ᠴᠢᠩᠱᠠᠨ ᠲᠤᠭᠤᠷᠢᠭ ᠤᠨ ᠡᠳ᠋ ᠤᠨ ᠵᠠᠰᠠᠭ ᠤᠨ ᠲᠤᠪᠴᠢᠶ᠎ᠠ ᠠᠷᠠᠳ ᠲᠤ ᠠᠰᠢᠭ ᠬᠦᠷᠲᠡᠭᠡᠵᠦ ᠲᠠᠷᠢᠶᠠᠴᠢᠳ ᠲᠤ ᠠᠰᠢᠭ ᠬᠦᠷᠲᠡᠭᠡᠬᠦ ︽ᠪᠦᠬᠦᠨ ᠳᠤ ᠲᠣᠬᠢᠷᠠᠬᠤ ᠺᠠᠷᠲ︾᠎ ᠤᠨ ᠬᠠᠮᠢᠶᠠᠷᠤᠯᠲᠠ ᠶᠢᠨ ᠠᠵᠢᠯ ᠢ ᠢᠳᠡᠪᠬᠢᠲᠠᠢ ᠠᠬᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2024/12/24
      ᠤᠶᠢᠷ᠎ᠠ ᠶᠢᠨ ᠵᠢᠯ ᠤᠨ ᠲᠤᠷᠰᠢ᠂ ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠠᠷᠠᠳ ᠲᠤ ᠠᠰᠢᠭ ᠬᠦᠷᠲᠡᠭᠡᠬᠦ ᠲᠠᠷᠢᠶᠠᠴᠢᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠥᠷᠢ ᠪᠡᠯᠡ ᠮᠥᠩᠭᠦ ᠶᠢᠨ ︽ᠪᠦᠬᠦᠨ ᠳᠤ ᠲᠣᠬᠢᠷᠠᠬᠤ ᠺᠠᠷᠲ︾᠎ ᠤᠨ ᠬᠠᠮᠢᠶᠠᠷᠤᠯᠲᠠ ᠶᠢᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠲᠤᠭᠤᠰᠢᠯᠠᠭᠤᠯᠤᠨ ᠨᠠᠶᠢᠲᠠᠪᠦᠷᠢᠵᠢᠭᠤᠯᠵᠦ᠂ ᠴᠢᠩᠱᠠᠨ ᠲᠣᠭᠤᠷᠢᠭ ᠤᠨ ︽ᠪᠦᠬᠦᠨ ᠳᠤ ᠲᠣᠬᠢᠷᠠᠬᠤ ᠺᠠᠷᠲ︾᠎ ᠤᠨ ᠬᠠᠮᠢᠶᠠᠷᠤᠯᠲᠠ ᠶᠢᠨ ᠠᠵᠢᠯ ᠤᠨ ᠭᠦᠨᠵᠡᠭᠡᠶᠢᠷᠡᠭᠦᠯᠬᠦ ᠶᠢ ᠲᠠᠰᠤᠷᠠᠯᠲᠠ ᠦᠭᠡᠢ ᠲᠦᠯᠬᠢᠨ ᠠᠬᠢᠭᠤᠯᠪᠠ᠃ ᠣᠳᠣᠬᠠᠨ ᠪᠣᠯᠲᠠᠯ᠎ᠠ᠂ ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠨᠥᠬᠦᠪᠥᠷᠢ ᠪᠡᠯᠡ ᠮᠥᠩᠭᠦ ᠶᠢ ︽ᠪᠦᠬᠦᠨ ᠳᠤ ᠲᠣᠬᠢᠷᠠᠬᠤ ᠺᠠᠷᠲ︾᠎ ᠢᠶᠠᠷ 4600.4 ᠲᠦᠮᠡᠨ ᠲᠥᠭᠦᠷᠢᠭ ᠲᠠᠷᠬᠠᠭᠠᠵᠤ᠂ ᠨᠥᠬᠦᠪᠥᠷᠢ ᠶᠢᠨ ᠲᠥᠷᠥᠯ ᠵᠦᠢᠯ ᠨᠢ 5 ᠬᠦᠷᠢᠶᠡᠨ ᠤ 18 ᠲᠥᠷᠥᠯ ᠤᠨ 21 ᠵᠦᠢᠯ ᠳᠤ ᠬᠤᠯᠪᠣᠭᠳᠠᠵᠤ᠂ ᠠᠰᠢᠭ ᠬᠦᠷᠲᠡᠭᠰᠡᠨ ᠨᠢ ᠬᠤᠲᠠ ᠬᠥᠳᠡᠭᠡ ᠶᠢᠨ ᠰᠠᠭᠤᠭᠠᠯᠢ ᠠᠷᠠᠳ 24.05 ᠲᠦᠮᠡᠨ ᠬᠥᠮᠦᠨ ︵ᠤᠳᠠᠭ᠎ᠠ︶ ᠪᠣᠯᠤᠨ᠎ᠠ᠃ ᠡᠳ᠋ ᠤᠨ ᠵᠠᠰᠠᠭ ᠤᠨ ᠨᠥᠬᠦᠪᠥᠷᠢ ᠮᠥᠩᠭᠦ ᠶᠢ ᠲᠠᠷᠬᠠᠭᠠᠬᠤ ᠨᠢ ᠭᠤᠤᠯᠳᠠᠭᠤ ᠨᠡᠶᠢᠭᠡᠮ ᠤᠨ ᠪᠠᠲᠤᠯᠠᠭ᠎ᠠ ᠶᠢᠨ ᠬᠦᠷᠢᠶ᠎ᠡ ᠴᠠᠷᠠᠭ᠎ᠠ᠂ ᠲᠥᠯᠥᠪᠯᠡᠭᠡᠲᠦ ᠦᠷᠡᠵᠢᠯ ᠤᠨ ᠬᠦᠷᠢᠶ᠎ᠡ ᠴᠠᠷᠠᠭ᠎ᠠ᠂ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠪᠠᠷ ᠭᠤᠤᠯ ᠪᠣᠯᠭᠠᠵᠤ᠂ ᠡᠭᠦᠨ ᠳᠤ᠄ ᠨᠡᠶᠢᠭᠡᠮ ᠤᠨ ᠪᠠᠲᠤᠯᠠᠭ᠎ᠠ ᠶᠢᠨ ᠲᠥᠷᠥᠯ ᠤᠨ ᠨᠥᠬᠦᠪᠥᠷᠢ 3872.79 ᠲᠦᠮᠡᠨ ᠲᠥᠭᠦᠷᠢᠭ ᠪᠠᠶᠢᠵᠤ᠂ ᠲᠠᠷᠬᠠᠭᠠᠭᠰᠠᠨ ᠶᠡᠷᠦᠩᠬᠡᠶ ᠲᠣᠭᠠᠨ ᠤ 84.18%᠎ ᠶᠢ ᠡᠵᠡᠯᠡᠪᠡ︔ ᠲᠥᠯᠥᠪᠯᠡᠭᠡᠲᠦ ᠦᠷᠡᠵᠢᠯ ᠤᠨ ᠲᠥᠷᠥᠯ ᠤᠨ ᠨᠥᠬᠦᠪᠥᠷᠢ 625.19 ᠲᠦᠮᠡᠨ ᠲᠥᠭᠦᠷᠢᠭ ᠪᠠᠶᠢᠵᠤ᠂ ᠲᠠᠷᠬᠠᠭᠠᠭᠰᠠᠨ ᠶᠡᠷᠦᠩᠬᠡᠶ ᠲᠣᠭᠠᠨ ᠤ 13.59%᠎ ᠶᠢ ᠡᠵᠡᠯᠡᠪᠡ︔ ᠪᠦᠲᠦᠭᠡᠨ ᠪᠠᠶᠢᠭᠤᠯᠤᠯᠲᠠ ᠶᠢᠨ ᠲᠥᠷᠥᠯ ᠤᠨ ᠨᠥᠬᠦᠪᠥᠷᠢ 32.56 ᠲᠦᠮᠡᠨ ᠲᠥᠭᠦᠷᠢᠭ ᠪᠠᠶᠢᠵᠤ᠂ ᠲᠠᠷᠬᠠᠭᠠᠭᠰᠠᠨ ᠶᠡᠷᠦᠩᠬᠡᠶ ᠲᠣᠭᠠᠨ ᠤ 0.71%᠎ ᠶᠢ ᠡᠵᠡᠯᠡᠵᠦ᠂ ᠪᠤᠰᠤᠳ ᠬᠦᠷᠢᠶᠡᠨ ᠳᠤ 69.86 ᠲᠦᠮᠡᠨ ᠲᠥᠭᠦᠷᠢᠭ ᠤᠨ ᠨᠥᠬᠦᠪᠥᠷᠢ ᠣᠯᠭᠤᠵᠤ᠂ ᠲᠠᠷᠬᠠᠭᠠᠭᠰᠠᠨ ᠶᠡᠷᠦᠩᠬᠡᠶ ᠲᠣᠭᠠᠨ ᠤ 1.52 %᠎ ᠶᠢ ᠡᠵᠡᠯᠡᠪᠡ᠃ ᠠᠷᠠᠳ ᠲᠤ ᠠᠰᠢᠭ ᠬᠦᠷᠲᠡᠭᠡᠵᠦ ᠲᠠᠷᠢᠶᠠᠴᠢᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠥᠷᠢ ᠶᠢᠨ ︽ᠪᠦᠬᠦᠨ ᠳᠤ ᠲᠤᠬᠢᠷᠠᠬᠤ ᠺᠠᠷᠲ︾᠎ ᠢ ᠦᠨᠡᠨᠬᠦ ᠣᠯᠠᠨ ᠲᠦᠮᠡᠨ ᠤ ︽ᠲᠣᠳᠣᠷᠬᠠᠶ ᠺᠠᠷᠲ︾᠂ ︽ᠵᠣᠯ ᠵᠢᠷᠭᠠᠯ ᠤᠨ ᠺᠠᠷᠲ︾ ᠪᠣᠯᠭᠠᠨ᠎ᠠ᠃      ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠦᠨ᠎ᠡ᠃ ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠠᠷᠠᠳ ᠲᠤ ᠠᠰᠢᠭ ᠬᠦᠷᠲᠡᠭᠡᠵᠦ ᠲᠠᠷᠢᠶᠠᠴᠢᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠥᠷᠢ ᠶᠢᠨ ︽ᠪᠦᠬᠦᠨ ᠳᠤ ᠲᠣᠬᠢᠷᠠᠬᠤ ᠺᠠᠷᠲ︾᠎ ᠤᠨ ᠬᠠᠮᠢᠶᠠᠷᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠷᠠᠳ ᠲᠤ ᠠᠰᠢᠭ ᠬᠦᠷᠲᠡᠭᠡᠵᠦ ᠲᠠᠷᠢᠶᠠᠴᠢᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠥᠷᠢ ᠶᠢᠨ ︽ᠪᠦᠬᠦᠨ ᠳᠤ ᠲᠣᠬᠢᠷᠠᠬᠤ ᠺᠠᠷᠲ︾᠎ ᠤᠨ ᠬᠠᠮᠢᠶᠠᠷᠤᠯᠲᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠵᠤ᠂ ᠬᠠᠮᠲᠤᠷᠠᠭᠰᠠᠨ ᠬᠤᠷᠠᠯᠳᠤᠭᠠᠨ ᠢ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠢᠶᠠᠷ ᠪᠦᠷᠢᠯᠳᠦᠭᠦᠯᠵᠦ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠠᠵᠢᠯ ᠤᠨ ᠱᠠᠭᠠᠷᠳᠠᠯᠭ᠎ᠠ ᠶᠢ ᠨᠠᠷᠢᠯᠢᠭᠵᠢᠭᠤᠯᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠴᠤᠭᠭᠠᠷ ᠠᠳᠬᠤᠵᠤ ᠬᠠᠮᠲᠤᠪᠠᠷ ᠬᠠᠮᠢᠶᠠᠷᠬᠤ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃      ᠬᠤᠶᠠᠷ ᠲᠤ᠂ ᠲᠦᠷᠢᠮ ᠤᠨ ᠳᠤᠲᠠᠭᠤᠳᠠᠯ ᠢ ᠨᠥᠬᠦᠪᠥᠷᠢᠯᠡᠵᠦ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ᠃ ᠬᠠᠮᠢᠶ᠎ᠠ ᠪᠥᠬᠦᠶ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠦᠨᠳᠦᠰᠦᠯᠡᠯ ᠪᠣᠯᠭᠠᠨ ᠠᠷᠠᠳ ᠲᠤ ᠠᠰᠢᠭ ᠬᠦᠷᠲᠡᠭᠡᠵᠦ ᠲᠠᠷᠢᠶᠠᠴᠢᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠥᠷᠢ ᠶᠢᠨ ᠨᠠᠷᠢᠨ ᠬᠠᠭᠤᠳᠠᠰᠤ ᠶᠢ ᠨᠡᠶᠢᠲᠡᠯᠡᠵᠦ᠂ ᠬᠠᠮᠢᠶᠠᠷᠤᠯᠲᠠ ᠶᠢᠨ ᠳᠤᠮᠳᠠᠬᠢ ᠪᠠᠭᠤᠷᠠᠶ ᠭᠤᠭᠴᠤᠭ᠎ᠠ᠂ ᠵᠠᠩᠭᠢᠯᠠᠭ᠎ᠠ ᠶᠢᠨ ᠴᠡᠭ ᠲᠤ ᠴᠢᠭᠯᠡᠭᠦᠯᠦᠨ᠂ ᠬᠠᠮᠢᠶ᠎ᠠ ᠪᠥᠬᠦᠶ ᠲᠦᠷᠢᠮ ᠲᠣᠭᠲᠠᠭᠠᠯ ᠢ ᠰᠤᠳᠤᠯᠤᠨ ᠲᠣᠭᠲᠠᠭᠠᠵᠤ᠂ ᠠᠵᠢᠯ ᠤᠨ ᠴᠤᠪᠤᠷᠠᠯ ᠢ ᠰᠢᠯᠢᠳᠡᠭᠵᠢᠭᠦᠯᠦᠨ᠂ ︽ᠪᠦᠬᠦᠨ ᠳᠤ ᠳᠣᠭᠢᠷᠠᠬᠤ ᠺᠠᠷᠲ︾᠎ ᠤᠨ ᠪᠠᠯᠠ ᠮᠥᠩᠭᠦ ᠶᠢ ᠣᠯᠭᠤᠬᠤ ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢᠯᠠᠭᠰᠠᠨ᠂ ᠨᠠᠷᠢᠯᠢᠬᠵᠢᠭᠤᠯᠤᠭᠰᠠᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ︽ᠨᠢᠭᠡ ᠺᠠᠷᠲ ᠢᠶᠠᠷ ᠬᠠᠮᠢᠶᠠᠷᠬᠤ ᠲᠦᠷᠢᠮ ᠢ ᠬᠠᠮᠢᠶᠠᠷᠬᠤ᠂ ᠨᠢᠭᠡ ᠲᠠᠪᠴᠠᠩ ᠢᠶᠠᠷ ᠣᠯᠭᠤᠬᠤ︾ ᠠᠵᠢᠯ ᠤᠨ ᠬᠠᠷᠠᠯᠲᠠ ᠶᠢ ᠪᠥᠬᠦ ᠲᠠᠯ᠎ᠠ ᠪᠠᠷ ᠪᠡᠶᠡᠯᠡᠭᠦᠯᠬᠦ ᠳᠤ ᠪᠠᠲᠤ ᠴᠢᠩᠭ᠎ᠠ ᠲᠦᠷᠢᠮ ᠤᠨ ᠪᠠᠲᠤᠯᠠᠭ᠎ᠠ ᠬᠠᠩᠭᠠᠨ᠎ᠠ᠃      ᠭᠤᠷᠪᠠ ᠳᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠪᠣᠳᠠᠲᠤ ᠦᠷ᠎ᠡ ᠪᠦᠲᠦᠮᠵᠢ ᠶᠢ ᠦᠨᠡᠨ ᠬᠦ ᠪᠠᠲᠤᠯᠠᠨ᠎ᠠ᠃ ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠡᠳᠦᠷ ᠲᠤᠲᠤᠮ ᠤᠨ ᠬᠠᠮᠢᠶᠠᠷᠤᠯᠲᠠ ᠪᠠ ᠬᠢᠨᠠᠯᠲᠠ ᠪᠠᠶᠢᠴᠠᠭᠠᠯᠲᠠ ᠪᠠᠨ ᠦᠷᠭᠦᠯᠵᠢᠯᠡᠨ ᠴᠢᠩᠭᠠᠳᠬᠠᠵᠤ᠂ ᠨᠥᠬᠦᠪᠥᠷᠢ ᠣᠯᠭᠤᠬᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠬᠦ ᠶᠢᠨ ᠬᠠᠮᠲᠤ ᠵᠠᠯᠠᠷᠠᠭᠤᠯᠵᠤ᠂ ᠠᠷᠠᠳ ᠲᠤ ᠠᠰᠢᠭ ᠬᠦᠷᠲᠡᠭᠡᠬᠦ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠡᠳ᠋ ᠤᠨ ᠵᠠᠰᠠᠭ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠨ᠎ᠠ᠃ ᠲᠤᠭᠤᠷᠢᠭ ᠤᠨ ᠱᠠᠲᠤᠨ ᠤ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠰᠢᠶᠠᠩ ᠪᠠᠯᠭᠠᠰᠤ ᠵᠡᠭᠡᠯᠢ ᠭᠤᠳᠤᠮᠵᠢ ᠲᠠᠢ ᠬᠠᠮᠲᠤᠷᠠᠨ ︽ᠪᠦᠬᠦᠨ ᠳᠤ ᠲᠣᠬᠢᠷᠠᠬᠤ ᠺᠠᠷᠲ︾᠎ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠨᠥᠬᠦᠪᠥᠷᠢ ᠶᠢᠨ ᠪᠠᠯᠠ ᠮᠥᠩᠭᠦ ᠣᠯᠭᠤᠬᠤ᠂ ᠮᠡᠳᠡᠭᠡ ᠵᠠᠩᠭᠢ ᠶᠢ ᠢᠯᠡ ᠪᠣᠯᠭᠠᠬᠤ᠂ ᠲᠥᠷᠥ ᠶᠢᠨ ᠪᠣᠳᠣᠯᠭ᠎ᠠ ᠶᠢᠨ ᠲᠠᠶᠢᠯᠪᠤᠷᠢᠯᠠᠯᠲᠠ ᠬᠢᠬᠦ ᠵᠡᠷᠭᠡ ᠠᠵᠢᠯ ᠢ ᠰᠠᠶᠢᠲᠤᠷ ᠬᠢᠵᠦ᠂ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ ᠳᠡᠭᠡᠷᠡᠬᠢ ᠪᠣᠶ ᠪᠥᠬᠦᠶ ᠨᠥᠬᠦᠪᠥᠷᠢ ᠶᠢ ︽ᠪᠦᠬᠦᠨ ᠳᠤ ᠲᠣᠬᠢᠷᠠᠬᠤ ᠺᠠᠷᠲ︾᠎ ᠤᠨ ᠰᠢᠰᠲ᠋ᠧᠮ ᠢᠶᠠᠷ ᠳᠠᠮᠵᠢᠭᠤᠯᠤᠨ ᠡᠷᠦᠬᠡ ᠳᠤ ᠰᠢᠭᠤᠳ ᠣᠯᠭᠤᠬᠤ ᠶᠢ ᠡᠷᠲᠡᠬᠡᠨ ᠪᠡᠶᠡᠯᠡᠭᠦᠯᠦᠨ᠎ᠡ᠃   
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号