ᠳ᠋ᠢᠩ ᠺᠠᠶ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠥᠷᠭᠡᠳᠬᠡᠭᠰᠡᠨ ᠬᠤᠷᠠᠯ ᠵᠢᠴᠢ 2024 ᠣᠨ ᠤ ᠰᠢᠭᠤᠳ ᠬᠠᠷᠢᠶ᠎ᠠ ᠨᠠᠮ ᠤᠨ ᠬᠤᠷᠢᠶ᠎ᠠ ︵ᠨᠠᠮ ᠤᠨ ᠠᠵᠢᠯᠯᠠᠬᠤ ᠬᠤᠷᠢᠶ᠎ᠠ︶᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/24
      12 ᠰᠠᠷ᠎ᠠ ᠶᠢᠨ 23 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ᠂ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠳ᠋ᠢᠩ ᠺᠠᠶ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠥᠷᠭᠡᠳᠬᠡᠭᠰᠡᠨ ᠬᠤᠷᠠᠯ ᠵᠢᠴᠢ 2024 ᠣᠨ ᠤ ᠰᠢᠭᠤᠳ ᠬᠠᠷᠢᠶ᠎ᠠ ᠨᠠᠮ ᠤᠨ ᠬᠤᠷᠢᠶ᠎ᠠ ︵ᠨᠠᠮ ᠤᠨ ᠠᠵᠢᠯᠯᠠᠬᠤ ᠬᠤᠷᠢᠶ᠎ᠠ︶᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠢ ᠡᠷᠭᠢᠯᠡᠨ ᠬᠤᠷᠠᠯᠳᠤᠭᠤᠯᠵᠤ᠂ ᠡᠯ᠎ᠡ ᠵᠡᠭᠡᠯᠢ ᠪᠠᠯᠭᠠᠰᠤᠨ ᠤ ᠨᠠᠮ ᠤᠨ ᠬᠤᠷᠢᠶ᠎ᠠ ︵ᠨᠠᠮ ᠤᠨ ᠠᠵᠢᠯᠯᠠᠬᠤ ᠬᠤᠷᠢᠶ᠎ᠠ︶ ᠪᠣᠯᠤᠨ ᠬᠡᠰᠡᠭ ᠰᠢᠭᠤᠳ ᠬᠠᠷᠢᠶ᠎ᠠ ᠨᠠᠮ ᠤᠨ ᠬᠤᠷᠢᠶ᠎ᠠ ︵ᠨᠠᠮ ᠤᠨ ᠠᠵᠢᠯᠯᠠᠬᠤ ᠬᠤᠷᠢᠶ᠎ᠠ︶᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ 2024 ᠣᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠪᠠᠶᠢᠳᠠᠯ ᠤᠨ ᠲᠤᠬᠠᠶ ᠲᠤᠰᠢᠶᠠᠯ ᠤᠨ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠤᠬᠠᠶ ᠶᠢᠨ ᠲᠠᠯᠠᠪᠠᠶ ᠳᠤ ᠰᠢᠯᠭᠠᠨ ᠦᠨᠡᠯᠡᠪᠡ᠃ ᠪᠤᠭᠤᠲᠤ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠭᠤᠷᠪᠠᠳᠤᠭᠠᠷ ᠰᠠᠯᠠᠭᠠᠨ ᠤ ᠳᠠᠷᠤᠭ᠎ᠠ ᠵᠤᠤ ᠰᠢᠤᠸᠠᠢ ᠳ᠋ᠦᠩ ᠬᠤᠷᠠᠯ ᠳᠤ ᠣᠷᠣᠯᠴᠠᠵᠤ ᠵᠢᠭᠠᠨ ᠵᠢᠯᠣᠭᠤᠳᠤᠭᠰᠠᠨ ᠪᠥᠭᠡᠳ ᠦᠨᠡᠯᠡᠯᠲᠡ ᠬᠢᠪᠡ᠃      ᠬᠤᠷᠠᠯ ᠳᠡᠭᠡᠷ᠎ᠡ᠂ ᠳ᠋ᠢᠩ ᠺᠠᠶ ᠣᠯᠠᠨ ᠤ ᠲᠤᠰᠢᠶᠠᠯ ᠤᠨ ᠮᠡᠳᠡᠭᠦᠯᠦᠯᠲᠡ ᠶᠢ ᠨᠢᠭᠡᠳ ᠨᠢᠭᠡ ᠪᠠᠷ ᠦᠨᠡᠯᠡᠵᠦ᠂ ᠠᠵᠢᠯ ᠤᠨ ᠦᠷ᠎ᠡ ᠪᠦᠲᠦᠮᠵᠢ ᠶᠢ ᠨᠤᠲᠠᠯᠠᠭᠰᠠᠨ ᠪᠥᠭᠡᠳ ᠠᠰᠠᠭᠤᠳᠠᠯ ᠢ ᠵᠢᠭᠠᠨ ᠭᠠᠷᠭᠠᠵᠤ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠪᠠ᠃ ᠲᠣᠭᠤᠷᠢᠭ ᠤᠨ ᠤᠳᠤᠷᠢᠳᠤᠯᠭ᠎ᠠ ᠰᠣᠶᠣᠯᠲᠤ᠂ ᠯᠢᠦ ᠪᠢᠨ ᠬᠤᠸᠠ᠂ ᠯᠢ ᠨᠠ᠂ ᠪᠦᠸᠧ ᠺᠧ ᠶᠡᠷᠦᠩᠬᠡᠶᠢᠯᠡᠨ ᠦᠨᠡᠯᠡᠯᠲᠡ ᠬᠢᠪᠡ᠃ ᠵᠤᠤ ᠰᠢᠤᠸᠠᠢ ᠳ᠋ᠦᠩ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠢ ᠲᠥᠯᠥᠭᠡᠯᠡᠨ ᠴᠢᠩᠱᠠᠨ ᠲᠣᠭᠤᠷᠢᠭ ᠤᠨ ᠬᠤᠶᠢᠰᠢᠳᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠬᠤ ᠲᠤᠬᠠᠶ ᠵᠢᠯᠣᠭᠤᠳᠬᠤ ᠰᠠᠨᠠᠯ ᠳᠤᠷᠠᠳᠪᠠ᠃      ᠬᠤᠷᠠᠯ ᠠᠴᠠ᠂ ᠡᠨᠡ ᠵᠢᠯ ᠠᠴᠠ ᠨᠠᠭᠠᠰᠢ᠂ ᠪᠦᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠪᠣᠯᠤᠨ ᠰᠢᠨ᠎ᠡ ᠴᠠᠭ ᠦᠶ᠎ᠡ ᠶᠢᠨ ᠨᠠᠮ ᠤᠨ ᠱᠤᠭᠤᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ ᠲᠥᠪ ᠴᠢᠩᠭ᠎ᠠ ᠨᠠᠷᠢᠨ ᠬᠢᠨᠠᠮᠠᠭᠠᠢ ᠬᠦᠯᠢᠶᠡᠵᠦ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ︽ᠬᠤᠶᠠᠷ ᠢ ᠠᠰᠠᠭᠤᠵᠤ ᠬᠤᠶᠠᠷ ᠢ ᠴᠡᠪᠡᠷᠯᠡᠨ ᠨᠢᠭᠡ ᠶᠢ ᠦᠭᠡᠷᠡᠴᠢᠯᠡᠬᠦ︾ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠦᠨᠳᠦᠰᠦᠨ ᠱᠠᠲᠤᠨ ᠤ ᠵᠠᠰᠠᠯᠲᠠ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ ᠵᠡᠷᠭᠡ ᠠᠯᠢ ᠤᠯᠠᠨ ᠪᠠᠴᠢᠮ ᠪᠡᠷᠬᠡ ᠠᠶᠤᠯᠲᠠᠢ ᠬᠦᠨᠳᠦ ᠡᠭᠦᠷᠭᠡ ᠶᠢᠨ ᠳᠤᠮᠳᠠ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠵᠦ᠂ ᠨᠠᠮ ᠤᠨ ᠪᠠᠶᠢᠭᠤᠯᠤᠯᠲᠠ ᠶᠢᠨ ᠪᠦᠬᠦ ᠲᠠᠯ᠎ᠠ ᠶᠢ ᠬᠦᠳᠦᠯᠥᠨ ᠳᠠᠭᠠᠭᠤᠯᠬᠤ᠂ ᠶᠡᠭᠡ ᠲᠠᠯ᠎ᠠ ᠳᠤ ᠦᠢᠯᠡᠴᠢᠯᠡᠬᠦ ᠦᠢᠯᠡᠳᠦᠯ ᠨᠡᠩ ᠢᠯᠡᠷᠬᠡᠢ ᠪᠣᠯᠪᠠ᠃ ᠭᠡᠪᠡᠴᠦ ᠮᠠᠨ ᠤ ᠲᠤᠭᠤᠷᠢᠭ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠴᠢᠬᠤᠯᠠᠲᠠᠶ ᠭᠠᠵᠠᠷ  ᠪᠠᠶᠢᠨ᠎ᠠ᠃ ᠡᠨᠡ ᠤᠳᠠᠭᠠᠨ ᠤ ᠬᠤᠷᠠᠯ ᠤᠨ ᠦᠨᠡᠯᠡᠯᠲᠡ ᠪᠠ ᠲᠣᠰ ᠪᠡᠶ᠎ᠡ ᠶᠢᠨ ᠡᠷᠢᠵᠦ ᠭᠠᠷᠭᠠᠭᠰᠠᠨ ᠠᠰᠠᠭᠤᠳᠠᠯ ᠲᠠᠢ ᠤᠶᠠᠯᠳᠤᠭᠤᠯᠤᠨ᠂ ᠴᠡᠭᠴᠡᠯᠡᠨ ᠰᠠᠶᠢᠵᠢᠷᠠᠭᠤᠯᠬᠤ ᠶᠢ ᠲᠡᠷᠡ ᠶᠣᠰᠣᠭᠠᠷ ᠨᠢ ᠰᠠᠶᠢᠲᠤᠷ ᠠᠳᠬᠤᠵᠤ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠭᠰᠠᠨ ᠪᠠᠶᠢᠨ᠎ᠠ᠃      ᠬᠤᠷᠠᠯ ᠠᠴᠠ᠂ ᠪᠥᠬᠦ ᠲᠤᠭᠤᠷᠢᠭ ᠤᠨ ᠡᠯ᠎ᠡ ᠨᠠᠮ ᠤᠨ ᠵᠣᠬᠢᠶᠠᠨ ᠪᠠᠶᠢᠭᠤᠯᠤᠯᠲᠠ ᠤᠯᠤᠰ ᠲᠥᠷᠥ ᠶᠢᠨ ᠵᠢᠯᠣᠭᠤᠳᠤᠮᠵᠢ ᠪᠠᠨ ᠴᠢᠩᠭᠠᠳᠬᠠᠵᠤ᠂ ᠤᠯᠤᠰ ᠲᠥᠷᠥ ᠶᠢᠨ ᠪᠠᠶᠢᠭᠤᠯᠤᠯᠲᠠ ᠶᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠶᠢᠨ ᠲᠡᠷᠢᠭᠦᠨ ᠴᠢᠬᠤᠯᠠ ᠡᠭᠦᠷᠭᠡ ᠪᠣᠯᠭᠠᠬᠤ ᠶᠢ ᠪᠠᠷᠢᠮᠲᠠᠯᠠᠵᠤ᠂ ᠭᠤᠤᠯ ᠰᠡᠳᠦᠪᠲᠦ ᠬᠥᠮᠦᠵᠢᠯ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠢ ᠪᠠᠶᠢᠩᠭᠤ ᠥᠷᠨᠢᠭᠦᠯᠬᠦ ᠲᠠᠢ ᠤᠶᠠᠯᠳᠤᠭᠤᠯᠵᠤ᠂ ᠤᠯᠤᠰ ᠲᠥᠷᠥ ᠶᠢᠨ ᠦᠨᠡᠨᠴᠢ ᠰᠢᠳᠤᠷᠭᠤ ᠪᠠᠶᠢᠬᠤ ᠬᠥᠮᠦᠵᠢᠯ ᠪᠣᠯᠤᠨ ᠨᠠᠮᠴᠢ ᠴᠢᠨᠠᠷ ᠤᠨ ᠬᠥᠮᠦᠵᠢᠯ ᠢ ᠦᠷᠭᠦᠯᠵᠢᠯᠡᠨ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠡᠭᠦᠷᠭᠡ ᠬᠠᠷᠢᠭᠤᠴᠠᠯᠭ᠎ᠠ ᠪᠠᠨ  ᠭᠦᠢᠴᠡᠳᠭᠡᠬᠦ ᠪᠣᠯᠤᠨ ᠡᠳᠦᠷ ᠲᠤᠲᠤᠮ ᠤᠨ ᠦᠭᠡ ᠶᠠᠷᠢᠶ᠎ᠠ ᠦᠢᠯᠡ ᠠᠵᠢᠯᠯᠠᠭ᠎ᠠ ᠳᠤᠮᠳᠠ ᠪᠠᠨ ᠢᠯᠡᠷᠡᠭᠦᠯᠬᠦ ᠶᠢ ᠠᠬᠢᠭᠤᠯᠬᠤ ᠬᠡᠷᠡᠭᠲᠡᠶ᠃ ᠢᠮᠠᠭᠲᠠ ᠭᠤᠣᠯ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠲᠠᠯ᠎ᠠ ᠶᠢᠨ ᠠᠵᠢᠯ ᠳᠤ ᠬᠦᠴᠦᠨ ᠢᠶᠠᠨ ᠲᠥᠪᠯᠡᠷᠡᠭᠦᠯᠵᠦ᠂ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ᠂ ᠴᠢᠳᠠᠪᠤᠷᠢᠲᠠᠨ ᠢ ᠨᠢᠭᠲᠠᠷᠠᠭᠤᠯᠵᠤ᠂ ᠤᠯᠠᠨ ᠲᠦᠮᠡᠨ ᠢ ᠲᠠᠶᠢᠴᠢᠯᠠᠨ᠂ ᠬᠡᠷᠡᠭᠯᠡᠭᠡ ᠶᠢ ᠬᠥᠭᠵᠢᠭᠡᠬᠦ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠠᠵᠤ ᠦᠢᠯᠡᠰ ᠤᠨ ᠲᠡᠰ ᠳᠡᠪᠰᠢᠬᠦ ᠵᠡᠷᠭᠡ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠲᠤᠰ ᠪᠡᠶ᠎ᠡ ᠶᠢᠨ ᠠᠵᠢᠯ ᠤᠨ ᠭᠠᠷᠳᠠᠬᠤ ᠴᠡᠭ᠂ ᠤᠶᠠᠯᠳᠤᠯ ᠤᠨ ᠴᠡᠭ᠂ ᠬᠦᠴᠦᠯᠡᠬᠦ ᠴᠡᠭ ᠢ ᠣᠨᠣᠪᠴᠢᠲᠠᠢ ᠣᠯᠵᠤ᠂ ᠳᠡᠭᠡᠷ᠎ᠡ ᠭᠤᠷᠪᠠᠨ ᠱᠠᠳᠤ ᠪᠣᠯᠤᠨ ᠲᠤᠭᠤᠷᠢᠭ ᠤᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠲᠤᠬᠢᠷᠠᠭᠤᠯᠤᠯᠳᠠ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ︽ᠰᠡᠳᠬᠢᠬᠦᠢ ᠶᠢ ᠴᠢᠯᠦᠭᠡᠯᠡᠬᠦ᠂ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠬᠦ᠂ ᠲᠡᠷᠢᠭᠦᠨ ᠤ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ︾ ᠶᠢ ᠠᠵᠢᠯ ᠤᠨ ᠠᠷᠭ᠎ᠠ ᠪᠠ ᠠᠵᠢᠯ ᠤᠨ ᠱᠠᠭᠠᠷᠳᠠᠯᠭ᠎ᠠ ᠪᠣᠯᠭᠠᠨ ᠪᠠᠷᠢᠮᠲᠠᠯᠠᠵᠤ᠂ ᠪᠠᠶᠢᠳᠠᠯ ᠢ ᠮᠠᠭᠠᠳᠯᠠᠬᠤ᠂ ᠠᠰᠠᠭᠤᠳᠠᠯ ᠢ ᠰᠤᠳᠤᠯᠬᠤ᠂ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠥᠮᠦᠨ ᠰᠣᠩᠭᠤᠵᠤ ᠬᠥᠮᠦᠨ ᠬᠡᠷᠡᠭᠯᠡᠬᠦ ᠵᠥᠪ ᠤᠳᠤᠷᠢᠳᠤᠮᠵᠢ ᠶᠢ ᠢᠯᠡ ᠲᠣᠳᠣ ᠪᠤᠢ ᠪᠣᠯᠭᠠᠵᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠨᠡᠩ ᠥᠨᠳᠥᠷ ᠪᠠᠷᠢᠮᠵᠢᠶ᠎ᠠ ᠪᠠ ᠨᠡᠩ ᠰᠠᠶᠢᠨ ᠪᠠᠶᠢᠳᠠᠯ ᠢᠶᠠᠷ ᠪᠦᠬᠦ ᠲᠤᠭᠤᠷᠢᠭ ᠤᠨ ᠡᠯ᠎ᠡ ᠵᠦᠢᠯ ᠤᠨ ᠠᠵᠢᠯ ᠳᠤ ᠨᠡᠩ ᠶᠡᠭᠡ ᠠᠮᠵᠢᠯᠲᠠ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃      ᠲᠤᠰᠢᠶᠠᠯ ᠤᠨ ᠮᠡᠳᠡᠭᠦᠯᠦᠯᠲᠡ ᠳᠠᠭᠤᠰᠤᠭᠰᠠᠨ ᠤ ᠳᠠᠷᠠᠭ᠎ᠠ᠂ 2024 ᠣᠨ ᠤ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠣᠷᠣᠨ ᠪᠦᠰᠡ ᠶᠢᠨ ᠪᠦᠯᠦᠭᠯᠡᠯ ᠤᠨ ᠨᠠᠮ ᠤᠨ ᠠᠵᠢᠯ ᠤᠨ ᠬᠤᠷᠢᠶ᠎ᠠ ᠶᠢᠨ ᠡᠭᠡᠯᠵᠢᠯᠡᠨ ᠵᠢᠵᠢᠭᠦᠷᠯᠡᠬᠦ ᠶᠣᠰᠣᠯᠠᠯ ᠢ ᠡᠷᠭᠢᠯᠡᠪᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号