ᠴᠢᠩᠱᠠᠨ ᠲᠣᠭᠤᠷᠢᠭ ᠤᠨ 1 —11 ᠳ᠋ᠦ᠋ᠭᠡᠷ ᠰᠠᠷ᠎ᠠ ᠪᠣᠯᠲᠠᠯᠠᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠰᠠᠶᠢᠨ ᠪᠠᠶᠢᠨ᠎ᠠ
ᠨᠡᠶᠢᠲᠡᠯᠡᠭᠰᠡᠨ ᠴᠠᠭ᠄
2024/12/20
      ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠪᠣᠯ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ ᠰᠠᠭᠤᠷᠢ ᠴᠢᠯᠠᠭᠤ ᠪᠠ ᠤᠷᠢᠳᠠᠴᠢ ᠰᠢᠲᠠᠷ᠎ᠠ ᠮᠥᠨ᠂ ᠴᠢᠩᠱᠠᠨ ᠲᠣᠭᠤᠷᠢᠭ ᠦᠨᠳᠦᠰᠦᠨ ᠪᠦᠲᠦᠭᠡᠨ ᠪᠠᠶᠢᠭᠤᠯᠤᠯᠲᠠ ᠳᠤ ᠬᠠᠮᠲᠤᠪᠠᠷ ᠬᠦᠴᠦᠯᠡᠨ ᠪᠦᠬᠦ ᠲᠤᠭᠤᠷᠢᠭ ᠤᠨ ᠰᠠᠭᠤᠷᠢ ᠲᠥᠬᠦᠭᠡᠷᠦᠮᠵᠢ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠶᠡᠭᠡ ᠢᠨᠵᠧᠨᠧᠷᠢᠩ︾᠎ ᠤᠨ ᠪᠠᠶᠢᠯᠳᠤᠬᠤ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠢᠭᠡ ᠪᠦᠯᠦᠭ ᠬᠠᠶᠢᠷ᠎ᠠ ᠬᠠᠯᠠᠮᠵᠢ ᠶᠢᠨ ᠢᠨᠵᠧᠨᠧᠷᠢᠩ ᠤᠨ ᠲᠥᠷᠥᠯ ᠵᠦᠢᠯ ᠢ ᠬᠡᠷᠡᠭᠵᠢᠭᠦᠯᠦᠭᠰᠡᠨ ᠤ ᠬᠠᠮᠲᠤ ᠪᠦᠲᠦᠭᠡᠨ ᠪᠠᠶᠢᠭᠤᠯᠪᠠ᠃ ᠡᠭᠦᠨ ᠤ ᠬᠠᠮᠲᠤ ᠪᠥᠬᠦ ᠲᠤᠭᠤᠷᠢᠭ ᠤᠨ ᠭᠤᠤᠯᠳᠠᠯᠭ᠎ᠠ ᠲᠠᠢ ᠰᠠᠭᠤᠷᠢ ᠪᠡᠯᠡᠳᠬᠡᠮᠵᠢ ᠶᠢᠨ ᠲᠥᠷᠥᠯ ᠵᠦᠢᠯ ᠢ ᠦᠨᠳᠦᠰᠦᠨ ᠳᠤ ᠪᠠᠨ ᠳᠣᠤᠷ᠎ᠠ ᠬᠠᠭᠠᠰ ᠵᠢᠯ ᠳᠤ ᠵᠠᠯᠭᠠᠭ᠎ᠠ ᠪᠠᠷ ᠡᠬᠢᠯᠡᠨ ᠪᠠᠶᠢᠭᠤᠯᠵᠤ᠂ ᠰᠢᠲᠠᠮᠠᠬᠠᠶ ᠬᠡᠶ ᠶᠢᠨ ᠬᠤᠭᠤᠯᠠᠶ ᠶᠢᠨ ᠬᠠᠭᠤᠴᠢᠷᠠᠯ ᠢ ᠰᠢᠨᠡᠳᠬᠦ᠂ ᠤᠰᠤ ᠲᠠᠲᠠᠷᠠᠭᠤᠯᠵᠤ ᠤᠰᠤᠲᠤᠯ ᠢ ᠰᠡᠷᠭᠡᠶᠢᠯᠡᠬᠦ ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠲᠥᠷᠥᠯ ᠵᠦᠢᠯ ᠢ ᠪᠥᠲᠥᠭᠡᠨ ᠪᠠᠶᠢᠭᠤᠯᠤᠯᠲᠠ ᠶᠢᠨ ᠲᠦᠷᠭᠡᠨ ᠦᠶᠡᠯᠡᠯ ᠤᠨ ᠬᠤᠭᠤᠴᠠᠭᠠᠨ ᠳᠤ ᠣᠷᠣᠭᠤᠯᠪᠠ᠃      ᠪᠥᠬᠦ ᠲᠤᠭᠤᠷᠢᠭ ᠤᠨ ᠢᠯᠴᠢ ᠬᠠᠩᠭᠠᠬᠤ ᠬᠤᠭᠤᠯᠠᠶ ᠶᠢ ᠥᠭᠡᠷᠡᠴᠢᠯᠡᠬᠦ ᠲᠥᠷᠥᠯ ᠵᠦᠢᠯ ᠨᠡᠶᠢᠲᠡ 8 ᠪᠠᠶᠢᠵᠤ᠂ 27 ᠵᠢᠵᠢᠭ ᠲᠣᠭᠤᠷᠢᠭ ᠵᠢᠴᠢ ᠭᠠᠵᠠᠷ ᠣᠷᠣᠨ ᠳᠤ ᠬᠤᠯᠪᠣᠭᠳᠠᠵᠤ᠂ ᠪᠦᠲᠦᠮᠵᠢᠲᠡᠶ ᠪᠠᠯᠠ ᠣᠷᠣᠭᠤᠯᠤᠯᠲᠠ ᠨᠡᠮᠡᠭᠳᠡᠭᠰᠡᠨ ᠪᠠᠶᠢᠨ᠎ᠠ᠃ 1 —11 ᠳ᠋ᠦ᠋ᠭᠡᠷ ᠰᠠᠷ᠎ᠠ ᠳᠤ᠂ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 19.3%᠎ ᠪᠠᠷ ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 20.8 ᠵᠠᠭᠤᠨ ᠤ ᠨᠢᠭᠡᠴᠢ ᠳᠡᠭᠡᠭᠰᠢᠯᠡᠵᠦ᠂ ᠪᠦᠬᠦ ᠪᠡᠯᠡ ᠣᠷᠣᠭᠤᠯᠤᠯᠲᠠ ᠶᠢ ᠳᠠᠶᠢᠴᠢᠯᠠᠨ 1.5 ᠬᠤᠪᠢ ᠨᠡᠮᠡᠭᠳᠡᠵᠦ᠂ ᠪᠦᠬᠦ ᠪᠡᠯᠡ ᠣᠷᠣᠭᠤᠯᠤᠯᠲᠠ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 5.5%᠎ ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 6.6 ᠵᠠᠭᠤᠨ ᠤ ᠴᠡᠭ ᠳᠡᠭᠡᠭᠰᠢᠯᠡᠵᠡᠶ᠃ ᠠᠷᠠᠳ ᠤᠨ ᠠᠮᠢᠳᠤᠷᠠᠯ ᠤᠨ ᠲᠥᠷᠥᠯ ᠵᠦᠢᠯ ᠲᠦᠷᠭᠡᠨ ᠠᠬᠢᠵᠤ᠂ ᠪᠥᠬᠦ ᠲᠤᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠣᠭᠲᠠᠭᠤᠨ ᠢᠶᠠᠷ ᠨᠡᠮᠡᠭᠳᠡᠬᠦ ᠳᠤ ᠬᠦᠴᠦᠲᠡᠶ ᠲᠤᠯᠭᠠᠭᠤᠷᠢᠯᠠᠯ ᠬᠠᠩᠭᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号