ᠴᠢᠩ ᠹᠦ᠋ ᠪᠠᠯᠭᠠᠰᠤ᠄ ᠨᠡᠭᠡᠭᠡᠯᠲᠡᠲᠦ ︽ᠬᠡᠷ ᠤᠨ ᠡᠭᠦᠳᠡ︾᠎ ᠶᠢᠨ ᠠᠵᠢᠯᠯᠠᠭᠠᠨ ᠤ ᠲᠠᠰᠤᠭ ᠰᠠᠭᠤᠭᠠᠯᠢ ᠠᠷᠠᠳ ᠤᠨ ᠵᠣᠯ ᠵᠢᠷᠭᠠᠯᠲᠤ ᠠᠮᠢᠳᠤᠷᠠᠯ ᠢ ᠭᠡᠷᠡᠯᠲᠦᠭᠦᠯᠦᠨ᠎ᠡ
ᠨᠡᠶᠢᠲᠡᠯᠡᠭᠰᠡᠨ ᠴᠠᠭ᠄
2024/12/23
      ᠣᠶᠢᠷ᠎ᠠ ᠳᠤ᠂ ᠴᠢᠩ ᠹᠦ᠋ ᠪᠠᠯᠭᠠᠰᠤᠨ ᠤ ᠹᠠᠩ ᠰᠢᠩ ᠱᠠᠨ ᠢᠦᠶ ᠬᠤ᠋ ᠵᠢᠵᠢᠭ ᠲᠣᠭᠤᠷᠢᠭ ᠤᠨ ᠰᠠᠭᠤᠭᠠᠯᠢ ᠠᠷᠠᠳ ᠤᠨ ᠬᠠᠯᠠᠭᠤᠨ ᠬᠦᠰᠡᠯ ᠡᠷᠡᠮᠡᠯᠵᠡᠯ ᠳᠤ᠂ ᠰᠠᠭᠤᠭᠠᠯᠢ ᠠᠷᠠᠳ ᠤᠨ ᠰᠢᠲᠠᠷ᠎ᠠ ᠶᠢᠨ ᠥᠷᠥᠭᠡ ᠵᠢᠩᠬᠢᠨᠢ ᠪᠠᠷ ᠨᠡᠭᠡᠭᠡᠯᠲᠡ ᠬᠢᠵᠦ᠂ ᠰᠠᠭᠤᠭᠠᠯᠢ ᠠᠷᠠᠳ ᠤᠨ ᠠᠮᠢᠳᠤᠷᠠᠯ ᠳᠤ ᠪᠠᠶᠠᠷ ᠬᠥᠷ ᠲᠠᠢ ᠠᠭᠤᠷ ᠠᠮᠢᠰᠬᠤᠯ ᠨᠡᠮᠡᠷᠢᠯᠡᠪᠡ᠃      ᠰᠢᠲᠠᠷ᠎ᠠ ᠶᠢᠨ ᠥᠷᠥᠭᠡ ᠶᠢ ᠠᠳᠠᠯ ᠠᠬᠤᠢ ᠶᠢᠨ ᠠᠰᠠᠷ ᠤᠨ ᠬᠤᠶᠠᠳᠤᠭᠠᠷ ᠠᠰᠠᠷ ᠲᠤ ᠲᠤᠬᠢᠷᠠᠭᠤᠯᠵᠦ᠂ ᠳ᠋ᠧᠩ ᠤᠨ ᠭᠡᠷᠡᠯ᠂ ᠲᠣᠬᠢᠯᠢᠭ ᠰᠠᠭᠤᠳᠠᠯ ᠰᠢᠲᠠᠷ᠎ᠠ ᠰᠢᠷᠡᠭᠡᠨ ᠳᠡᠭᠡᠷ᠎ᠡ ᠲᠠᠯᠪᠢᠭᠠᠳ᠂ ᠭᠡᠷ ᠳᠣᠲᠣᠷᠠᠬᠢ ᠵᠠᠰᠠᠯ ᠴᠢᠮᠡᠭᠯᠡᠯ ᠨᠢ ᠨᠠᠷᠢᠯᠢᠭ ᠰᠠᠶᠢᠬᠠᠨ᠂ ᠬᠠᠨ᠎ᠠ ᠶᠢᠨ ᠳᠡᠭᠡᠷ᠎ᠡ ᠰᠢᠲᠠᠷ᠎ᠠ ᠶᠢᠨ ᠰᠣᠶᠣᠯ ᠤᠨ ᠬᠠᠮᠢᠶ᠎ᠠ ᠪᠦᠬᠦᠢ ᠵᠠᠰᠠᠯ ᠴᠢᠮᠡᠭᠯᠡᠯ ᠤᠨ ᠵᠢᠷᠤᠭ ᠡᠯᠭᠦᠵᠦ᠂ ᠭᠦᠨ ᠵᠤᠵᠠᠭᠠᠨ ᠵᠤᠭ᠎ᠠ ᠴᠡᠩᠭᠡᠯ ᠤᠨ ᠠᠭᠤᠷ ᠠᠮᠢᠰᠬᠤᠯ ᠢ ᠪᠤᠢ ᠪᠣᠯᠭᠠᠪᠠ᠃      ᠰᠠᠭᠤᠭᠠᠯᠢ ᠠᠷᠠᠳ ᠤᠨ ᠰᠢᠲᠠᠷ᠎ᠠ ᠨᠠᠭᠠᠳᠬᠤ ᠶᠢ ᠪᠠᠲᠤᠯᠠᠬᠤ ᠶᠢᠨ ᠲᠥᠯᠥᠭᠡ᠂ ᠰᠢᠲᠠᠷ᠎ᠠ ᠶᠢᠨ ᠲᠠᠰᠤᠭ ᠨᠢ ᠡᠯ᠎ᠡ ᠲᠥᠷᠥᠯ ᠤᠨ ᠪᠦᠷᠢᠨ ᠭᠦᠢᠴᠡᠳ ᠪᠥᠭᠡᠳ ᠴᠤ᠋ ᠰᠢᠨ᠎ᠡ ᠰᠢᠲᠠᠷ᠎ᠠ ᠶᠢᠨ ᠬᠡᠷᠡᠭᠰᠡᠯ ᠢ ᠳᠣᠭᠢᠷᠠᠭᠤᠯᠵᠤ᠂ ᠰᠣᠩᠭᠤᠳᠠᠭ ᠰᠢᠲᠠᠷ᠎ᠠ᠂ ᠮᠢᠭᠮᠡᠨ ᠰᠢᠲᠠᠷ᠎ᠠ ᠡᠰᠡᠬᠦᠯ᠎ᠡ ᠣᠯᠠᠨ ᠲᠦᠮᠡᠨ ᠤ ᠳᠤᠷᠠᠲᠠᠶ ᠬᠥᠵᠥᠷ ᠫᠠᠢ ᠪᠦᠬᠦᠨ ᠢ ᠲᠤᠬᠢᠷᠠᠭᠤᠯᠵᠦ᠂ ᠠᠳᠠᠯᠢ ᠪᠤᠰᠤ ᠰᠠᠭᠤᠭᠠᠯᠢ ᠠᠷᠠᠳ ᠤᠨ ᠳᠤᠷ᠎ᠠ ᠰᠣᠨᠢᠷᠬᠠᠯ ᠢ ᠬᠠᠩᠭᠠᠭᠰᠠᠨ ᠪᠠᠶᠢᠨ᠎ᠠ᠃      ᠨᠡᠶᠢᠭᠡᠮ ᠲᠣᠭᠤᠷᠢᠭ ᠪᠠᠰᠠ ᠠᠵᠢᠯᠲᠠᠨ ᠢ ᠲᠤᠰᠬᠠᠶᠢᠯᠠᠨ ᠲᠣᠬᠢᠷᠠᠭᠤᠯᠤᠨ ᠰᠢᠲᠠᠷ᠎ᠠ ᠶᠢᠨ ᠥᠷᠥᠭᠡᠨ ᠳᠤ ᠬᠠᠮᠢᠶᠠᠷᠤᠯᠲᠠ ᠪᠠ ᠦᠢᠯᠡᠴᠢᠯᠡᠭᠡ ᠬᠢᠯᠭᠡᠵᠦ᠂ ᠡᠮᠬᠢ ᠳᠢᠭᠯᠢᠮ ᠢ ᠰᠠᠶᠢᠨ ᠬᠠᠮᠠᠭᠠᠯᠠᠵᠤ᠂ ᠣᠷᠴᠢᠨ ᠲᠣᠭᠤᠷᠢᠨ ᠤ ᠨᠠᠮ ᠵᠢᠮ᠂ ᠴᠡᠪᠡᠷ ᠲᠡᠭᠰᠢ ᠪᠠᠶᠢᠬᠤ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ᠂ ᠰᠣᠨᠢᠷᠬᠠᠯᠲᠤ ᠴᠢᠨᠠᠷ ᠢ ᠨᠡᠮᠡᠭᠳᠡᠭᠦᠯᠬᠦ ᠶᠢᠨ ᠲᠥᠯᠥᠭᠡ᠂ ᠵᠠᠯᠭᠠᠭᠠᠳ ᠪᠠᠰᠠ ᠲᠣᠭᠲᠠᠭᠰᠠᠨ ᠬᠤᠭᠤᠴᠠᠭ᠎ᠠ ᠲᠠᠢ ᠪᠠᠷ ᠰᠢᠲᠠᠷ᠎ᠠ ᠶᠢᠨ ᠤᠷᠤᠯᠳᠤᠭᠠᠨ ᠶᠠᠪᠤᠭᠤᠯᠵᠤ᠂ ᠡᠯᠪᠡᠭ ᠪᠠᠶᠠᠯᠢᠭ ᠱᠠᠩᠨᠠᠯ ᠭᠠᠷᠭᠠᠵᠤ᠂ ᠰᠠᠭᠤᠭᠠᠯᠢ ᠠᠷᠠᠳ ᠤᠨ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠬᠦ ᠪᠠᠷ ᠲᠥᠯᠥᠪᠯᠡᠵᠦ ᠪᠠᠶᠢᠨ᠎ᠠ᠃      ᠹᠠᠩ ᠰᠢᠩ ᠱᠠᠨ ᠢᠦᠶ ᠬᠤ᠋ ᠰᠠᠭᠤᠭᠠᠯᠢ ᠠᠷᠠᠳ ᠤᠨ ᠰᠢᠲᠠᠷ᠎ᠠ ᠶᠢᠨ ᠲᠠᠰᠤᠭ ᠤᠨ ᠨᠡᠭᠡᠭᠡᠯᠲᠡ ᠨᠢ ᠵᠥᠪᠬᠡᠨ ᠡᠬᠢᠯᠡᠯᠲᠡ ᠶᠤᠮ᠂ ᠢᠷᠡᠭᠡᠳᠦᠶ ᠳᠤ ᠶᠢᠨ ᠬᠠᠶ ᠨᠡᠶᠢᠭᠡᠮ ᠲᠣᠭᠤᠷᠢᠭ ᠠᠵᠢᠯᠯᠠᠭᠠᠨ ᠤ ᠲᠠᠰᠤᠭ ᠤᠨ ᠪᠡᠯᠡᠳᠬᠡᠮᠵᠢ ᠪᠠ ᠦᠢᠯᠡᠴᠢᠯᠡᠭᠡ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠰᠠᠭᠤᠭᠠᠯᠢ ᠠᠷᠠᠳ ᠤᠨ ᠬᠡᠷᠡᠭᠴᠡᠭᠡ ᠪᠠ ᠬᠠᠷᠢᠭᠤ ᠲᠤᠰᠬᠠᠯ ᠢ ᠦᠨᠳᠦᠰᠦᠯᠡᠨ᠂ ᠲᠡᠭᠦᠨ ᠢ ᠴᠠᠭ ᠲᠤᠨᠢ ᠲᠤᠬᠢᠷᠠᠭᠤᠯᠤᠨ ᠰᠢᠨ᠎ᠡ ᠠᠵᠢᠯᠯᠠᠭ᠎ᠠ ᠶᠢᠨ ᠲᠥᠷᠥᠯ ᠵᠦᠢᠯ ᠪᠠ ᠠᠭᠤᠯᠭ᠎ᠠ ᠶᠢ ᠨᠡᠮᠡᠭᠳᠡᠭᠦᠯᠵᠦ᠂ ᠲᠡᠭᠦᠨ ᠢ ᠰᠡᠯᠡᠭᠦᠴᠡᠯ᠂ ᠵᠤᠭ᠎ᠠ ᠴᠡᠩᠭᠡᠯ᠂ ᠰᠤᠷᠤᠯᠴᠠᠯᠭ᠎ᠠ᠂ ᠰᠣᠯᠢᠯᠴᠠᠭ᠎ᠠ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠨᠡᠶᠢᠭᠡᠮ ᠲᠣᠭᠤᠷᠢᠭ ᠤᠨ ᠠᠵᠢᠯᠯᠠᠭᠠᠨ ᠤ ᠲᠥᠪ ᠪᠣᠯᠭᠠᠨ ᠪᠦᠲᠦᠭᠡᠨ ᠪᠠᠶᠢᠭᠤᠯᠵᠤ᠂ ᠰᠠᠭᠤᠭᠠᠯᠢ ᠠᠷᠠᠳ ᠲᠤ ᠨᠠᠩ ᠴᠢᠨᠠᠷ ᠰᠠᠶᠢᠲᠠᠶ᠂ ᠡᠯᠪᠡᠭ ᠪᠠᠶᠠᠯᠢᠭ ᠰᠣᠶᠣᠯ ᠤᠨ ᠠᠮᠢᠳᠤᠷᠠᠯ ᠤᠨ ᠣᠶᠢᠯᠠᠭᠠᠯᠲᠠ ᠬᠠᠩᠭᠠᠵᠤ᠂ ᠰᠠᠭᠤᠭᠠᠯᠢ ᠠᠷᠠᠳ ᠤᠨ ᠨᠡᠩ ᠰᠠᠶᠢᠨ ᠰᠠᠶᠢᠬᠠᠨ ᠠᠮᠢᠳᠤᠷᠠᠯ ᠣᠯᠭᠤᠬᠤ ᠪᠣᠯᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号