ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠭᠦᠳᠡ | ᠬᠤᠷᠠᠯ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠶᠢᠨ ᠲᠥᠯᠥᠭᠡ᠂ | ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠵᠤ᠂ ᠶᠡᠷᠦᠩᠬᠡᠢ ᠡᠪᠯᠡᠯ ᠤᠨ ︽559︾ ᠢᠨᠵᠧᠨᠧᠷᠢᠩ ᠢ ᠯᠠᠪᠳᠠᠭᠤᠨ ᠪᠠᠲᠤᠲᠠᠢ | ᠠᠬᠢᠭᠤᠯᠵᠤ᠂ ᠣᠶᠢᠷ᠎ᠠ ᠳᠤ ᠴᠢᠩᠱᠠᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠬᠠᠮᠲᠤ ᠪᠠᠷ ᠵᠥᠪᠳᠡᠯᠴᠡᠬᠦ᠂ | ᠠᠵᠢᠯᠴᠢᠨ ᠤ ᠡᠪᠯᠡᠯ ᠤᠨ ᠬᠥᠳᠡᠯᠮᠦᠷᠢ ᠶᠢᠨ ᠬᠠᠤᠯᠢ ᠴᠠᠭᠠᠵᠠ ᠪᠣᠯᠣᠨ ᠠᠵᠢᠯᠴᠢᠨ ᠤ ᠡᠪᠯᠡᠯ ᠤᠨ ᠡᠳ᠋ ᠤᠨ | ᠶᠠᠪᠤᠳᠠᠯ ᠤᠨ ᠬᠢᠨᠠᠨ ᠪᠠᠶᠢᠴᠠᠭᠠᠯᠲᠠ ᠶᠢᠨ ᠲᠤᠰᠬᠠᠢ ᠪᠣᠯᠪᠠᠰᠤᠷᠠᠯ ᠤᠨ ᠠᠩᠭᠢ ᠡᠷᠬᠢᠯᠡᠵᠦ᠂ ᠠᠵᠢᠯᠴᠢᠨ ᠤ ᠡᠪᠯᠡᠯ ᠤᠨ | ᠠᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ︽ᠡᠷᠡᠯᠬᠡᠭᠯᠡᠨ ᠤᠷᠤᠭᠰᠢᠯᠠᠬᠤ︾ ᠠᠶᠠᠰ ᠢ ᠬᠥᠭᠵᠢᠮᠳᠡᠪᠡ᠃ ᠲᠣᠰ | ᠤᠳᠠᠭᠠᠨ ᠤ ᠪᠣᠯᠪᠠᠰᠤᠷᠠᠯ ᠨᠢ ᠡᠯ᠎ᠡ ᠵᠡᠭᠡᠯᠢ ᠪᠠᠯᠭᠠᠰᠤ᠂ ᠬᠦᠷᠢᠶᠡᠯᠡᠩ ᠲᠣᠭᠤᠷᠢᠭ ᠤᠨ ᠠᠵᠢᠯᠴᠢᠨ ᠤ ᠡᠪᠯᠡᠯ ᠤᠨ | ᠭᠤᠤᠯᠯᠠᠭᠴᠢ ᠬᠦᠴᠦᠨ᠂ ᠠᠵᠤ ᠠᠬᠤᠶᠢᠯᠠᠯ ᠤᠨ ᠠᠵᠢᠯᠴᠢᠨ ᠤ ᠡᠪᠯᠡᠯ ᠤᠨ ᠠᠵᠢᠯᠲᠠᠨ ᠵᠢᠴᠢ ᠠᠵᠢᠯᠲᠠᠨ ᠠᠵᠢᠯᠴᠢᠨ ᠤ | ᠲᠥᠯᠥᠭᠡᠯᠡᠭᠴᠢ ᠵᠡᠷᠭᠡ 100 ᠭᠠᠷᠤᠶ ᠰᠤᠷᠤᠭᠴᠢ ᠨᠢᠭᠡ ᠲᠠᠩᠬᠢᠮ ᠳᠤ ᠴᠤᠭᠯᠠᠷᠠᠵᠤ᠂ ᠲᠤᠰ ᠤᠳᠠᠭᠠᠨ ᠤ | ᠮᠡᠳᠡᠯᠭᠡ ᠶᠢᠨ ᠦᠪᠡᠳᠡᠭᠰᠢ ᠨᠠᠶᠢᠷ ᠲᠤ ᠤᠷᠤᠯᠴᠠᠵᠦ᠂ ᠡᠶ᠎ᠡ ᠵᠣᠬᠢᠴᠠᠩᠭᠤᠶ ᠲᠣᠭᠲᠠᠭᠤᠨ ᠬᠥᠳᠡᠯᠮᠦᠷᠢ ᠶᠢᠨ | ᠬᠠᠷᠢᠴᠠᠭ᠎ᠠ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠶᠢᠨ ᠲᠥᠯᠥᠭᠡ ᠶᠤᠮ᠃ | ᠪᠣᠯᠪᠠᠰᠤᠷᠠᠭᠤᠯᠤᠯ ᠡᠬᠢᠯᠡᠮᠡᠭᠴᠡ ᠴᠢᠩᠱᠠᠨ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ ᠤᠨ | ᠪᠠᠶᠢᠩᠭᠤ ᠶᠢᠨ ᠳᠡᠳ᠋ ᠲᠡᠷᠢᠭᠦᠯᠡᠭᠴᠢ ᠨᠢᠶᠧ ᠿᠦᠩ ᠵᠢᠴᠢ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ | ᠦᠢᠯᠡᠰ ᠤᠨ ᠬᠦᠷᠢᠶᠡᠯᠡᠩ ᠲᠣᠭᠤᠷᠢᠭ ᠤᠨ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ ᠤᠨ ᠳᠡᠳ᠋ ᠡᠷᠬᠢᠯᠡᠭᠴᠢ᠂ | ᠠᠵᠢᠯᠴᠢᠨ ᠤ ᠡᠪᠯᠡᠯ ᠤᠨ ᠬᠠᠮᠲᠤᠷᠠᠭᠰᠠᠨ ᠲᠡᠷᠢᠭᠦᠯᠡᠭᠴᠢ ᠵᠠᠩ ᠯᠢᠩ ᠯᠢᠩ ᠰᠤᠷᠤᠯᠭ᠎ᠠ ᠡᠬᠢᠯᠡᠬᠦ ᠶᠣᠰᠣᠯᠠᠯ ᠳᠤ | ᠣᠷᠣᠯᠴᠠᠵᠤ ᠶᠠᠷᠢᠶ᠎ᠠ ᠲᠠᠯᠪᠢᠪᠠ᠃ ᠨᠢᠶᠧ ᠿᠦᠩ ᠪᠦᠬᠦ ᠰᠤᠷᠤᠯᠭᠠᠲᠠᠳ ᠤᠨ ᠰᠤᠷᠤᠯᠴᠠᠯᠭ᠎ᠠ ᠶᠢᠨ ᠠᠵᠠ ᠲᠣᠬᠢᠶᠠᠯ ᠢ | ᠨᠠᠨᠳᠢᠩᠨᠠᠨ ᠦᠵᠡᠵᠦ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠵᠤ᠂ ᠰᠤᠷᠤᠭᠰᠠᠨ ᠮᠡᠳᠡᠯᠭᠡ ᠪᠠᠨ ᠠᠵᠢᠯ ᠤᠨ | ᠦᠢᠯᠡᠳᠦᠯᠭᠡ ᠳᠤ ᠭᠦᠨᠵᠡᠭᠡᠢ ᠠᠭᠤᠰᠤᠯᠴᠠᠭᠤᠯᠵᠤ᠂ ᠨᠠᠷᠢᠨ ᠨᠢᠮᠪᠠᠢ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠪᠣᠯᠤᠨ | ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠠᠵᠢᠯᠴᠢᠨ ᠤ ᠡᠪᠯᠡᠯ ᠤᠨ ᠦᠢᠯᠡᠰ ᠲᠤ ᠬᠤᠪᠢ | ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠪᠡ᠃ ᠵᠠᠩ ᠯᠢᠩ ᠯᠢᠩ ᠪᠣᠯᠪᠠᠰᠤᠷᠠᠯ ᠤᠨ ᠠᠩᠭᠢ ᠶᠢᠨ ᠬᠢᠴᠢᠶᠡᠯ ᠤᠨ | ᠲᠥᠯᠥᠪᠵᠢᠭᠦᠯᠭᠡ᠂ ᠪᠠᠭᠰᠢ ᠶᠢᠨ ᠲᠤᠬᠢᠷᠠᠭᠤᠯᠤᠯᠳᠠ ᠵᠢᠴᠢ ᠰᠤᠷᠤᠯᠴᠠᠯᠭ᠎ᠠ ᠶᠢᠨ ᠱᠠᠭᠠᠷᠳᠠᠯᠭ᠎ᠠ ᠶᠢ ᠨᠠᠷᠢᠨ | ᠲᠠᠨᠢᠯᠴᠠᠭᠤᠯᠵᠤ᠂ ᠰᠤᠷᠤᠭᠴᠢᠳ ᠤᠨ ᠪᠣᠯᠪᠠᠰᠤᠷᠠᠯ ᠤᠨ ᠠᠭᠤᠯᠭ᠎ᠠ ᠶᠢ ᠭᠦᠨᠵᠡᠭᠡᠢ ᠣᠶᠢᠯᠠᠭᠠᠬᠤ ᠳᠤ ᠤᠨᠢᠨ ᠳᠡᠭᠡᠷ᠎ᠡ ᠨᠢ | ᠵᠢᠯᠤᠭᠤᠳᠤᠯᠭ᠎ᠠ ᠬᠠᠩᠭᠠᠵᠠᠢ᠃ | ᠬᠠᠮᠲᠤ ᠪᠠᠷ ᠵᠥᠪᠳᠡᠯᠴᠡᠬᠦ ᠪᠣᠯᠪᠠᠰᠤᠷᠠᠯ ᠤᠨ ᠬᠢᠴᠢᠶᠡᠯ ᠤᠨ ᠲᠢᠩᠭᠢᠮ ᠳᠤ᠂ ᠪᠤᠭᠤᠲᠤ ᠬᠤᠲᠠ ᠶᠢᠨ | ᠠᠵᠢᠯᠴᠢᠨ ᠤ ᠶᠡᠷᠦᠩᠬᠡᠶ ᠡᠪᠯᠡᠯ ᠤᠨ ᠡᠷᠬᠡ ᠠᠰᠢᠭ ᠢ ᠪᠠᠲᠤᠯᠠᠬᠤ ᠬᠡᠯᠲᠡᠰ ᠤᠨ ᠯᠢ ᠶᠢᠩ ᠺᠧ ᠨᠥᠬᠦᠷ ︽ᠬᠠᠤᠯᠢ | ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ ᠰᠢᠨ᠎ᠡ ᠴᠠᠭ ᠦᠶ᠎ᠡ ᠶᠢᠨ ᠬᠠᠮᠲᠤ ᠪᠠᠷ ᠵᠥᠪᠳᠡᠯᠴᠡᠬᠦ | ᠠᠵᠢᠯ ᠢ ᠰᠠᠶᠢᠲᠤᠷ ᠬᠢᠬᠦ︾ ᠭᠡᠬᠦ ᠭᠤᠤᠯ ᠰᠡᠳᠦᠪ ᠲᠤ ᠭᠦᠨᠵᠡᠭᠡᠶ ᠲᠠᠶᠢᠯᠤᠮᠵᠢ ᠬᠢᠪᠠ᠃ ᠲᠡᠷᠡ ᠬᠠᠤᠯᠢ ᠴᠠᠭᠠᠵᠠ | ᠬᠠᠤᠯᠢ ᠲᠣᠭᠲᠠᠭᠠᠯ ᠪᠣᠯᠤᠨ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠶᠢᠨ ᠡᠬᠢ ᠡᠭᠦᠰᠦᠯ ᠠᠴᠠ ᠡᠭᠦᠰᠴᠦ᠂ | ᠰᠤᠷᠤᠭᠴᠢᠳ ᠲᠤ ᠤᠨᠤᠯ ᠤᠨ ᠰᠠᠭᠤᠷᠢ ᠶᠢ ᠨᠠᠷᠢᠨ ᠨᠢᠮᠪᠠᠢ ᠪᠠᠶᠢᠭᠤᠯᠵᠤ᠂ ᠠᠵᠢᠯ ᠤᠨ ᠵᠠᠷᠴᠢᠮ ᠪᠣᠯᠤᠨ ᠴᠢᠭᠯᠡᠯ ᠢ | ᠲᠣᠳᠣᠷᠬᠠᠢ ᠪᠤᠯᠭᠠᠨ᠎ᠠ᠃ ᠣᠯᠠᠨ ᠡᠰᠢᠲᠦ ᠪᠣᠳᠠᠲᠠᠶ ᠬᠡᠷᠡᠭ ᠤᠨ ᠵᠢᠱᠢᠶ᠎ᠡ ᠨᠢ ᠶᠠᠭ ᠲᠣᠯᠢ ᠰᠢᠭ ᠢᠶᠠᠷ ᠵᠥᠪᠳᠡᠯᠴᠡᠬᠦ | ᠠᠵᠢᠯ ᠤᠨ ᠦᠨᠡᠨ ᠪᠣᠳᠠᠲᠠᠶ ᠵᠢᠷᠤᠭ ᠳᠦᠷᠰᠦ ᠶᠢ ᠲᠤᠰᠬᠠᠨ᠎ᠠ︔ ᠳᠠᠭᠤᠷᠢᠶᠠᠮᠠᠯ ᠬᠡᠯᠡᠯᠴᠡᠭᠡᠷ ᠤᠨ ᠭᠤᠭᠴᠤᠭ᠎ᠠ ᠨᠢ | ᠪᠣᠳᠠᠲᠤ ᠪᠠᠶᠢᠯᠳᠤᠭᠠᠨ ᠤ ᠪᠣᠯᠪᠠᠰᠤᠷᠠᠯ ᠤᠨ ᠲᠠᠯᠠᠪᠠᠢ ᠰᠢᠭ᠋ ᠪᠠᠶᠢᠵᠤ᠂ ᠰᠤᠷᠤᠭᠴᠢᠳ ᠲᠤ ᠡᠯ᠎ᠡ ᠭᠤᠭᠴᠤᠭ᠎ᠠ ᠶᠢᠨ | ᠤᠷᠪᠠᠯ ᠤᠨ ᠬᠤᠪᠢᠷᠠᠯᠲᠠ ᠶᠢ ᠮᠡᠳᠡᠷᠡᠭᠦᠯᠵᠦ᠂ ᠪᠡᠯᠡᠳᠬᠡᠯ ᠠᠴᠠ ᠭᠡᠷ᠎ᠡ ᠭᠦᠢᠴᠡᠳᠬᠡᠬᠦ ᠬᠦᠷᠲᠡᠯᠡᠬᠢ ᠵᠠᠩᠭᠢᠯᠠᠭ᠎ᠠ ᠶᠢᠨ | ᠨᠠᠷᠢᠨ ᠵᠦᠢᠯᠡᠰ ᠢ ᠣᠨᠣᠪᠴᠢᠲᠠᠶ ᠡᠵᠡᠮᠰᠢᠭᠦᠯᠵᠦ᠂ ᠡᠭᠦᠨ ᠤ ᠤᠯᠠᠮ ᠢᠶᠠᠷ ᠰᠢᠨ᠎ᠡ ᠶᠢ ᠡᠭᠦᠳᠬᠦ ᠴᠢᠨᠠᠷᠲᠠᠶ ᠪᠠᠷ | ᠬᠠᠮᠲᠤ ᠪᠠᠷ ᠵᠥᠪᠳᠡᠯᠴᠡᠬᠦ ᠠᠵᠢᠯ ᠤᠨ ᠰᠢᠨ᠎ᠡ ᠰᠡᠳᠬᠢᠴᠡ᠂ ᠰᠢᠨ᠎ᠡ ᠠᠷᠭ᠎ᠠ ᠵᠠᠮ ᠪᠠ ᠰᠢᠨ᠎ᠡ ᠤᠷ᠎ᠠ ᠮᠡᠷᠭᠡᠵᠢᠯ ᠢ | ᠨᠡᠭᠡᠭᠡᠵᠦ᠂ ᠰᠤᠷᠤᠭᠴᠢᠳ ᠢ ᠢᠷᠡᠭᠡᠳᠦᠶ ᠶᠢᠨ ᠵᠥᠪᠳᠡᠯᠴᠡᠬᠦ ᠲᠠᠪᠴᠠᠩ ᠳᠡᠭᠡᠷ᠎ᠡ ᠢᠲᠡᠭᠡᠯ ᠲᠠᠢ ᠪᠥᠭᠡᠳ ᠠᠭᠤᠵᠢᠭᠤ | ᠲᠠᠯᠪᠢᠭᠤ ᠪᠤᠯᠭᠠᠪᠠ᠃ | ᠠᠵᠢᠯᠴᠢᠨ ᠤ ᠡᠪᠯᠡᠯ ᠤᠨ ᠬᠥᠳᠡᠯᠮᠦᠷᠢ ᠶᠢᠨ ᠬᠠᠤᠯᠢ ᠴᠠᠭᠠᠵᠠ ᠶᠢᠨ ᠪᠣᠯᠪᠠᠰᠤᠷᠠᠭᠤᠯᠤᠯ ᠤᠨ ᠴᠠᠭ | ᠬᠤᠭᠤᠴᠠᠭ᠎ᠠ ᠳᠤ᠂ ᠵᠢᠦᠢ ᠱᠢ ᠴᠦᠸᠠᠨ ᠪᠠᠶᠠᠯᠢᠭ ᠦᠢᠯᠡᠳᠦᠯᠭᠡ ᠶᠢᠨ ᠲᠤᠷᠰᠢᠯᠭ᠎ᠠ ᠪᠠ ᠲᠤᠰᠬᠠᠶ ᠮᠡᠷᠭᠡᠵᠢᠯ ᠤᠨ | ᠮᠡᠳᠡᠯᠭᠡ ᠪᠠᠷ ᠬᠥᠳᠡᠯᠮᠦᠷᠢ ᠶᠢᠨ ᠬᠠᠤᠯᠢ ᠴᠠᠭᠠᠵᠠ ᠶᠢᠨ ᠬᠢᠨᠠᠯᠲᠠ ᠶᠢᠨ ︽ᠨᠢᠭᠡ ᠵᠠᠬᠢᠳᠠᠯ ᠬᠤᠶᠠᠷ ᠪᠢᠴᠢᠭ︾ ᠵᠢᠴᠢ | ᠬᠢᠨᠠᠯᠲᠠ ᠲᠠᠯᠪᠢᠬᠤ ᠺᠣᠮᠢᠰ ᠪᠠ ᠡᠶᠡᠳᠡᠭᠦᠯᠬᠦ ᠺᠣᠮᠢᠰ ᠤᠨ ᠪᠠᠶᠢᠭᠤᠯᠤᠯᠲᠠ ᠶᠢᠨ ᠭᠤᠣᠯᠳᠠᠯᠭ᠎ᠠ ᠳᠤ ᠠᠩᠬᠠᠷᠤᠯ ᠢᠶᠠᠨ | ᠲᠥᠪᠯᠡᠷᠡᠭᠦᠯᠵᠦ᠂ ᠬᠡᠶᠢᠰᠪᠦᠷᠢ ᠬᠠᠤᠯᠢ ᠲᠣᠭᠲᠠᠭᠠᠯ ᠤᠨ ᠵᠦᠢᠯ ᠵᠤᠷᠪᠤᠰ ᠢ ᠲᠣᠳᠣᠷᠬᠠᠶ ᠣᠶᠢᠯᠠᠭᠠᠬᠤ ᠠᠵᠢᠯ ᠤᠨ | ᠶᠠᠪᠤᠴᠠ ᠪᠠ ᠱᠠᠭᠠᠷᠳᠠᠯᠭ᠎ᠠ ᠪᠣᠯᠭᠠᠨ ᠬᠤᠪᠢᠷᠠᠭᠤᠯᠵᠤ᠂ ᠰᠤᠷᠤᠭᠴᠢᠳ ᠲᠤ ᠨᠢᠭᠡ ᠬᠤᠪᠢ ᠬᠡᠷᠡᠭᠯᠡᠭᠡᠨ ᠤ ᠬᠠᠤᠯᠢ | ᠴᠠᠭᠠᠵᠠ ᠶᠢᠨ ᠠᠵᠢᠯ ᠤᠨ ᠵᠦᠭᠯᠡᠭᠦᠷ ᠲᠠᠢ ᠪᠣᠯᠭᠠᠪᠠ᠃ ᠣᠳᠣᠬᠠᠨ ᠤ ᠬᠥᠳᠡᠯᠮᠦᠷᠢ ᠶᠢᠨ ᠮᠠᠷᠭᠤᠯᠳᠤᠭᠠᠨ ᠤ | ᠵᠢᠱᠢᠶ᠎ᠡ ᠲᠠᠢ ᠤᠶᠠᠯᠳᠤᠭᠤᠯᠤᠨ᠂ ᠪᠠᠭᠰᠢ ᠠᠴᠠ ᠬᠠᠤᠯᠢ ᠴᠠᠭᠠᠵᠠ ᠶᠢᠨ ᠲᠠᠰ ᠳᠠᠷᠠᠭᠠᠯᠠᠯ ᠪᠠ ᠠᠷᠭᠠᠴᠠᠬᠤ ᠤᠷ᠎ᠠ | ᠮᠡᠷᠭᠡᠵᠢᠯ ᠢ ᠨᠠᠷᠢᠨ ᠲᠠᠶᠢᠯᠪᠤᠷᠢᠯᠠᠵᠤ᠂ ᠠᠵᠢᠯᠴᠢᠨ ᠤ ᠡᠪᠯᠡᠯ ᠤᠨ ᠡᠭᠦᠨ ᠤ ᠳᠣᠲᠣᠷᠠᠬᠢ ᠵᠠᠩᠭᠢᠯᠠᠭ᠎ᠠ ᠶᠢᠨ ᠳᠦᠷᠢ ᠪᠠ | ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠰᠤᠷᠤᠭᠴᠢᠳ ᠤᠨ ᠳᠣᠲᠣᠷᠠᠬᠢ ᠬᠠᠤᠯᠢ ᠴᠠᠭᠠᠵᠠ ᠶᠢᠨ ᠵᠡᠪᠰᠡᠭ ᠢ | ᠨᠠᠩ ᠬᠤᠷᠴᠠ ᠰᠢᠷᠦᠭᠦᠨ ᠪᠣᠯᠭᠠᠵᠤ᠂ ᠠᠵᠢᠯᠲᠠᠨ ᠠᠵᠢᠯᠴᠢᠨ ᠤ ᠡᠷᠬᠡ ᠠᠰᠢᠭ ᠢ ᠬᠠᠮᠠᠭᠠᠯᠠᠬᠤ ᠲᠡᠶᠢᠨ ᠤ ᠲᠠᠯᠠᠪᠤᠷ ᠲᠤ | ᠨᠠᠷᠢᠯᠢᠭ ᠤᠨᠤᠪᠴᠢᠲᠠᠢ ᠬᠦᠴᠦᠯᠡᠵᠦ᠂ ᠰᠢᠳᠤᠷᠭᠤ ᠶᠣᠰᠣ ᠶᠢ ᠰᠠᠬᠢᠨ ᠬᠠᠮᠠᠭᠠᠯᠠᠵᠤ᠂ ᠬᠠᠤᠯᠢ ᠴᠠᠭᠠᠵᠠ ᠪᠠᠷ ᠪᠣᠳᠠᠲᠠᠶ | ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠶᠢᠨ ᠬᠢᠷᠢ ᠲᠦᠪᠰᠢᠨ ᠢᠶᠠᠨ ᠦᠨᠡᠨ ᠬᠦ ᠳᠡᠭᠡᠭᠰᠢᠯᠡᠭᠦᠯᠦᠨ᠎ᠡ᠃ | ᠡᠳ᠋ ᠤᠨ ᠶᠠᠪᠤᠳᠠᠯ ᠢ ᠬᠢᠨᠠᠬᠤ ᠭᠤᠭᠴᠤᠭ᠎ᠠ᠂ ᠴᠢᠩᠱᠠᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠤᠨ | ᠡᠳ᠋ ᠤᠨ ᠶᠠᠪᠤᠳᠠᠯ ᠤᠨ ᠬᠡᠯᠲᠡᠰ ᠤᠨ ᠵᠠᠩ ᠢᠦᠢ ᠶᠢᠩ ᠨᠥᠬᠦᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠵᠠᠷᠤᠳᠠᠯ ᠤᠨ ᠣᠷᠣᠯᠭ᠎ᠠ ᠵᠠᠷᠤᠯᠭ᠎ᠠ ᠶᠢᠨ | ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾ ᠶᠢᠨ ᠲᠣᠭᠤᠷᠢᠨ ᠳᠤ᠂ ᠠᠵᠢᠯᠴᠢᠨ ᠤ ᠡᠪᠯᠡᠯ ᠤᠨ ᠡᠳ᠋ ᠤᠨ ᠶᠠᠪᠤᠳᠠᠯ ᠤᠨ | ᠬᠠᠮᠢᠶᠠᠷᠤᠯᠲᠠ ᠶᠢᠨ ᠭᠤᠣᠯ ᠵᠦᠢᠯ ᠬᠢᠭᠡᠳ ᠵᠢᠷᠤᠮᠵᠢᠯ ᠤᠨ ᠶᠠᠪᠤᠴᠠ ᠶᠢ ᠨᠠᠷᠢᠨ ᠲᠠᠶᠢᠯᠪᠦᠷᠢᠯᠠᠵᠠᠢ᠃ ᠵᠠᠷᠤᠳᠠᠯ ᠤᠨ | ᠣᠷᠣᠯᠭ᠎ᠠ ᠵᠠᠷᠤᠯᠭ᠎ᠠ ᠶᠢᠨ ᠨᠠᠷᠢᠯᠢᠭ ᠲᠣᠭᠠᠴᠠᠭ᠎ᠠ ᠬᠢᠬᠦ ᠠᠴᠠ ᠲᠥᠰᠦᠪ ᠨᠠᠶᠢᠷᠠᠭᠤᠯᠤᠨ ᠵᠣᠬᠢᠶᠠᠬᠤ ᠬᠦᠷᠲᠡᠯᠡᠬᠢ | ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠴᠢᠩᠭ᠎ᠠ ᠨᠢᠮᠪᠠᠶ ᠡᠵᠡᠮᠳᠡᠯ | ᠬᠦᠷᠲᠡᠯ᠎ᠡ᠂ ᠵᠠᠩᠭᠢᠯᠠᠭ᠎ᠠ ᠶᠢᠨ ᠴᠡᠭ ᠨᠢᠭᠡᠪᠦᠷᠢ ᠶᠢ ᠴᠥᠮ ᠲᠣᠳᠣᠷᠬᠠᠶ ᠰᠦᠯᠵᠢᠵᠦ᠂ ᠰᠤᠷᠤᠭᠴᠢᠳ ᠲᠤ ᠡᠳ᠋ ᠤᠨ | ᠶᠠᠪᠤᠳᠠᠯ ᠤᠨ ᠬᠠᠮᠢᠶᠠᠷᠤᠯᠲᠠ ᠶᠢ ᠵᠢᠷᠤᠮᠵᠢᠭᠤᠯᠬᠤ ᠬᠡᠪ ᠳᠠᠭᠤᠷᠢᠶᠠᠯ ᠢ ᠪᠣᠶ ᠪᠣᠯᠭᠠᠵᠤ ᠥᠭᠪᠡ᠃ ᠡᠭᠦᠨ ᠤ ᠬᠠᠮᠲᠤ᠂ | ᠬᠢᠨᠠᠨ ᠪᠠᠶᠢᠴᠠᠭᠠᠬᠤ ᠠᠵᠢᠯ ᠤᠨ ᠵᠢᠭᠠᠨ ᠰᠤᠷᠭᠠᠯᠲᠠ ᠳᠤ᠂ ᠵᠠᠩ ᠢᠦᠢ ᠶᠢᠩ ᠪᠠᠭᠰᠢ ᠰᠤᠷᠤᠭᠴᠢᠳ ᠢ ᠵᠢᠭᠠᠨ | ᠵᠢᠯᠣᠭᠤᠳᠴᠤ ᠰᠤᠷᠤᠭᠴᠢᠳ ᠤᠨ ᠵᠠᠷᠤᠳᠠᠯ ᠤᠨ ᠬᠡᠷᠡᠭᠯᠡᠯᠲᠡ ᠶᠢᠨ ᠳᠤᠮᠳᠠᠬᠢ ᠳᠠᠯᠳᠠ ᠠᠶᠤᠯ ᠲᠦᠭᠰᠢᠭᠦᠷᠢ ᠶᠢ | ᠬᠡᠷᠬᠢᠨ ᠬᠤᠷᠴᠠ ᠰᠡᠷᠭᠡᠭ ᠠᠵᠢᠭᠯᠠᠬᠤ ᠲᠤᠬᠠᠢ ᠵᠢᠭᠠᠵᠤ᠂ ᠴᠢᠩᠭ᠎ᠠ ᠬᠢᠨᠠᠨ ᠪᠠᠶᠢᠴᠠᠭᠠᠯᠲᠠ ᠪᠠᠷ ᠠᠵᠢᠯᠴᠢᠨ ᠤ | ᠡᠪᠯᠡᠯ ᠤᠨ ᠵᠠᠷᠤᠳᠠᠯ ᠤᠨ ᠵᠦᠢ ᠵᠣᠬᠢᠰᠲᠠᠢ ᠲᠣᠭᠲᠠᠭᠠᠯ ᠳᠤ ᠨᠡᠶᠢᠴᠡᠬᠦ᠂ ᠠᠮᠤᠷ ᠲᠦᠪᠰᠢᠨ ᠥᠨᠳᠥᠷ ᠪᠦᠲᠦᠮᠵᠢᠲᠡᠢ | ᠬᠡᠷᠡᠭᠯᠡᠬᠦ ᠶᠢ ᠪᠠᠲᠤᠯᠠᠵᠤ᠂ ᠠᠵᠢᠯᠴᠢᠨ ᠤ ᠡᠪᠯᠡᠯ ᠤᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠪᠠᠲᠤᠯᠠᠪᠠ᠃ | ᠡᠭᠦᠨ ᠢᠶᠠᠷ ᠪᠠᠷᠠᠬᠤ ᠦᠭᠡᠢ᠂ ᠰᠤᠷᠤᠭᠴᠢᠳ ᠲᠤ ᠬᠦᠴᠦᠨ ᠨᠡᠮᠡᠷᠢᠯᠡᠬᠦ ᠶᠢᠨ ᠲᠥᠯᠥᠭᠡ ᠡᠯ᠎ᠡ ᠬᠡᠰᠡᠭ ᠤᠨ | ᠮᠡᠳᠡᠯᠭᠡ ᠶᠢᠨ ᠬᠤᠭᠤᠷᠣᠨᠳᠣᠬᠢ ᠪᠠᠬᠢᠯᠡᠯᠲᠡ ᠶᠢ ᠡᠪᠳᠡᠵᠦ᠂ ᠠᠭᠤᠰᠤᠯᠴᠠᠨ ᠨᠡᠪᠲᠡᠷᠡᠯᠴᠡᠬᠦ ᠶᠢ ᠪᠡᠶᠡᠯᠡᠭᠦᠯᠬᠦ ᠶᠢᠨ | ᠲᠥᠯᠥᠭᠡ᠂ ︽ᠡᠳᠦᠷ ᠲᠤᠲᠤᠮ ᠤᠨ ᠠᠰᠠᠭᠤᠳᠠᠯ ᠤᠨ ᠲᠥᠭᠡᠷᠢᠭᠳᠡᠯ ᠢ ᠲᠠᠶᠢᠯᠬᠤ︾ ᠭᠤᠭᠴᠤᠭ᠎ᠠ ᠭᠠᠷᠭᠠᠪᠠ᠃ ᠡᠨᠡ ᠬᠦ | ᠭᠤᠭᠴᠤᠭ᠎ᠠ ᠳᠤ᠂ ᠲᠤᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠤᠨ ᠡᠯ᠎ᠡ ᠲᠤᠬᠠᠶᠢᠯᠠᠭᠰᠠᠨ ᠠᠵᠢᠯ ᠤᠨ | ᠭᠤᠣᠯᠯᠠᠭᠴᠢ ᠬᠦᠴᠦᠨ ᠨᠢᠭᠡ ᠲᠢᠩᠭᠢᠮ ᠳᠤ ᠴᠤᠭᠯᠠᠷᠠᠵᠤ᠂ ᠤᠯᠠᠨ ᠤ ᠡᠳᠦᠷ ᠳᠤᠳᠤᠮ ᠤᠨ ᠠᠵᠢᠯ ᠤᠨ ᠳᠤᠮᠳᠠ | ᠲᠤᠯᠭᠠᠷᠠᠭᠰᠠᠨ ᠬᠦᠴᠢᠷ ᠲᠦᠪᠡᠭᠲᠡᠢ ᠠᠰᠠᠭᠤᠳᠠᠯ ᠳᠤ ᠴᠢᠭᠯᠡᠭᠦᠯᠦᠨ᠂ ᠨᠢᠭᠤᠷᠳᠠᠨ ᠶᠠᠷᠢᠯᠴᠠᠵᠤ᠂ ᠨᠢᠭᠡᠳ ᠨᠢᠭᠡ ᠪᠠᠷ | ᠤᠨᠢᠨ ᠳᠡᠭᠡᠷ᠎ᠡ ᠨᠢ ᠬᠠᠷᠢᠭᠤᠯᠲᠠ ᠥᠭᠴᠦ᠂ ᠰᠤᠷᠤᠭᠴᠢ ᠨᠢᠭᠡᠪᠦᠷᠢ ᠴᠥᠮ ᠲᠣᠳᠣᠷᠬᠠᠢ ᠰᠡᠳᠬᠢᠴᠡ ᠪᠣᠯᠤᠨ ᠦᠨᠡᠨᠬᠦ | ᠶᠠᠪᠤᠭᠳᠠᠭᠤᠰᠢᠲᠠᠢ ᠰᠢᠢᠳᠪᠦᠷᠢᠯᠡᠬᠦ ᠲᠥᠰᠦᠯ ᠢ ᠠᠪᠴᠤ ᠠᠵᠢᠯ ᠤᠨ ᠪᠠᠶᠢᠷᠢ ᠳᠠᠭᠠᠨ ᠪᠤᠴᠠᠵᠤ᠂ ᠰᠣᠷᠣᠭᠰᠠᠨ | ᠮᠡᠳᠡᠯᠭᠡ ᠪᠠᠨ ᠠᠮᠢᠳᠤᠯᠢᠭ ᠢᠶᠠᠷ ᠬᠡᠷᠡᠭᠯᠡᠵᠦ᠂ ᠠᠵᠢᠯ ᠤᠨ ᠦᠷ᠎ᠡ ᠪᠦᠲᠦᠮᠵᠢ ᠪᠠᠨ ᠦᠨᠡᠨᠬᠦ ᠳᠡᠭᠡᠭᠰᠢᠯᠡᠭᠦᠯᠬᠦ ᠪᠠᠷ | ᠴᠢᠷᠮᠠᠶᠢᠨ᠎ᠠ᠃ | ᠡᠨᠡ ᠬᠦ ᠪᠣᠯᠪᠠᠰᠤᠷᠠᠭᠤᠯᠤᠯ ᠢᠶᠠᠷ ᠳᠡᠮᠵᠢᠨ᠂ ᠰᠤᠷᠤᠯᠴᠠᠭᠰᠠᠳ ᠳᠦᠭᠦᠷᠡᠩ ᠠᠮᠵᠢᠯᠲᠠ ᠣᠯᠵᠤ᠂ ᠨᠠᠩ ᠲᠤᠰᠬᠠᠶ | ᠮᠡᠷᠭᠡᠵᠢᠯ ᠤᠨ ᠬᠡᠪ ᠪᠣᠯᠪᠠᠰᠤᠷᠠᠯ᠂ ᠨᠠᠩ ᠡᠷᠡᠰ ᠪᠠᠲᠤ ᠢᠲᠡᠭᠡᠯ ᠵᠣᠷᠢᠭ ᠢᠶᠠᠷ ᠬᠠᠮᠲᠤ ᠪᠠᠷ ᠵᠥᠪᠳᠡᠯᠴᠡᠬᠦ ᠰᠢᠷᠡᠭᠡᠨ ᠤ | ᠡᠮᠦᠨ᠎ᠡ ᠣᠷᠣᠯᠴᠠᠵᠤ᠂ ᠠᠵᠢᠯᠲᠠᠨ ᠠᠵᠢᠯᠴᠢᠨ ᠤ ᠵᠦᠶ ᠵᠣᠬᠢᠰᠲᠠᠶ ᠡᠷᠬᠡ ᠠᠰᠢᠭ ᠢ ᠲᠡᠮᠡᠴᠡᠨ ᠣᠯᠤᠨ᠎ᠠ︔ | ᠬᠥᠳᠡᠯᠮᠦᠷᠢ ᠶᠢᠨ ᠬᠠᠤᠯᠢ ᠴᠠᠭᠠᠵᠠ ᠶᠢᠨ ᠡᠷᠬᠡ ᠠᠰᠢᠭ ᠢ ᠬᠠᠮᠠᠭᠠᠯᠠᠬᠤ ᠡᠮᠦᠨ᠎ᠡ ᠵᠢᠭᠰᠠᠭᠠᠯ ᠤᠨ ᠭᠠᠵᠠᠷ ᠲᠤ | ᠢᠳᠡᠪᠬᠢᠲᠡᠶ ᠠᠵᠢᠯᠯᠠᠵᠤ᠂ ᠲᠥᠪ ᠭᠤᠤᠯᠴᠢ ᠰᠢᠳᠤᠷᠭᠤ ᠶᠣᠰᠣ ᠶᠢ ᠰᠠᠬᠢᠨ ᠬᠠᠮᠠᠭᠠᠯᠠᠨ᠎ᠠ︔ ᠡᠳ᠋ ᠤᠨ ᠶᠠᠪᠤᠳᠠᠯ ᠤᠨ | ᠬᠢᠨᠠᠨ ᠪᠠᠶᠢᠴᠠᠭᠠᠯᠲᠠ ᠶᠢᠨ ᠵᠠᠩᠭᠢᠯᠠᠭ᠎ᠠ ᠶᠢᠨ ᠠᠵᠢᠯ ᠤᠨ ᠪᠠᠶᠢᠷᠢ ᠪᠠᠨ ᠪᠠᠲᠤ ᠰᠠᠬᠢᠵᠤ᠂ ᠠᠵᠢᠯᠴᠢᠨ ᠤ ᠡᠪᠯᠡᠯ ᠤᠨ | ᠵᠠᠷᠤᠳᠠᠯ ᠤᠨ ᠲᠣᠭᠲᠠᠭᠤᠨ ᠠᠵᠢᠯᠯᠠᠭᠠᠨ ᠢ ᠪᠠᠲᠤᠯᠠᠨ᠎ᠠ᠃ ᠳᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ | ᠠᠵᠢᠯᠴᠢᠨ ᠤ ᠶᠡᠷᠦᠩᠬᠡᠢ ᠡᠪᠯᠡᠯ ᠬᠤᠪᠢᠷᠠᠰᠢ ᠦᠭᠡᠢ ᠬᠠᠮᠲᠤ ᠶᠢᠨ ᠵᠥᠪᠳᠡᠯᠴᠡᠭᠡ ᠪᠠᠷ ᠵᠢᠷᠤᠭ ᠤᠨ ᠪᠢᠷ ᠪᠣᠯᠭᠠᠵᠤ᠂ | ᠬᠥᠳᠡᠯᠮᠦᠷᠢ ᠶᠢᠨ ᠬᠠᠷᠢᠴᠠᠭ᠎ᠠ ᠶᠢᠨ ᠭᠤᠶᠢᠳᠠ ᠰᠠᠶᠢᠬᠠᠨ ᠵᠢᠷᠤᠭ ᠢ ᠵᠢᠷᠤᠭᠯᠠᠨ᠎ᠠ︔ ᠠᠵᠢᠯᠴᠢᠨ ᠤ ᠡᠪᠯᠡᠯ ᠤᠨ | ᠬᠥᠳᠡᠯᠮᠦᠷᠢ ᠶᠢᠨ ᠬᠠᠤᠯᠢ ᠴᠠᠭᠠᠵᠠ ᠶᠢᠨ ᠬᠢᠨᠠᠯᠲᠠ ᠪᠠᠷ ᠬᠤᠷᠴᠠ ᠰᠡᠯᠡᠮ᠎ᠡ ᠪᠣᠯᠭᠠᠵᠤ᠂ ᠡᠷᠬᠡ ᠳᠤ ᠬᠠᠯᠳᠠᠭᠰᠠᠨ ᠦᠢᠯᠡ | ᠠᠵᠢᠯᠯᠠᠭ᠎ᠠ ᠶᠢ ᠲᠠᠰᠤᠯᠤᠨ᠎ᠠ︔ ᠠᠵᠢᠯᠴᠢᠨ ᠤ ᠡᠪᠯᠡᠯ ᠤᠨ ᠡᠳ᠋ ᠤᠨ ᠶᠠᠪᠤᠳᠠᠯ ᠤᠨ ᠬᠢᠨᠠᠯᠲᠠ ᠪᠠᠷ ᠪᠠᠷᠢᠮᠵᠢᠶ᠎ᠠ ᠪᠣᠯᠭᠠᠵᠤ᠂ | ᠵᠠᠷᠤᠳᠠᠯ ᠤᠨ ᠬᠡᠷᠡᠭᠯᠡᠯᠲᠡ ᠶᠢᠨ ᠨᠠᠷᠢᠯᠢᠭ ᠤᠨᠤᠪᠴᠢᠲᠠᠢ ᠬᠡᠮᠵᠢᠭᠦᠷ ᠪᠣᠯᠭᠠᠵᠤ᠂ ᠦᠷᠭᠦᠯᠵᠢᠯᠡᠨ ᠤᠷᠲᠤ | ᠬᠤᠭᠤᠴᠠᠭ᠎ᠠ ᠪᠠᠷ ᠬᠦᠴᠦ ᠲᠠᠯᠪᠢᠨ᠎ᠠ᠃ ᠰᠢᠨ᠎ᠡ ᠴᠠᠭ ᠦᠶ᠎ᠡ ᠶᠢᠨ ᠠᠤᠭ᠎ᠠ ᠵᠢᠷᠤᠭ ᠲᠥᠯᠥᠪᠯᠡᠭᠡ ᠶᠢᠨ ᠳᠣᠣᠷ᠎ᠠ᠂ | ᠠᠵᠢᠯᠴᠢᠨ ᠤ ᠡᠪᠯᠡᠯ ᠤᠨ ᠠᠵᠢᠯ ᠤᠨ ᠭᠡᠷᠡᠯ ᠰᠠᠴᠤᠷᠠᠩᠭᠤᠢ ᠬᠠᠭᠤᠳᠠᠰᠤ ᠶᠢ ᠪᠦᠬᠦ ᠬᠦᠴᠦᠨ ᠢᠶᠠᠷ ᠢᠶᠠᠨ ᠪᠢᠴᠢᠭᠯᠡᠵᠦ᠂ | ︽ᠰᠢᠨ᠎ᠡ ᠴᠠᠭ ᠦᠶ᠎ᠡ ᠶᠢᠨ ᠠᠵᠢᠯᠴᠢᠨ ᠤ ᠡᠪᠯᠡᠯ ᠤᠨ ᠹᠧᠩᠴᠢᠶᠤᠤ ᠶᠢᠨ ᠲᠤᠷᠰᠢᠯᠭ᠎ᠠ︾ ᠳᠤ ᠬᠦᠴᠦ ᠨᠡᠮᠡᠷᠢᠯᠡᠵᠦ᠂ | ᠴᠢᠩᠱᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯ ᠴᠡᠴᠡᠭᠯᠡᠯ ᠪᠠ ᠲᠣᠭᠲᠠᠭᠤᠨ ᠤ ᠲᠥᠯᠥᠭᠡ ᠪᠦᠬᠦ | ᠬᠦᠴᠦᠨ ᠢᠶᠠᠷ ᠢᠶᠠᠨ ᠴᠢᠷᠮᠠᠶᠢᠨ᠎ᠠ᠃ | | | | | | |