᠢ ᠳᠥᠷᠪᠡᠳᠦᠭᠡᠷ ᠤᠯᠠᠷᠢᠯ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ  ᠤᠨ ᠬᠠᠷᠢᠯᠴᠠᠨ ᠰᠤᠷᠤᠯᠴᠠᠵᠤ ᠬᠠᠷᠢᠯᠴᠠᠨ ᠲᠤᠯᠢ ᠪᠤᠯᠭᠠᠬᠤ ᠲᠤᠬᠠᠢ ᠶᠢᠨ ᠲᠠᠯᠠᠪᠠᠢ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/19
      ᠣᠶᠢᠷ᠎ᠠ ᠳᠤ᠂ ︽ᠳᠥᠷᠪᠡᠨ ᠲᠣᠭᠤᠷᠢᠭ ᠢ ᠬᠠᠮᠲᠤ ᠪᠠᠷ ᠠᠭᠤᠰᠤᠯᠴᠠᠭᠤᠯᠵᠤ᠂ ᠢᠲᠡᠭᠡᠮᠵᠢ ᠶᠢ ᠲᠣᠭᠲᠠᠭᠤᠨ ᠪᠠᠶᠢᠯᠭᠠᠬᠤ︾ ᠴᠢᠩᠱᠠᠨ ᠲᠣᠭᠤᠷᠢᠭ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠳᠤ ︽ᠵᠠᠰᠠᠭ ᠪᠠᠩᠬᠢ ᠠᠵᠤ ᠠᠬᠤᠶᠢᠯᠠᠯ︾ ᠤᠨ ᠬᠠᠮᠲᠤᠷᠠᠯᠴᠠᠭᠠᠨ ᠤ ᠦᠢᠯᠡᠴᠢᠯᠡᠭᠡᠨ ᠤ ᠰᠠᠨᠠᠮᠵᠢ ᠶᠢᠨ ᠪᠢᠴᠢᠭ ᠨᠡᠶᠢᠲᠡᠯᠡᠬᠦ ᠬᠤᠷᠠᠯ ᠵᠢᠴᠢ ᠳᠥᠷᠪᠡᠳᠦᠭᠡᠷ ᠤᠯᠠᠷᠢᠯ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠣᠯᠭᠠᠬᠤ ᠲᠤᠬᠠᠶ ᠶᠢᠨ ᠲᠠᠯᠠᠪᠤᠷ ᠤᠨ ᠬᠤᠷᠠᠯ ᠰᠢᠨᠵᠢᠯᠡᠬᠦ ᠤᠬᠠᠭᠠᠨᠴᠢ ᠵᠠᠮ ᠤᠨ ᠵᠡᠭᠡᠯᠢ ᠭᠤᠳᠤᠮᠵᠢ ᠳᠤ ᠶᠠᠪᠤᠭᠳᠠᠪᠠ᠃ ᠴᠢᠩᠱᠠᠨ ᠲᠣᠭᠤᠷᠢᠭ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠢ ᠵᠢᠴᠢ ᠡᠯ᠎ᠡ ᠵᠡᠭᠡᠯᠢ ᠪᠠᠯᠭᠠᠰᠤ ᠶᠢᠨ ᠤᠳᠤᠷᠢᠳᠤᠯᠭ᠎ᠠ᠂ ᠴᠢᠩᠱᠠᠨ ᠲᠣᠭᠤᠷᠢᠭ ᠤᠨ ᠬᠤᠶᠠᠳᠤᠭᠠᠷ ᠪᠦᠯᠦᠭ ᠤᠨ ᠦᠨᠡᠨᠴᠢ ᠢᠲᠡᠭᠡᠮᠵᠢ ᠶᠢᠨ ᠠᠵᠤ ᠠᠬᠤᠶᠢᠯᠠᠯ᠂ ᠬᠤᠳᠠᠯᠳᠤᠭᠠᠨ ᠤ ᠡᠷᠦᠬᠡ᠂ ᠦᠨᠡᠨᠴᠢ ᠢᠲᠡᠭᠡᠮᠵᠢ ᠶᠢᠨ ᠬᠤᠪᠢ ᠬᠥᠮᠦᠨ ᠵᠢᠴᠢ ᠬᠠᠷᠢᠶ᠎ᠠ ᠣᠷᠣᠨ ᠤ ᠨᠢᠭᠡᠴᠢ ᠶᠢᠨ ᠲᠥᠯᠥᠭᠡᠯᠡᠭᠴᠢ᠂ ᠮᠥᠩᠭᠦᠨ ᠭᠦᠢᠯᠭᠡᠭᠡᠨ ᠤ ᠬᠦᠷᠢᠶᠡᠨ ᠤ ᠡᠯ᠎ᠡ ᠡᠲᠡᠭᠡᠳ ᠤᠨ ᠲᠥᠯᠥᠭᠡᠯᠡᠭᠴᠢᠳ ᠨᠢᠭᠡ ᠲᠢᠩᠭᠢᠮ ᠳᠤ ᠴᠤᠭᠯᠠᠷᠠᠵᠤ᠂ ᠦᠨᠡᠨᠴᠢ ᠢᠲᠡᠭᠡᠮᠵᠢ ᠶᠢᠨ ᠬᠦᠴᠦᠨ ᠢ ᠬᠠᠮᠲᠤ ᠪᠠᠷ ᠰᠢᠯᠭᠠᠨ ᠲᠠᠨᠢᠵᠤ᠂ ᠦᠨᠡᠨᠴᠢ ᠢᠲᠡᠭᠡᠮᠵᠢ ᠶᠢᠨ ᠵᠢᠷᠤᠭ ᠲᠥᠰᠦᠪ ᠢ ᠬᠠᠮᠲᠤ ᠪᠠᠷ ᠵᠢᠷᠤᠭᠯᠠᠪᠠ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠠᠵᠤ ᠠᠬᠤᠶᠢᠯᠠᠯ ᠳᠤ ︽ᠦᠨᠡᠨᠴᠢ ᠢᠲᠡᠭᠡᠮᠵᠢᠲᠡᠢ ᠠᠵᠤ ᠠᠬᠤᠶᠢᠯᠠᠯ ᠳᠤ ᠠᠰᠢᠭ ᠬᠦᠷᠲᠡᠭᠡᠬᠦ︾ ᠲᠦᠷᠦ ᠶᠢᠨ ᠪᠤᠳᠤᠯᠭ᠎ᠠ ᠶᠢᠨ ᠦᠢᠯᠡᠴᠢᠯᠡᠭᠡᠨ ᠤ ᠪᠤᠭᠤᠳᠠᠯ ᠬᠦᠷᠭᠡᠪᠡ︔ ᠰᠢᠩ ᠶᠧ ᠪᠦᠯᠦᠭᠯᠡᠯ᠂ ᠯᠢ ᠳ᠋ᠧ ᠡᠮᠨᠡᠯᠭᠡ ᠶᠢᠨ ᠬᠤᠷᠢᠶ᠎ᠠ ᠵᠡᠷᠭᠡ 9 ᠬᠤᠳᠠᠯᠳᠤᠭᠠᠴᠢᠨ ᠡᠷᠦᠬᠡ ᠪᠣᠯᠤᠨ ᠸᠧᠨ ᠬᠦᠢ ᡁᠢ᠂ ᠭᠦᠸᠧ ᠶᠢᠩ ᠹᠧᠩ ᠵᠡᠷᠭᠡ 9 ᠬᠤᠪᠢ ᠬᠥᠮᠦᠨ ᠳᠤ ᠴᠢᠩᠱᠠᠨ ᠲᠣᠭᠤᠷᠢᠭ ᠤᠨ ᠬᠤᠶᠠᠳᠤᠭᠠᠷ ᠪᠦᠯᠦᠭ ᠤᠨ ᠦᠨᠡᠨᠴᠢ ᠢᠲᠡᠭᠡᠮᠵᠢᠲᠡᠢ ᠬᠤᠳᠠᠯᠳᠤᠭᠠᠨ ᠤ ᠡᠷᠦᠬᠡ ︵ᠠᠵᠤ ᠠᠬᠤᠶᠢᠯᠠᠯ︶᠂ ᠦᠨᠡᠨᠴᠢ ᠢᠲᠡᠭᠡᠮᠵᠢᠲᠡᠢ ᠬᠤᠪᠢ ᠬᠥᠮᠦᠨ ᠳᠤ ᠪᠠᠰᠠ ᠢᠷᠠᠭᠤ ᠠᠯᠳᠠᠷ ᠤᠨ ᠦᠨᠡᠮᠯᠡᠯ ᠣᠯᠭᠤᠵᠤ᠂ ᠦᠨᠡᠨᠴᠢ ᠢᠲᠡᠭᠡᠮᠵᠢᠲᠡᠢ ᠬᠢᠨᠠᠯᠲᠠ ᠲᠠᠯᠪᠢᠭᠴᠢ ᠳᠤ ᠤᠷᠢᠯᠭ᠎ᠠ ᠶᠢᠨ ᠪᠢᠴᠢᠭ ᠣᠯᠭᠤᠪᠠ᠃ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠲᠥᠯᠥᠭᠡᠯᠡᠭᠴᠢ ᠪᠤᠭᠤᠲᠤ ᠬᠤᠲᠠ ᠶᠢᠨ ᠴᠠᠭ ᠠᠭᠤᠷ ᠤᠨ ᠲᠣᠪᠴᠢᠶ᠎ᠠ᠂ ᠴᠢᠩᠱᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠲᠥᠯᠥᠭᠡᠯᠡᠭᠴᠢ ᠲᠦᠩ ᠯᠢ ᠭᠡᠷ ᠤᠨ ᠴᠠᠬᠢᠯᠭᠠᠨ ᠬᠡᠷᠡᠭᠰᠡᠯ᠂ ᠸᠠᠨ ᠳ᠋ᠠ ᠠᠭᠤᠳᠠᠮ ᠲᠠᠯᠠᠪᠠᠢ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠲᠥᠯᠥᠭᠡᠯᠡᠭᠴᠢ ᠰᠢᠨᠵᠢᠯᠡᠬᠦ ᠤᠬᠠᠭᠠᠨᠴᠢ ᠵᠠᠮ ᠤᠨ ᠵᠡᠭᠡᠯᠢ ᠭᠤᠳᠤᠮᠵᠢ ᠶᠢᠨ ᠬᠠᠤᠯᠢ ᠴᠠᠭᠠᠵᠠ ᠶᠢᠨ ᠭᠠᠵᠠᠷ᠂ ᠲᠣᠮᠢᠯᠠᠭᠰᠠᠨ ᠰᠠᠯᠪᠤᠷᠢ ᠵᠢᠴᠢ ᠨᠡᠶᠢᠭᠡᠮ ᠤᠨ ᠦᠨᠡᠨᠴᠢ ᠢᠲᠡᠭᠡᠮᠵᠢ ᠶᠢᠨ ᠲᠦᠯᠦᠭᠡᠯᠡᠭᠴᠢ ᠳᠥᠴᠢᠨ ᠨᠠᠢᠮᠠᠳᠤᠭᠠᠷ ᠳᠤᠮᠳᠠᠳᠤ ᠰᠤᠷᠭᠠᠭᠤᠯᠢ᠂ ᠤᠭᠲᠤᠯᠭ᠎ᠠ ᠨᠢᠭᠡᠳᠦᠭᠡᠷ ᠨᠡᠶᠢᠭᠡᠮ ᠲᠣᠭᠤᠷᠢᠭ ᠬᠠᠮᠲᠤᠪᠠᠷ ᠤᠬᠠᠭᠤᠯᠭ᠎ᠠ ᠬᠥᠮᠦᠵᠢᠯ ᠤᠨ ᠵᠢᠭᠰᠠᠭᠠᠯ ᠢ ᠡᠬᠢᠯᠡᠭᠦᠯᠦᠭᠰᠡᠨ ᠪᠥᠭᠡᠳ ︽ᠦᠨᠡᠨᠴᠢ ᠢᠲᠡᠭᠡᠮᠵᠢ ᠶᠢᠨ ᠨᠡᠶᠢᠲᠡ ᠶᠢᠨ ᠠᠰᠠᠷᠠᠮᠵᠢ ᠶᠢᠨ ᠬᠠᠨᠢᠲᠠᠨ︾ ᠤ ᠡᠯᠰᠡᠬᠦ ᠲᠥᠯᠥᠪᠯᠡᠭᠡ ᠶᠢ ᠨᠡᠶᠢᠲᠡᠯᠡᠪᠡ︔ ᠰᠢᠨᠵᠢᠯᠡᠬᠦ ᠤᠬᠠᠭᠠᠨᠴᠢ ᠵᠠᠮ ᠤᠨ ᠬᠠᠷᠢᠶ᠎ᠠ ᠣᠷᠣᠨ ᠠᠴᠠ ᠢᠷᠡᠭᠰᠡᠨ ᠳᠥᠷᠪᠡᠨ ᠪᠠᠩᠬᠢ ᠬᠢᠭᠡᠳ ᠳᠥᠷᠪᠡᠨ ᠨᠡᠶᠢᠭᠡᠮ ᠲᠣᠭᠤᠷᠢᠭ ᠬᠤᠣᠰᠯᠠᠨ ᠬᠠᠮᠲᠤ ᠪᠠᠷ ᠪᠠᠶᠢᠭᠤᠯᠵᠤ᠂ ᠨᠡᠶᠢᠭᠡᠮ ᠲᠣᠭᠤᠷᠢᠭ ᠲᠤ ᠨᠡᠶᠢᠲᠡ 4000 ᠲᠥᠭᠦᠷᠢᠭ ᠤᠨ ᠥᠷᠲᠡᠭ ᠪᠥᠬᠦᠶ ᠡᠳ᠋ ᠪᠣᠳᠠᠰ ᠬᠠᠨᠳᠢᠪᠯᠠᠵᠤ᠂ ᠨᠡᠶᠢᠭᠡᠮ ᠲᠣᠭᠤᠷᠢᠭ ᠤᠨ ᠦᠨᠡᠨᠴᠢ ᠢᠲᠡᠭᠡᠮᠵᠢ ᠶᠢᠨ ᠥᠷᠲᠡᠭᠡ ᠶᠢ ᠪᠠᠶᠢᠭᠤᠯᠬᠤ ᠳᠤ ᠬᠡᠷᠡᠭᠯᠡᠨ᠎ᠡ᠃      ᠲᠠᠷᠠᠭᠠᠴᠢ ᠶᠢᠨ ᠠᠯᠬᠤᠮ ᠳᠤ ᠰᠢᠨᠵᠢᠯᠡᠬᠦ ᠤᠬᠠᠭᠠᠨᠴᠢ ᠵᠠᠮ ᠤᠨ ᠵᠡᠭᠡᠯᠢ ᠭᠤᠳᠤᠮᠵᠢ ᠶᠢᠨ ᠬᠢᠨ ᠲᠣᠰ ᠤᠳᠠᠭᠠᠨ ᠤ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠣᠯᠭᠠᠬᠤ ᠲᠤᠬᠠᠶ ᠶᠢᠨ ᠲᠠᠯᠠᠪᠠᠶ ᠶᠢᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠡᠮᠦᠨ᠎ᠡ ᠨᠢ ᠶᠠᠪᠤᠵᠤ ᠳᠠᠭᠤᠷᠢᠶᠠᠯ ᠪᠣᠯᠬᠤ ᠰᠢᠨ᠎ᠡ ᠠᠷᠭ᠎ᠠ ᠵᠠᠮ ᠢ ᠣᠨᠣᠪᠴᠢᠲᠠᠶ ᠡᠷᠢᠨ ᠣᠯᠵᠤ᠂ ᠬᠠᠷᠢᠶ᠎ᠠ ᠣᠷᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠦᠨᠡᠨᠴᠢ ᠢᠲᠡᠭᠡᠮᠵᠢ ᠶᠢᠨ ᠠᠵᠤ ᠠᠬᠤᠶᠢᠯᠠᠯ᠂ ᠦᠨᠡᠨᠴᠢ ᠢᠲᠡᠭᠡᠮᠵᠢ ᠶᠢᠨ ᠬᠤᠪᠢ ᠬᠥᠮᠦᠨ ᠤ ᠠᠮᠢᠵᠢᠷᠠᠯ ᠤᠨ ᠬᠦᠴᠦᠨ ᠢ ᠪᠠᠳᠠᠷᠠᠭᠤᠯᠵᠤ᠂ ᠭᠦᠨ ᠵᠤᠵᠠᠭᠠᠨ ᠦᠨᠡᠨᠴᠢ ᠢᠲᠡᠭᠡᠮᠵᠢ ᠶᠢᠨ ᠰᠣᠶᠣᠯ ᠤᠨ ᠠᠭᠤᠷ ᠠᠮᠢᠰᠬᠤᠯ ᠢ ᠪᠣᠶ ᠪᠣᠯᠭᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号