ᠬᠤᠷᠢᠬᠯᠠᠯᠳᠠ ᠶᠢᠨ ᠦᠢᠯᠡᠳᠦᠯ ᠢ ᠦᠨᠡᠨ ᠬᠦ ᠪᠠᠳᠠᠷᠠᠭᠤᠯᠵᠤ᠂ ᠨᠡᠶᠢᠭᠡᠮ ᠤᠨ ᠪᠠᠳᠤᠯᠠᠭ᠎ᠠ ᠶᠢᠨ ᠰᠠᠭᠤᠷᠢ ᠮᠦᠩᠬᠦᠨ ᠤ ᠠᠮᠤᠷ ᠲᠦᠪᠰᠢᠨ ᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2024/12/20
      ᠣᠶᠢᠷ᠎ᠠ ᠶᠢᠨ ᠵᠢᠯ ᠤᠨ ᠲᠤᠷᠰᠢ᠂ ᠴᠢᠩᠱᠠᠨ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠭᠠᠷᠲᠠᠨ ᠭᠦᠢᠴᠡᠳᠬᠡᠬᠦ ᠶᠠᠪᠤᠴᠠ ᠶᠢ ᠴᠢᠩᠳᠠᠯᠠᠵᠤ᠂ ᠲᠤᠬᠠᠶᠢᠯᠠᠭᠰᠠᠨ ᠠᠵᠢᠯ ᠤᠨ ᠭᠠᠷᠲᠠᠨ ᠭᠦᠢᠴᠡᠳᠬᠡᠬᠦ ᠴᠢᠳᠠᠪᠤᠷᠢ ᠶᠢ ᠴᠢᠩᠭᠠᠷᠠᠭᠤᠯᠤᠨ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠤ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ︽ᠰᠡᠷᠭᠡᠶᠢᠯᠡᠨ ᠡᠵᠡᠮᠳᠡᠬᠦ︾ ᠶᠢ ᠵᠢᠷᠤᠮᠵᠢᠭᠤᠯᠤᠨ ᠭᠦᠢᠴᠡᠳᠬᠡᠬᠦ ᠠᠵᠢᠯᠯᠠᠭ᠎ᠠ ᠶᠢ ᠵᠢᠷᠤᠮᠵᠢᠭᠤᠯᠵᠤ᠂ ᠰᠠᠭᠤᠷᠢ ᠮᠥᠩᠭᠦ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠷᠠᠳ ᠣᠯᠠᠨ ᠤ ︽ᠨᠠᠰᠤᠵᠢᠯ ᠤᠨ ᠠᠰᠠᠷᠠᠮᠵᠢ ᠶᠢᠨ ᠮᠥᠩᠭᠦ︾ ︽ᠠᠮᠢ ᠨᠠᠰᠤᠨ ᠤ ᠮᠥᠩᠭᠦ︾ ᠨᠢᠭᠡᠪᠦᠷᠢ ᠶᠢ ᠰᠠᠶᠢᠲᠤᠷ ᠰᠠᠬᠢᠨ ᠬᠠᠮᠠᠭᠠᠯᠠᠪᠠ᠃     ᠨᠢᠭᠡ ᠳᠤ᠂ ᠭᠠᠷᠲᠠᠨ ᠭᠦᠢᠴᠡᠳᠬᠡᠬᠦ ᠶᠢ ᠵᠢᠷᠤᠮᠵᠢᠭᠤᠯᠵᠤ᠂ ᠨᠡᠶᠢᠭᠡᠮ ᠤᠨ ᠳᠠᠭᠠᠳᠬᠠᠯ ᠤᠨ ᠭᠠᠷᠲᠠᠨ ᠭᠦᠢᠴᠡᠳᠬᠡᠬᠦ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ᠃ ᠠᠵᠢᠯ ᠤᠨ ᠪᠠᠶᠢᠷᠢ ᠶᠢᠨ ᠠᠵᠢᠯᠲᠠᠨ ᠢ ᠵᠦᠢ ᠵᠣᠬᠢᠰᠲᠠᠶ ᠲᠣᠬᠢᠷᠠᠭᠤᠯᠵᠤ᠂ ᠬᠦᠯᠢᠶᠡᠨ ᠠᠪᠴᠤ ᠰᠢᠢᠳᠪᠦᠷᠢᠯᠡᠬᠦ᠂ ᠳᠠᠬᠢᠨ ᠬᠢᠨᠠᠬᠤ᠂ ᠬᠢᠨᠠᠨ ᠬᠠᠷᠭᠤᠭᠤᠯᠬᠤ ᠭᠤᠷᠪᠠᠨ ᠱᠠᠲᠤᠨ ᠤ ᠠᠵᠢᠯ ᠤᠨ ᠪᠠᠶᠢᠷᠢ ᠶᠢ ᠰᠠᠯᠭᠠᠬᠤ ᠶᠢ ᠴᠢᠩᠭ᠎ᠠ ᠬᠡᠷᠡᠭᠵᠢᠭᠦᠯᠵᠦ᠂ ᠲᠤᠰᠬᠠᠶ ᠰᠡᠳᠦᠪᠲᠦ ᠲᠥᠷᠥ ᠶᠢᠨ ᠪᠣᠳᠣᠯᠭ᠎ᠠ ᠶᠢᠨ ᠬᠠᠪᠰᠤᠷᠤᠨ ᠵᠢᠯᠣᠭᠤᠳᠬᠤ ᠪᠠ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠢᠳᠡᠪᠬᠢᠲᠡᠶ ᠥᠷᠨᠢᠭᠦᠯᠦᠨ᠂ ᠬᠠᠷᠢᠭᠤᠴᠠᠯᠭ᠎ᠠ ᠲᠣᠳᠣᠷᠬᠠᠶ᠂ ᠠᠵᠢᠯᠯᠠᠬᠤ ᠴᠤᠪᠤᠷᠠᠯ ᠢ ᠵᠢᠷᠤᠮᠵᠢᠭᠤᠯᠤᠨ᠎ᠠ᠃      ᠬᠤᠶᠠᠷ ᠲᠤ᠂ ᠳᠣᠲᠣᠭᠠᠳᠤ ᠶᠢᠨ ᠡᠵᠡᠮᠳᠡᠯ ᠢ ᠬᠠᠷᠭᠤᠭᠤᠯᠤᠨ ᠪᠤᠳᠤᠵᠤ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠲᠤᠬᠠᠶᠢᠯᠠᠭᠰᠠᠨ ᠠᠵᠢᠯ ᠤᠨ ᠬᠡᠪ ᠴᠢᠨᠠᠷ ᠢᠶᠠᠷ ᠥᠨᠳᠥᠷ᠂ ᠶᠡᠷᠦᠩᠬᠡᠶᠢᠯᠡᠭᠰᠡᠨ ᠴᠢᠳᠠᠪᠤᠷᠢ ᠪᠠᠷ ᠴᠢᠩᠭ᠎ᠠ ᠲᠤᠰᠬᠠᠶ ᠲᠤᠰᠢᠶᠠᠯ ᠲᠠᠢ ᠪᠠᠷ ᠳᠣᠲᠣᠭᠠᠳᠤ ᠡᠵᠡᠮᠳᠡᠯ ᠤᠨ ᠬᠥᠮᠦᠰ ᠢ ᠲᠣᠬᠢᠷᠠᠭᠤᠯᠵᠤ᠂ ᠡᠳᠦᠷ ᠲᠤᠲᠤᠮ ᠤᠨ ᠭᠠᠷᠲᠠᠨ ᠭᠦᠢᠴᠡᠳᠭᠡᠬᠦ ᠶᠠᠪᠤᠴᠠ ᠳᠠᠬᠢ ᠳᠣᠲᠣᠭᠠᠳᠤ ᠳᠠᠭᠠᠨ ᠡᠵᠡᠮᠳᠡᠬᠦ᠂ ᠰᠡᠵᠢᠭ ᠲᠠᠢ ᠭᠠᠵᠠᠷ ᠤᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠪᠠ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠨᠡᠬᠡᠮᠵᠢᠯᠡᠨ ᠬᠤᠷᠢᠶᠠᠬᠤ ᠠᠵᠢᠯ ᠢ ᠬᠠᠷᠢᠭᠤᠴᠠᠵᠤ᠂ ᠲᠥᠷᠥ ᠶᠢᠨ ᠪᠣᠳᠣᠯᠭ᠎ᠠ᠂ ᠭᠠᠷᠲᠠᠨ ᠭᠦᠢᠴᠡᠳᠭᠡᠬᠦ᠂ ᠬᠢᠨᠠᠯᠲᠠ ᠲᠠᠯᠪᠢᠬᠤ᠂ ᠮᠡᠳᠡᠭᠡ ᠵᠠᠩᠭᠢ ︽ᠳᠥᠷᠪᠡ ᠶᠢ ᠨᠢᠭᠡ ᠴᠤᠭᠴᠠᠵᠢᠭᠤᠯᠬᠤ︾ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠦᠨᠡᠨᠬᠦ ᠠᠬᠢᠭᠤᠯᠤᠨ᠎ᠠ᠃      ᠭᠤᠷᠪᠠ ᠳᠤ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠵᠤ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠬᠠᠮᠠᠭᠠᠯᠠᠨ᠎ᠠ᠃ ᠰᠡᠷᠡᠮᠵᠢᠯᠡᠭᠦᠯᠬᠦ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠦᠷᠭᠦᠯᠵᠢ ᠵᠠᠷᠯᠠᠨ ᠮᠡᠳᠡᠭᠳᠡᠵᠦ᠂ ᠨᠡᠶᠢᠭᠡᠮ ᠤᠨ ᠳᠠᠭᠠᠳᠬᠠᠯ ᠤᠨ ᠭᠠᠷᠲᠠᠨ ᠭᠦᠢᠴᠡᠳᠭᠡᠬᠦ ᠠᠵᠢᠯᠲᠠᠨ ᠤ ᠠᠷᠢᠭᠤᠨ ᠴᠢᠬᠡᠴᠢ ᠪᠠᠷ ᠠᠵᠢᠯ ᠡᠷᠭᠢᠯᠡᠬᠦ ᠤᠬᠠᠮᠰᠠᠷ ᠪᠠ ᠢᠯᠵᠠᠷᠠᠯ ᠢ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠠᠵᠢᠯᠲᠠᠨ ᠤ ᠪᠢᠰᠢᠷᠡᠨ ᠵᠢᠷᠦᠬᠡᠰᠢᠶᠡᠬᠦ ᠶᠢ ᠮᠡᠳᠡᠬᠦ᠂ ᠰᠡᠷᠡᠮᠵᠢᠯᠡᠬᠦ ᠶᠢ ᠮᠡᠳᠡᠬᠦ᠂ ᠬᠤᠷᠢᠭ᠎ᠠ ᠱᠤᠭᠤᠮ ᠢ ᠰᠠᠬᠢᠬᠤ ᠶᠢ ᠠᠬᠢᠭᠤᠯᠵᠤ᠂ ᠨᠠᠩ ᠪᠠᠲᠤ ᠪᠠᠬᠢ ᠰᠠᠭᠤᠷᠢ ᠮᠥᠩᠭᠦ ᠶᠢᠨ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠲᠣᠤᠷ ᠢ ᠪᠠᠶᠢᠭᠤᠯᠵᠤ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠨ᠎ᠠ᠃      ᠲᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠬᠢᠨᠠᠯᠲᠠ ᠲᠠᠯᠪᠢᠵᠤ ᠪᠠᠶᠢᠴᠠᠭᠠᠬᠤ ᠪᠦᠲᠦᠮᠵᠢᠲᠦ ᠴᠢᠨᠠᠷ ᠪᠠ ᠰᠦᠷᠳᠡᠭᠦᠯᠬᠦ ᠬᠦᠴᠦᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠯᠪᠡᠷᠢ ᠶᠢᠨ ᠲᠣᠭᠲᠠᠩᠭᠤᠶ ᠬᠢᠨᠠᠯᠲᠠ ᠬᠠᠮᠢᠶᠠᠷᠤᠯᠲᠠ ᠠᠴᠠ ᠬᠥᠳᠡᠯᠦᠩᠭᠦᠶ ᠬᠢᠨᠠᠯᠲᠠ ᠬᠠᠮᠢᠶᠠᠷᠤᠯᠲᠠ ᠳᠠᠰᠢ ᠬᠤᠪᠢᠷᠠᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠴᠤᠪᠤᠷᠠᠯ ᠤᠨ ᠬᠠᠮᠢᠶᠠᠷᠤᠯᠲᠠ ᠠᠴᠠ ᠲᠣᠮᠣ ᠳ᠋ᠠᠶᠢᠲ᠋ᠠ ᠶᠢᠨ ᠵᠠᠰᠠᠯᠲᠠ ᠳᠠᠰᠢ ᠬᠤᠪᠢᠷᠠᠭᠤᠯᠵᠤ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠰᠠᠶᠢᠲᠤᠷ ᠰᠠᠬᠢᠨ ᠬᠠᠮᠠᠭᠠᠯᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠦᠨᠡᠨ ᠬᠦ ᠬᠤᠪᠢᠷᠠᠭᠤᠯᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号