ᠴᠢᠩᠱᠠᠨ ᠲᠣᠭᠤᠷᠢᠭ ᠤᠨ ᠬᠢᠨᠠᠨ ᠪᠣᠳᠣᠬᠤ ᠲᠣᠪᠴᠢᠶ᠎ᠠ ᠵᠢᠷᠭᠤᠳᠤᠭᠠᠷ ᠬᠤᠭᠤᠴᠠᠭᠠᠨ ᠤ ︽ᠬᠢᠨᠠᠨ ᠪᠣᠳᠣᠬᠤ ᠶᠠᠷᠢᠶᠠᠨ ᠤ ᠲᠢᠩᠭᠢᠮ︾ ᠢ ᠵᠣᠬᠢᠶᠠᠨ ᠪᠠᠶᠢᠭᠤᠯᠵᠦ ᠰᠤᠷᠤᠯᠴᠠᠬᠤ ᠬᠡᠯᠪᠡᠷᠢ ᠶᠢᠨ ᠬᠢᠨᠠᠨ ᠪᠤᠳᠤᠬᠤ ᠪᠠᠶᠢᠭᠤᠯᠭ᠎ᠠ ᠶᠢᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠪᠠ
ᠨᠡᠶᠢᠲᠡᠯᠡᠭᠰᠡᠨ ᠴᠠᠭ᠄
2024/12/23
      ᠶᠡᠷᠦᠩᠬᠡᠶ ᠱᠦᠵᠢ ᠰᠢ ᠶᠢᠨ ᠫᠢᠩ ᠤᠨ ︽ᠬᠢᠨᠠᠨ ᠪᠤᠳᠤᠬᠤ ᠵᠣᠷᠢᠭ ᠰᠠᠨᠠᠭ᠎ᠠ ᠪᠠᠷ ᠪᠡᠶ᠎ᠡ ᠪᠠᠨ ᠪᠠᠶᠢᠭᠤᠯᠵᠤ᠂ ᠰᠢᠨ᠎ᠡ ᠶᠢ ᠡᠭᠦᠳᠬᠦ ᠵᠢᠷᠤᠮᠵᠢᠯ ᠢᠶᠠᠷ ᠠᠵᠢᠯ ᠦᠢᠯᠡᠰ ᠴᠣᠭᠴᠠᠯᠠᠵᠤ᠂ ᠲᠣᠰ ᠪᠡᠶ᠎ᠡ ᠶᠢᠨ ᠪᠠᠶᠢᠭᠤᠯᠤᠯᠲᠠ ᠪᠠᠷ ᠢᠲᠡᠭᠡᠯ ᠣᠯᠭᠤᠬᠤ︾ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠤᠷᠤᠯᠴᠠᠯᠭ᠎ᠠ ᠶᠢᠨ ᠬᠡᠯᠪᠡᠷᠢ ᠶᠢᠨ ᠬᠢᠨᠠᠨ ᠪᠤᠳᠤᠬᠤ ᠪᠠᠶᠢᠭᠤᠯᠭ᠎ᠠ ᠶᠢᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠮᠠᠨ ᠤ ᠲᠣᠪᠴᠢᠶ᠎ᠠ ᠶᠢᠨ ᠬᠢᠨᠠᠨ ᠪᠤᠳᠤᠬᠤ ᠠᠵᠢᠯᠲᠠᠨ ᠤ ᠶᠡᠷᠦᠩᠬᠡᠶᠢᠯᠡᠭᠰᠡᠨ ᠴᠢᠳᠠᠪᠤᠷᠢ ᠬᠡᠪ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠣᠨ ᠤ ᠪᠣᠯᠪᠠᠰᠤᠷᠠᠭᠤᠯᠤᠯ ᠤᠨ ᠲᠥᠯᠥᠪᠯᠡᠭᠡ ᠶᠣᠰᠣᠭᠠᠷ᠂ ︽ᠬᠥᠮᠦᠨ ᠪᠦᠬᠦᠨ ᠲᠠᠶᠢᠰᠠᠨ ᠳᠤ ᠭᠠᠷᠴᠤ ᠶᠠᠷᠢᠬᠤ︾ ᠪᠣᠯᠪᠠᠰᠤᠷᠠᠭᠤᠯᠤᠯ ᠤᠨ ᠰᠡᠳᠬᠢᠴᠡ ᠲᠠᠢ ᠨᠢᠭᠲᠠ ᠤᠶᠠᠯᠳᠤᠭᠤᠯᠬᠤ ᠶᠢᠨ ᠲᠥᠯᠥᠭᠡ᠂ 12 ᠰᠠᠷ᠎ᠠ ᠶᠢᠨ 20 ᠤ ᠡᠳᠦᠷ᠂ ᠴᠢᠩᠱᠠᠨ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠵᠢᠷᠭᠤᠳᠤᠭᠠᠷ ᠬᠤᠭᠤᠴᠠᠭᠠᠨ ᠤ ︽ᠬᠢᠨᠠᠨ ᠪᠤᠳᠤᠬᠤ ᠶᠠᠷᠢᠶᠠᠨ ᠤ ᠲᠢᠩᠭᠢᠮ︾ ᠤᠨ ᠬᠢᠨᠠᠨ ᠪᠤᠳᠤᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠶᠢ ᠵᠣᠬᠢᠶᠠᠨ ᠪᠠᠶᠢᠭᠤᠯᠤᠨ ᠥᠷᠨᠢᠭᠦᠯᠪᠡ᠃      ᠨᠢᠭᠡ ᠳᠤ᠂ ︽ᠶᠠᠷᠢᠬᠤ ᠪᠠᠷ ᠰᠤᠷᠤᠯᠴᠠᠯᠭ᠎ᠠ ᠶᠢ ᠠᠬᠢᠭᠤᠯᠵᠤ︾᠂ ᠰᠠᠶᠢᠨ ᠰᠠᠶᠢᠬᠠᠨ ᠰᠤᠷᠤᠯᠴᠠᠬᠤ ᠠᠭᠤᠷ ᠠᠮᠢᠰᠬᠤᠯ ᠢ ᠢᠳᠡᠪᠬᠢᠲᠡᠶ ᠪᠣᠶ ᠪᠤᠯᠭᠠᠨ᠎ᠠ᠃ ᠲᠣᠰ ᠤᠳᠠᠭᠠᠨ ᠤ ᠶᠠᠷᠢᠶᠠᠨ ᠤ ᠲᠢᠩᠭᠢᠮ ᠨᠢ ᠪᠣᠳᠠᠲᠠᠶ ᠠᠰᠠᠭᠤᠳᠠᠯ ᠢ ᠰᠢᠢᠳᠪᠦᠷᠢᠯᠡᠬᠦ᠂ ︽ᠪᠠᠶᠢᠴᠠᠭᠠᠵᠤ ᠳᠡᠶᠢᠯᠬᠦ᠂ ᠬᠡᠯᠡᠵᠦ ᠳᠡᠶᠢᠯᠬᠦ᠂ ᠪᠢᠴᠢᠵᠦ ᠳᠡᠶᠢᠯᠬᠦ᠂ ᠲᠤᠭ᠎ᠠ ᠪᠠᠷᠢᠮᠲᠠ ᠶᠢᠨ ᠵᠠᠳᠠᠯᠤᠯᠳᠠ︾ ᠶᠢᠨ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ᠂ ᠬᠢᠨᠠᠨ ᠪᠤᠳᠤᠬᠤ ᠶᠠᠰᠤ ᠴᠢᠨᠠᠷ ᠢ ᠳᠡᠭᠡᠭᠰᠢᠯᠡᠭᠦᠯᠬᠦ ᠪᠠᠷ ᠭᠠᠷᠤᠭ᠎ᠠ ᠪᠣᠯᠭᠠᠵᠤ᠂ ︽ᠬᠥᠮᠦᠨ ᠪᠦᠬᠦᠨ ᠬᠢᠴᠢᠶᠡᠯᠯᠡᠬᠦ + ᠲᠤᠷᠰᠢᠯᠭ᠎ᠠ ᠪᠠᠨ ᠬᠤᠪᠢᠶᠠᠯᠴᠠᠬᠤ︾ ᠵᠡᠷᠭᠡ ᠠᠷᠭ᠎ᠠ ᠮᠠᠶ᠋ᠢᠭ ᠢ ᠠᠪᠴᠤ᠂ ᠬᠢᠨᠠᠨ ᠪᠤᠳᠤᠬᠤ ᠺᠠᠳ᠋ᠷᠴᠤᠳ ᠢ ︽ᠨᠢᠭᠡᠳᠦᠭᠡᠷ ᠹᠷᠣᠨᠲ︾ ᠠᠴᠠ ᠰᠢᠯᠵᠢᠭᠦᠯᠦᠨ ᠳᠠᠶᠢᠨ ᠳᠤ ᠣᠷᠣᠯᠴᠠᠭᠤᠯᠬᠤ ︽ᠶᠠᠷᠢᠶᠠᠨ ᠤ ᠲᠠᠪᠴᠠᠩ︾᠂ ᠭᠠᠳᠠᠭᠰᠢ ᠲᠣᠮᠢᠯᠠᠨ ᠪᠣᠯᠪᠠᠰᠤᠷᠠᠭᠤᠯᠤᠯ ᠳᠤ ᠣᠷᠣᠯᠴᠠᠭᠤᠯᠵᠤ᠂ ᠵᠣᠬᠢᠶᠠᠨ ᠪᠠᠶᠢᠭᠤᠯᠤᠨ ᠬᠢᠨᠠᠨ ᠪᠤᠳᠤᠬᠤ ᠠᠵᠢᠯᠲᠠᠨ ᠤ ᠣᠯᠤᠯᠲᠠ ᠲᠥᠷᠥᠭᠳᠡᠯ ᠢᠶᠠᠨ ᠬᠤᠪᠢᠶᠠᠯᠴᠠᠵᠤ᠂ ᠬᠥᠮᠦᠨ ᠪᠦᠬᠦᠨ ᠣᠷᠣᠯᠴᠠᠬᠤ᠂ ᠠᠳᠠᠯᠢᠳᠬᠠᠨ ᠰᠤᠷᠤᠯᠴᠠᠵᠤ ᠳᠠᠪᠠᠵᠤ ᠭᠠᠷᠬᠤ ᠰᠠᠶᠢᠨ ᠰᠠᠶᠢᠬᠠᠨ ᠰᠤᠷᠤᠯᠴᠠᠬᠤ ᠠᠭᠤᠷ ᠠᠮᠢᠰᠬᠤᠯ ᠢ ᠪᠣᠶ ᠪᠣᠯᠭᠠᠪᠠ᠃      ᠬᠤᠶᠠᠷ ᠲᠤ᠂ ︽ᠰᠤᠷᠤᠯᠴᠠᠬᠤ ᠪᠠᠷ ᠬᠢᠬᠦ ᠶᠢ ᠠᠬᠢᠭᠤᠯᠵᠤ︾᠂ ᠰᠠᠨᠠᠭᠠᠴᠢᠯᠠᠭ᠎ᠠ ᠠᠴᠠ ᠪᠠᠨ ᠰᠤᠷᠤᠯᠴᠠᠬᠤ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠨ᠎ᠠ᠃ ᠴᠢᠩᠱᠠᠨ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠬᠢᠴᠢᠶᠡᠯ ᠤᠨ ᠠᠭᠤᠯᠭ᠎ᠠ ᠶᠢ ᠨᠠᠷᠢᠨ ᠨᠢᠮᠪᠠᠶ ᠵᠢᠷᠤᠵᠤ ᠲᠥᠯᠥᠪᠯᠡᠵᠦ᠂ ᠬᠢᠨᠠᠨ ᠪᠤᠳᠤᠬᠤ ᠠᠵᠢᠯ ᠤᠨ ᠶᠠᠰᠤ ᠴᠢᠨᠠᠷ ᠤᠨ ᠳᠡᠭᠡᠭᠰᠢᠯᠡᠯᠲᠡ᠂ ᠠᠯᠪᠠᠨ ᠶᠠᠪᠤᠳᠠᠯ ᠤᠨ ᠶᠣᠰᠣ ᠵᠢᠷᠤᠮ ᠪᠠ ᠲᠤᠷᠰᠢᠯᠭ᠎ᠠ ᠶᠢᠨ ᠰᠣᠯᠢᠯᠴᠠᠭ᠎ᠠ ᠵᠡᠷᠭᠡ ᠠᠭᠤᠯᠭ᠎ᠠ ᠶᠢ ᠪᠠᠭᠲᠠᠭᠠᠵᠤ᠂ ᠬᠢᠨᠠᠨ ᠪᠤᠳᠤᠬᠤ ᠺᠠᠳ᠋ᠷ ᠤᠨ ︽ᠬᠥᠮᠦᠨ ᠪᠦᠬᠦᠨ ᠲᠠᠶᠢᠰᠠᠨ ᠳᠤ ᠭᠠᠷᠴᠤ ᠶᠠᠷᠢᠬᠤ︾ ᠪᠠᠷ ᠳᠠᠮᠵᠢᠭᠤᠯᠤᠨ ᠬᠢᠨᠠᠨ ᠪᠤᠳᠤᠬᠤ ᠺᠠᠳ᠋ᠷ ᠤᠨ ︽ᠴᠠᠬᠢᠯᠭᠠᠨ ᠴᠡᠨᠡᠭᠯᠡᠬᠦ︾ ᠴᠢᠳᠠᠪᠤᠷᠢ ᠶᠢ ᠲᠠᠰᠤᠷᠠᠯᠲᠠ ᠥᠬᠡᠶ ᠣᠯᠭᠤᠵᠤ᠂ ᠴᠠᠭ ᠪᠢᠳᠡᠨ ᠢ ᠬᠦᠯᠢᠶᠡᠬᠦ ᠥᠬᠡᠶ᠂ ᠥᠷᠯᠥᠭᠡ ᠦᠳᠡᠰᠢ ᠶᠢ ᠲᠡᠮᠡᠴᠡᠬᠦ ᠲᠤᠯᠭᠠᠮ᠎ᠠ ᠰᠡᠳᠬᠢᠯᠭᠡ ᠪᠠᠷ ᠺᠠᠳ᠋ᠷ ᠠᠵᠢᠯᠲᠠᠨ ᠤ ᠤᠯᠤᠰ ᠲᠥᠷᠥ ᠶᠢᠨ ᠴᠢᠳᠠᠪᠤᠷᠢ᠂ ᠰᠡᠳᠬᠢᠬᠦᠶ ᠶᠢᠨ ᠴᠢᠳᠠᠪᠤᠷᠢ᠂ ᠦᠢᠯᠡᠳᠦᠯᠭᠡ ᠶᠢᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠬᠢᠨᠠᠨ ᠪᠤᠳᠤᠬᠤ ᠠᠵᠢᠯ ᠮᠡᠷᠭᠡᠵᠢᠯ ᠤᠨ ᠵᠣᠷᠢᠭ ᠰᠠᠨᠠᠭ᠎ᠠ ᠶᠢ ᠶᠡᠭᠡ ᠪᠠᠷ ᠪᠣᠶ ᠪᠣᠯᠭᠠᠵᠤ᠂ ᠬᠢᠨᠠᠨ ᠪᠤᠳᠤᠬᠤ ᠠᠵᠢᠯᠲᠠᠨ ᠤ ᠲᠤᠰᠬᠠᠶ ᠮᠡᠷᠭᠡᠵᠢᠯ ᠤᠨ ᠴᠢᠳᠠᠪᠤᠷᠢ ᠶᠢ ᠬᠥᠮᠦᠵᠢᠭᠦᠯᠦᠨ ᠳᠡᠭᠡᠭᠰᠢᠯᠡᠭᠦᠯᠦᠨ᠎ᠡ᠃      ᠭᠤᠷᠪᠠ ᠳᠤ᠂ ︽ᠰᠤᠷᠤᠯᠴᠠᠬᠤ ᠪᠠᠷ ᠰᠢᠭᠦᠯᠲᠡ ᠶᠢ ᠴᠢᠩᠭᠠᠳᠬᠠᠬᠤ︾ ᠶᠢ ᠪᠠᠷᠢᠮᠲᠠᠯᠠᠵᠤ᠂ ᠬᠢᠨᠠᠨ ᠪᠤᠳᠤᠬᠤ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠴᠢᠩᠱᠠᠨ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ︽ᠰᠤᠷᠤᠯᠴᠠᠬᠤ ᠪᠠᠷ ᠴᠢᠩᠭ᠎ᠠ ᠬᠢᠨᠠᠬᠤ︾ ᠣᠨᠣᠯᠵᠢᠬᠤᠨ ᠢ ᠪᠠᠷᠢᠮᠲᠠᠯᠠᠵᠤ᠂ ᠲᠤᠬᠠᠶᠢᠯᠠᠭᠰᠠᠨ ᠠᠵᠢᠯ ᠤᠨ ᠪᠠᠶᠢᠩᠭᠤ ᠶᠢᠨ ᠣᠷᠳᠣ ᠬᠤᠭᠤᠴᠠᠭᠠᠨ ᠤ ᠪᠦᠲᠦᠮᠵᠢᠲᠡᠶ ᠰᠣᠯᠢᠯᠴᠠᠭᠠᠨ ᠤ ᠲᠠᠪᠴᠠᠩ ᠢ ᠦᠷᠭᠦᠯᠵᠢᠯᠡᠨ ᠰᠦᠪᠡᠭᠴᠢᠯᠡᠵᠦ᠂ ᠪᠣᠯᠪᠠᠰᠤᠷᠠᠭᠤᠯᠤᠯ ᠤᠨ ᠡᠷᠴᠢᠮ ᠢᠶᠠᠨ ᠴᠢᠩᠭᠠᠷᠠᠭᠤᠯᠤᠨ᠂ ᠬᠢᠨᠠᠨ ᠪᠤᠳᠤᠬᠤ ᠠᠵᠢᠯᠲᠠᠨ ᠤ ᠶᠡᠷᠦᠩᠬᠡᠶᠢᠯᠡᠭᠰᠡᠨ ᠴᠢᠳᠠᠪᠤᠷᠢ ᠬᠡᠪ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠢᠨᠠᠨ ᠪᠤᠳᠤᠬᠤ ᠠᠵᠢᠯ ᠤᠨ ︽ᠶᠠᠰᠤ ᠴᠢᠨᠠᠷ ᠢ ᠴᠢᠩᠭᠠᠳᠬᠠᠬᠤ︾ ᠶᠢ ᠴᠢᠷᠮᠠᠶᠢᠨ ᠪᠡᠶᠡᠯᠡᠭᠦᠯᠵᠦ᠂ ᠰᠢᠨ᠎ᠡ ᠣᠶᠢᠯᠠᠭᠠᠭᠳᠠᠬᠤᠨ᠂ ᠰᠢᠨ᠎ᠡ ᠰᠡᠳᠬᠢᠬᠦᠶ᠂ ᠰᠢᠨ᠎ᠡ ᠮᠡᠷᠭᠡᠵᠢᠯ ᠢ ᠭᠦᠢᠴᠡᠳ ᠬᠡᠷᠡᠭᠯᠡᠨ ᠬᠢᠨᠠᠨ ᠪᠤᠳᠤᠬᠤ ᠲᠥᠷᠥᠯ ᠵᠦᠢᠯ ᠤᠨ ᠬᠡᠷᠡᠭᠵᠢᠭᠦᠯᠦᠯᠲᠡ ᠳᠤ ᠬᠦᠴᠦᠨ ᠨᠡᠮᠡᠷᠢᠯᠡᠵᠦ᠂ ᠬᠢᠨᠠᠨ ᠪᠤᠳᠤᠬᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠰᠢᠨ᠎ᠡ ᠴᠠᠭ ᠦᠶ᠎ᠡ ᠶᠢᠨ ᠬᠢᠨᠠᠨ ᠪᠤᠳᠤᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠨᠠᠩ ᠰᠠᠶᠢᠲᠤᠷ ᠳᠥᠯᠭᠢᠨ ᠠᠬᠢᠭᠤᠯᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号