1 —11ᠳ᠋ᠦ᠋ᠭᠡᠷ ᠰᠠᠷ᠎ᠠ ᠳᠤ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠡᠯᠡ ᠣᠷᠣᠭᠤᠯᠤᠯᠲᠠ ᠦᠷᠭᠦᠯᠵᠢᠯᠡᠨ ᠳᠣᠤᠷ᠎ᠠ ᠬᠡᠮᠵᠢᠶ᠎ᠡ ᠪᠠᠷ ᠪᠠᠭᠤᠷᠠᠵᠤ ᠦᠷᠭᠡᠳᠪᠡ
ᠨᠡᠶᠢᠲᠡᠯᠡᠭᠰᠡᠨ ᠴᠠᠭ᠄
2024/12/23
      1 —11 ᠳ᠋ᠦ᠋ᠭᠡᠷ ᠰᠠᠷ᠎ᠠ ᠳᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠯᠲᠠ᠂ ᠤᠯᠠᠷᠢᠯ ᠤᠨ ᠬᠦᠴᠦᠨ ᠵᠦᠢᠯ ᠤᠨ ᠨᠥᠯᠥᠭᠡ ᠠᠴᠠ ᠪᠣᠯᠵᠣ᠂ ᠴᠢᠩᠱᠠᠨ ᠲᠣᠭᠤᠷᠢᠭ ᠤᠨ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠠᠯᠠ ᠣᠷᠣᠭᠤᠯᠤᠯᠲᠠ ᠶᠢᠨ ᠪᠠᠭᠤᠷᠠᠯᠲᠠ ᠶᠢᠨ ᠬᠡᠮᠵᠢᠶ᠎ᠡ ᠦᠷᠭᠦᠯᠵᠢᠯᠡᠨ ᠥᠷᠭᠡᠳᠴᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 37.6%᠎ ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ 1 —10 ᠳ᠋ᠤᠭᠠᠷ ᠰᠠᠷ᠎ᠠ ᠶᠢᠨ ᠬᠢ ᠠᠴᠠ 5.4 ᠵᠠᠭᠤᠨ ᠤ ᠨᠢᠭᠡᠴᠢ ᠥᠷᠭᠡᠳᠴᠦ᠂ ᠪᠥᠬᠦ ᠲᠤᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠡᠵᠡᠯᠡᠬᠦ ᠬᠤᠪᠢ ᠶᠢᠨ ᠵᠢᠩ ᠨᠢ 8.3%᠎ ᠳᠤ ᠬᠦᠷᠴᠦ᠂ ᠪᠥᠬᠦ ᠲᠤᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠡᠵᠡᠯᠡᠬᠦ ᠬᠤᠪᠢ ᠶᠢᠨ ᠵᠢᠩ ᠨᠢ 6.4 ᠵᠠᠭᠤᠨ ᠤ ᠨᠢᠭᠡᠴᠢ ᠪᠣᠯᠵᠣ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠦᠬᠦᠯᠢ ᠴᠣᠭᠴᠠ ᠨᠢ ᠮᠥᠨ ᠬᠦ ᠡᠴᠦᠰ ᠤᠨ ᠬᠡᠰᠡᠭ ᠤᠨ ᠲᠣᠬᠢᠷᠠᠭᠤᠯᠤᠯᠲᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠃      ᠪᠦᠷᠢᠯᠳᠦᠭᠦᠨ ᠠᠴᠠ ᠬᠤᠪᠢᠶᠠᠪᠠᠯ ᠭᠠᠵᠠᠷ ᠰᠢᠷᠣᠢ ᠶᠢᠨ ᠵᠠᠬ᠎ᠠ ᠳᠡᠯᠭᠡᠭᠦᠷ ᠪᠠᠭᠤᠷᠠᠢ᠃ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠡᠯᠡ ᠣᠷᠣᠭᠤᠯᠤᠯᠲᠠ ᠵᠢᠶᠠᠨ ᠠᠨ ᠢᠨᠵᠧᠨᠧᠷᠢᠩ ᠠᠳᠠᠯᠢ ᠬᠤᠭᠤᠴᠠᠭᠠᠨ ᠤ ᠬᠢ ᠠᠴᠠ 42.1%᠎ ᠪᠠᠷ ᠪᠠᠭᠤᠷᠠᠵᠤ᠂ 1 — 10 ᠳ᠋ᠤᠭᠠᠷ ᠰᠠᠷ᠎ᠠ ᠶᠢᠨ ᠬᠢ ᠠᠴᠠ 4 ᠵᠠᠭᠤᠨ ᠤ ᠴᠡᠭ ᠪᠠᠭᠤᠷᠠᠪᠠ︔ ᠲᠥᠬᠦᠭᠡᠷᠦᠮᠵᠢ ᠶᠢᠨ ᠪᠠᠭᠠᠵᠢ ᠬᠡᠷᠡᠭᠰᠡᠯ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 50.6%᠎ ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ 1 — 10 ᠳ᠋ᠤᠭᠠᠷ ᠰᠠᠷ᠎ᠠ ᠶᠢᠨ ᠬᠢ ᠠᠴᠠ 7.7 ᠵᠠᠭᠤᠨ ᠤ ᠨᠢᠭᠡᠴᠢ ᠥᠷᠭᠡᠳᠪᠡ︔ ᠭᠠᠵᠠᠷ ᠰᠢᠷᠣᠶ ᠬᠤᠳᠠᠯᠳᠤᠨ ᠠᠪᠬᠤ ᠵᠠᠷᠤᠳᠠᠯ ᠠᠳᠠᠯᠢ ᠬᠤᠭᠤᠴᠠᠭᠠᠨ ᠤ ᠬᠢ ᠠᠴᠠ 14.8%᠎ ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ 1 — 10 ᠳ᠋ᠤᠭᠠᠷ ᠰᠠᠷ᠎ᠠ ᠶᠢᠨ ᠬᠢ ᠠᠴᠠ 16.3 ᠵᠠᠭᠤᠨ ᠤ ᠨᠢᠭᠡᠴᠢ ᠥᠷᠭᠡᠳᠴᠦ᠂ ᠭᠠᠵᠠᠷ ᠰᠢᠷᠣᠶ ᠬᠤᠳᠠᠯᠳᠤᠨ ᠠᠪᠬᠤ ᠵᠠᠷᠤᠳᠠᠯ ᠨᠢ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠣᠷᠣᠭᠤᠯᠤᠯᠲᠠ ᠳᠤ ᠦᠵᠡᠭᠦᠯᠬᠦ ᠲᠤᠯᠭᠠᠭᠤᠷᠢᠯᠠᠬᠤ ᠦᠢᠯᠡᠳᠦᠯ ᠢᠳᠡᠭ ᠢᠳᠡᠭ ᠢᠶᠠᠷ ᠪᠠᠭᠤᠷᠠᠪᠠ᠃      ᠪᠠᠷᠢᠯᠭ᠎ᠠ ᠶᠢᠨ ᠬᠡᠷᠡᠭᠴᠡᠭᠡ ᠠᠴᠠ ᠦᠵᠡᠪᠡᠯ᠂ ᠣᠷᠣᠨ ᠰᠠᠭᠤᠴᠠ ᠶᠢᠨ ᠲᠥᠷᠥᠯ ᠤᠨ ᠪᠡᠯᠡ ᠣᠷᠣᠭᠤᠯᠤᠯᠲᠠ ᠪᠠᠷ ᠭᠤᠤᠯ ᠪᠣᠯᠭᠠᠨ᠎ᠠ᠃ 1 —10 ᠳ᠋ᠤᠭᠠᠷ ᠰᠠᠷ᠎ᠠ ᠳᠤ ᠴᠢᠩᠱᠠᠨ ᠲᠣᠭᠤᠷᠢᠭ ᠤᠨ ᠣᠷᠣᠨ ᠰᠠᠭᠤᠴᠠ ᠶᠢᠨ ᠲᠥᠷᠥᠯ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 41.2% ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ 1 —10 ᠳ᠋ᠤᠭᠠᠷ ᠰᠠᠷ᠎ᠠ ᠠᠴᠠ 6 ᠵᠠᠭᠤᠨ ᠤ ᠨᠢᠭᠡᠴᠢ ᠥᠷᠭᠡᠳᠪᠡ︔ ᠣᠷᠣᠨ ᠰᠠᠭᠤᠴᠠ ᠶᠢᠨ ᠲᠥᠷᠥᠯ ᠤᠨ ᠪᠡᠯᠡ ᠣᠷᠣᠭᠤᠯᠤᠯᠲᠠ ᠨᠢ ᠪᠦᠬᠦ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠡᠯᠡ ᠣᠷᠣᠭᠤᠯᠤᠯᠲᠠ ᠶᠢᠨ 73.6%᠎ ᠶᠢ ᠡᠵᠡᠯᠡᠪᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号