ᠥᠷᠭᠡᠨ ᠣᠯᠠᠨ ᠬᠥᠳᠡᠯᠮᠦᠷᠢᠴᠢᠳ ᠤᠨ ᠬᠥᠳᠡᠯᠮᠦᠷᠢᠯᠡᠬᠦ ᠳᠤ ᠣᠯᠤᠯᠲᠠ ᠲᠠᠢ᠂ ᠠᠮᠤᠷ ᠲᠦᠪᠰᠢᠨ ︽ᠴᠠᠯᠢᠩ︾ | ᠪᠠᠶᠢᠬᠤ ᠶᠢ ᠪᠠᠲᠤᠯᠠᠬᠤ ᠶᠢᠨ ᠲᠥᠯᠥᠭᠡ᠂ ᠴᠢᠩᠱᠠᠨ ᠲᠣᠭᠤᠷᠢᠭ ᠢᠳᠡᠪᠬᠢᠲᠡᠢ ᠬᠥᠳᠡᠯᠦᠯᠴᠡᠵᠦ᠂ ᠭᠤᠣᠯᠳᠠᠯᠭ᠎ᠠ ᠲᠠᠢ | ᠴᠠᠯᠢᠩ ᠦᠷᠢᠲᠦᠭᠰᠡᠨ ᠬᠡᠷᠡᠭ ᠲᠤ ᠴᠢᠭᠯᠡᠭᠦᠯᠦᠨ ᠲᠤᠰᠬᠠᠢ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ | ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠴᠢᠩᠱᠠᠨ ᠲᠣᠭᠤᠷᠢᠭ ᠤᠨ ᠵᠠᠰᠠᠭ ᠤᠨ ᠣᠷᠳᠣᠨ ᠤ | ᠳᠠᠷᠤᠭ᠎ᠠ ᠪᠠᠶ ᠶᠦᠨ ᠰᠢ ᠬᠤᠷᠠᠯ ᠢ ᠡᠷᠭᠢᠯᠡᠵᠦ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ | ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠵᠠᠰᠠᠭ ᠤᠨ ᠣᠷᠳᠣᠨ ᠤ ᠠᠯᠪᠠᠨ ᠬᠡᠷ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ᠂ ᠴᠢᠩ ᠹᠦ᠋ | ᠪᠠᠯᠭᠠᠰᠤ ᠵᠡᠷᠭᠡ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | ᠬᠤᠷᠠᠯ ᠳᠡᠭᠡᠷ᠎ᠡ᠂ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠡᠩ ᠲᠡᠷᠢᠭᠦᠨ ᠳᠤ ᠣᠳᠣᠬᠠᠨ ᠳᠤ ᠣᠷᠣᠰᠢᠵᠤ ᠪᠠᠶᠢᠭ᠎ᠠ ᠭᠤᠤᠯᠳᠠᠯᠭ᠎ᠠ ᠲᠠᠢ ᠴᠠᠯᠢᠩ ᠥᠷᠢᠲᠦᠭᠰᠡᠨ | ᠬᠡᠷᠡᠭ ᠢ ᠬᠠᠷᠢᠭᠤ ᠮᠡᠳᠡᠭᠦᠯᠵᠦ᠂ ᠳᠠᠷᠠᠭ᠎ᠠ ᠨᠢ ᠬᠤᠷᠠᠯ ᠳᠤ ᠣᠷᠣᠯᠴᠠᠭᠰᠠᠨ ᠨᠢᠭᠡᠴᠢ ᠨᠢ ᠭᠤᠤᠯᠳᠠᠯᠭ᠎ᠠ ᠲᠠᠢ ᠲᠣᠰ | ᠲᠣᠰ ᠤᠨ ᠬᠦᠷᠢᠶᠡᠨ ᠳᠠᠬᠢ ᠬᠦᠴᠢᠷ ᠲᠦᠪᠡᠭᠲᠡᠶ ᠪᠤᠳᠤᠯᠢᠶᠠᠨᠲᠠᠶ ᠠᠰᠠᠭᠤᠳᠠᠯ ᠤᠨ ᠲᠤᠬᠠᠶ ᠰᠠᠨᠠᠯ ᠢᠶᠠᠨ | ᠰᠣᠯᠢᠯᠴᠠᠬᠤ ᠶᠢᠨ ᠬᠠᠮᠲᠤ ᠴᠠᠯᠢᠩ ᠥᠷᠢᠲᠦᠬᠦ ᠶᠢ ᠵᠠᠰᠠᠬᠤ ᠠᠵᠢᠯ ᠤᠨ ᠬᠦᠴᠢᠷᠳᠡᠯ ᠵᠢᠴᠢ ᠰᠠᠯᠠᠭ᠎ᠠ ᠮᠥᠴᠢᠷ ᠤᠨ | ᠬᠤᠭᠤᠷᠣᠨᠳᠣᠬᠢ ᠬᠠᠮᠲᠤᠷᠠᠭᠰᠠᠨ ᠬᠠᠤᠯᠢ ᠬᠡᠷᠡᠭᠵᠢᠭᠦᠯᠦᠯᠲᠡ ᠶᠢ ᠨᠠᠩ ᠰᠠᠶᠢᠲᠤᠷ ᠥᠷᠨᠢᠭᠦᠯᠬᠦ ᠲᠤᠬᠠᠶ ᠭᠦᠨᠵᠡᠭᠡᠶ | ᠰᠤᠳᠤᠯᠤᠨ ᠶᠠᠷᠢᠯᠴᠠᠪᠠ᠃ | ᠪᠠᠢ ᠶᠦᠨ ᠰᠢ᠂ ᠡᠯ᠎ᠡ ᠬᠤᠯᠪᠣᠭᠳᠠᠯ ᠪᠦᠬᠦᠢ ᠨᠢᠭᠡᠴᠢ ᠶᠢᠨ ᠬᠢᠨ ᠰᠠᠯᠠᠭ᠎ᠠ ᠮᠥᠴᠢᠷ ᠤᠨ ᠬᠤᠷᠢᠭ᠎ᠠ ᠴᠠᠷᠠᠭ᠎ᠠ ᠶᠢ | ᠡᠪᠳᠡᠵᠦ᠂ ᠴᠠᠯᠢᠩ ᠥᠷᠢᠲᠦᠬᠦ ᠶᠢ ᠵᠠᠰᠠᠬᠤ ᠬᠠᠮᠲᠤᠷᠠᠭᠰᠠᠨ ᠪᠠᠶᠢᠷᠢᠰᠢᠯ ᠢ ᠪᠠᠶᠢᠭᠤᠯᠵᠤ᠂ ᠣᠷᠣᠰᠢᠵᠤ ᠪᠠᠶᠢᠭ᠎ᠠ | ᠠᠰᠠᠭᠤᠳᠠᠯ ᠢ ᠲᠦᠷᠭᠡᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠨᠢᠭᠡ ᠳᠤ᠂ ᠠᠵᠢᠯ ᠲᠥᠷᠥᠯ ᠤᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ | ᠪᠣᠶ ᠪᠣᠯᠭᠠᠨ᠂ ᠠᠵᠤ ᠠᠬᠤᠶᠢᠯᠠᠯ ᠢ ᠬᠠᠮᠲᠤᠪᠠᠷ ᠰᠢᠮᠳᠠᠭᠤᠯᠵᠤ ᠪᠠᠶᠢᠭᠠᠳ ᠴᠠᠯᠢᠩ ᠥᠷᠢᠲᠦᠬᠦ ᠠᠰᠠᠭᠤᠳᠠᠯ ᠢ | ᠰᠢᠢᠳᠪᠦᠷᠢᠯᠡᠨ᠎ᠡ︔ ᠬᠤᠶᠠᠷ ᠲᠤ ᠬᠡᠷᠡᠭ ᠢ ᠮᠥᠷᠳᠡᠨ ᠰᠢᠮᠳᠠᠭᠤᠯᠤᠨ ᠰᠢᠢᠳᠪᠦᠷᠢᠯᠡᠭᠦᠯᠬᠦ ᠲᠣᠭᠲᠠᠴᠠ ᠶᠢ ᠪᠠᠶᠢᠭᠤᠯᠵᠤ᠂ | ᠭᠤᠣᠯᠳᠠᠯᠭ᠎ᠠ ᠲᠠᠢ ᠴᠠᠯᠢᠩ ᠥᠷᠢᠲᠦᠬᠦ ᠬᠡᠷᠡᠭ ᠲᠤ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠯᠲᠠ ᠬᠢᠵᠦ᠂ | ᠬᠡᠷᠡᠭ ᠤᠨ ᠠᠬᠢᠴᠠ ᠶᠢᠨ ᠪᠠᠶᠢᠳᠠᠯ ᠢ ᠴᠠᠭ ᠲᠤᠬᠠᠶ ᠳᠤᠨᠢ ᠡᠵᠡᠮᠰᠢᠨ᠂ ᠠᠵᠢᠯ ᠳᠠᠭᠠᠨ ᠬᠦᠴᠦᠨ ᠦᠭᠡᠢ᠂ ᠠᠬᠢᠴᠠ ᠨᠢ | ᠤᠳᠠᠭᠠᠨ ᠨᠢᠭᠡᠴᠢ ᠶᠢ ᠵᠠᠷᠯᠠᠨ ᠰᠢᠭᠦᠮᠵᠢᠯᠡᠨ᠎ᠡ︔ ᠭᠤᠷᠪᠠ ᠳᠤ ᠲᠠᠷᠢᠶᠠᠴᠢᠨ ᠬᠦᠴᠦ ᠶᠠᠪᠤᠭᠰᠠᠳ ᠤᠨ ᠤᠷᠮ᠎ᠠ | ᠰᠡᠳᠬᠢᠯᠭᠡ ᠶᠢ ᠲᠠᠶᠢᠳᠬᠤᠷᠠᠭᠤᠯᠬᠤ ᠪᠠ ᠲᠣᠭᠲᠠᠭᠤᠨ ᠢᠶᠠᠷ ᠡᠵᠡᠮᠳᠡᠬᠦ ᠠᠵᠢᠯ ᠢ ᠰᠠᠶᠢᠲᠤᠷ ᠬᠢᠵᠦ᠂ ᠴᠠᠯᠢᠩ ᠥᠷᠢᠲᠦᠬᠦ | ᠠᠰᠠᠭᠤᠳᠠᠯ ᠠᠴᠠ ᠪᠣᠯᠵᠤ ᠬᠠᠮᠲᠤᠯᠢᠭ ᠤᠨ ᠴᠢᠨᠠᠷᠲᠠᠶ ᠬᠡᠷᠡᠭ ᠡᠭᠦᠰᠬᠦ ᠶᠢ ᠰᠡᠷᠭᠡᠶᠢᠯᠡᠨ᠎ᠡ ᠭᠡᠵᠦ ᠴᠢᠬᠤᠯᠠᠴᠢᠯᠠᠭᠰᠠᠨ | ᠪᠠᠶᠢᠨ᠎ᠠ᠃ | | | | | | |