ᠴᠢᠩ ᠹᠦ᠋ ᠪᠠᠯᠭᠠᠰᠤ᠄ ᠪᠡᠶ᠎ᠡ ᠶᠢᠨ ᠳᠡᠷᠭᠡᠳᠡᠬᠢ ᠨᠡᠶᠢᠭᠡᠮ ᠲᠣᠭᠤᠷᠢᠭ ᠤᠨ ᠦᠢᠯᠡᠴᠢᠯᠡᠭᠡ  ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠤᠭᠴᠠᠯᠠᠨ᠎ᠠ
ᠨᠡᠶᠢᠲᠡᠯᠡᠭᠰᠡᠨ ᠴᠠᠭ᠄
2024/12/25
      ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ᠡᠶ᠎ᠡ ᠵᠣᠬᠢᠴᠠᠯ ᠲᠠᠢ ᠬᠡᠷ ᠣᠷᠣᠨ ᠢ ᠪᠠᠶᠢᠭᠤᠯᠵᠤ᠂ ᠭᠠᠭᠴᠠᠭᠠᠷ ᠰᠠᠭᠤᠭ᠎ᠠ ᠨᠠᠰᠤᠲᠠᠶᠢᠴᠤᠳ ᠲᠤ ᠬᠡᠷ ᠤᠨ ᠬᠥᠮᠦᠰ ᠮᠡᠲᠦ ᠬᠠᠶᠢᠷ᠎ᠠ ᠬᠠᠯᠠᠮᠵᠢ ᠵᠢᠴᠢ ᠨᠡᠶᠢᠭᠡᠮ ᠲᠣᠭᠤᠷᠢᠭ ᠤᠨ ᠬᠠᠶᠢᠷ᠎ᠠ ᠬᠠᠯᠠᠮᠵᠢ ᠶᠢ ᠮᠡᠳᠡᠷᠡᠭᠦᠯᠬᠦ ᠶᠢᠨ ᠲᠥᠯᠥᠭᠡ᠂ ᠣᠶᠢᠷ᠎ᠠ ᠳᠤ᠂ ᠴᠢᠩ ᠹᠦ᠋ ᠪᠠᠯᠭᠠᠰᠤᠨ ᠤ ᠶᠢᠨ ᠬᠠᠶ ᠨᠡᠶᠢᠭᠡᠮ ᠲᠣᠭᠤᠷᠢᠭ ᠬᠡᠷ ᠲᠤᠨᠢ ᠬᠦᠷᠴᠦ ᠨᠠᠰᠤᠲᠠᠶᠢᠴᠤᠳ ᠲᠤ ᠨᠠᠰᠤᠵᠢᠯ ᠤᠨ ᠬᠢᠷᠢ ᠬᠡᠮ ᠤᠨ ᠭᠡᠷᠡᠴᠢᠯᠡᠯ ᠬᠢᠬᠦ᠂ ᠰᠤᠷᠤᠯᠴᠠᠯᠭ᠎ᠠ ᠶᠢ ᠬᠡᠷ ᠲᠤᠨᠢ ᠬᠦᠷᠭᠡᠬᠦ ᠵᠡᠷᠭᠡ ᠠᠵᠢᠯᠯᠠᠭ᠎ᠠ ᠥᠷᠨᠢᠭᠦᠯᠪᠡ᠃      ᠭᠡᠷ ᠲᠤᠨᠢ ᠬᠦᠷᠴᠦ ᠦᠢᠯᠡᠴᠢᠯᠡᠬᠦ ᠠᠵᠢᠯᠯᠠᠭ᠎ᠠ ᠳᠤᠮᠳᠠ᠂ ᠨᠡᠶᠢᠭᠡᠮ ᠲᠣᠭᠤᠷᠢᠭ ᠤᠨ ᠠᠵᠢᠯᠲᠠᠳ ᠪᠠᠰᠠ ᠨᠠᠰᠤᠲᠠᠨ ᠲᠠᠢ ᠵᠣᠭᠤᠭᠳᠠᠵᠤ᠂ ᠣᠶᠢᠷ᠎ᠠ ᠶᠢᠨ ᠬᠤᠭᠤᠴᠠᠭᠠᠨ ᠤ ᠠᠮᠢᠳᠤᠷᠠᠯ ᠪᠣᠯᠤᠨ ᠪᠡᠶ᠎ᠡ ᠮᠠᠬᠠᠪᠣᠳ ᠤᠨ ᠪᠠᠶᠢᠳᠠᠯ᠂ ᠨᠠᠰᠤᠲᠠᠨ ᠤ ᠬᠦᠴᠢᠷᠳᠡᠯ ᠪᠣᠯᠤᠨ ᠬᠦᠰᠡᠯ ᠱᠠᠭᠠᠷᠳᠠᠯᠭ᠎ᠠ ᠶᠢ ᠣᠶᠢᠯᠠᠭᠠᠬᠤ ᠶᠢᠨ ᠬᠠᠮᠲᠤ ᠨᠠᠰᠤᠲᠠᠳ ᠢ ᠢᠳᠡᠭᠡᠨ ᠤᠮᠳᠠᠭᠠᠨ ᠤ ᠡᠷᠡᠭᠦᠯ ᠮᠡᠨᠳᠦ ᠶᠢ ᠠᠩᠬᠠᠷᠴᠤ᠂ ᠪᠡᠶ᠎ᠡ ᠮᠠᠬᠠᠪᠣᠳ ᠢᠶᠠᠨ ᠠᠩᠬᠠᠷᠴᠤ᠂ ᠬᠡᠷᠪᠡ ᠬᠦᠴᠢᠷᠳᠡᠯ ᠲᠤᠯᠭᠠᠷᠠᠪᠠᠯ ᠴᠠᠭ ᠲᠤᠬᠠᠶ ᠳᠤᠨᠢ ᠨᠡᠶᠢᠭᠡᠮ ᠲᠣᠭᠤᠷᠢᠭ ᠲᠠᠢ ᠬᠠᠷᠢᠯᠴᠠᠵᠤ᠂ ᠨᠡᠶᠢᠭᠡᠮ ᠲᠣᠭᠤᠷᠢᠭ ᠲᠡᠷᠡ ᠳᠠᠷᠤᠶ ᠳᠤᠨᠢ ᠭᠡᠷ ᠲᠤᠨᠢ ᠬᠦᠷᠴᠦ ᠦᠢᠯᠡᠴᠢᠯᠡᠭᠦᠯᠬᠦ ᠬᠡᠷᠡᠭᠲᠡᠶ ᠭᠡᠵᠦ ᠵᠠᠬᠢᠪᠠ᠃      ᠶᠢᠨ ᠬᠠᠶ ᠨᠡᠶᠢᠭᠡᠮ ᠲᠣᠭᠤᠷᠢᠭ ᠢᠮᠠᠭᠲᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠲᠡᠷᠢᠭᠦᠨ ᠪᠠᠶᠢᠷᠢᠨ ᠳᠤ ᠲᠠᠯᠪᠢᠵᠤ᠂ ︽ᠵᠠᠶ ᠵᠠᠪᠰᠠᠷ ᠥᠬᠡᠶ︾ ᠬᠡᠷ ᠲᠤᠨᠢ ᠬᠦᠷᠴᠦ ᠦᠢᠯᠡᠴᠢᠯᠡᠬᠦ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠦᠢᠯᠡᠴᠢᠯᠡᠭᠡᠨ ᠤ ᠵᠦᠢᠯᠡᠰ ᠢ ᠰᠠᠨᠠᠭᠠᠴᠢᠯᠠᠭ᠎ᠠ ᠥᠬᠡᠶ ᠪᠠᠷ ᠭᠥᠯᠢᠶᠡᠨ ᠠᠪᠴᠤ ᠬᠤᠪᠢᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠬᠠᠶᠢᠷ᠎ᠠ ᠬᠠᠯᠠᠮᠵᠢ ᠶᠢ ᠦᠢᠯᠡᠴᠢᠯᠡᠭᠡᠨ ᠤ ᠡᠲᠡᠭᠡᠳ ᠤᠨ ᠬᠡᠷ ᠪᠦᠯᠢ ᠳᠤ ᠬᠦᠷᠭᠡᠵᠦ᠂ ᠦᠢᠯᠡᠴᠢᠯᠡᠬᠦ ᠡᠲᠡᠭᠡᠳ ᠤᠨ ᠰᠡᠳᠬᠢᠯ ᠳᠤ ᠬᠦᠷᠭᠡᠪᠡ᠃      ᠳᠠᠷᠠᠭᠠᠴᠢ ᠶᠢᠨ ᠠᠯᠬᠤᠮ ᠳᠤ᠂ ᠶᠢᠨ ᠬᠠᠢ ᠨᠡᠶᠢᠭᠡᠮ ᠲᠣᠭᠤᠷᠢᠭ ᠤᠨ ᠬᠢᠨ ᠭᠡᠷ ᠲᠤᠨᠢ ᠬᠦᠷᠴᠦ ᠦᠢᠯᠡᠴᠢᠯᠡᠬᠦ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠠᠬᠢᠭᠤᠯᠵᠤ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠲᠤᠬᠠᠶᠢᠯᠠᠭᠰᠠᠨ ᠠᠵᠢᠯ ᠢ ᠥᠷᠨᠢᠭᠦᠯᠵᠦ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠵᠦ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠠᠭᠤᠭᠠᠯᠢ ᠠᠷᠠᠳ ᠲᠤ ᠴᠢᠨᠠᠷ ᠰᠠᠶᠢᠲᠠᠢ᠂ ᠳᠥᠭᠦᠮ ᠳᠥᠲᠡ᠂ ᠰᠡᠳᠬᠢᠯ ᠵᠢᠷᠦᠬᠡ ᠪᠠᠨ ᠬᠤᠯᠪᠣᠵᠤ ᠬᠠᠪᠰᠤᠷᠤᠨ ᠭᠦᠢᠴᠡᠳᠬᠡᠬᠦ ᠦᠢᠯᠡᠴᠢᠯᠡᠭᠡ ᠶᠢ ᠨᠡᠩ ᠰᠠᠶᠢᠲᠤᠷ ᠬᠠᠩᠭᠠᠵᠤ᠂ ᠥᠨᠥᠴᠢᠨ ᠪᠡᠯᠪᠡᠰᠦᠨ ᠨᠠᠰᠤᠲᠠᠨ ᠤ ᠪᠣᠳᠠᠲᠠᠢ ᠬᠦᠴᠢᠷᠳᠡᠯ ᠢ ᠬᠦᠴᠦᠯᠡᠨ ᠰᠢᠢᠳᠪᠦᠷᠢᠯᠡᠵᠦ᠂ ᠬᠠᠷᠢᠶ᠎ᠠ ᠣᠷᠣᠨ ᠳᠤ ︿ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠪᠰᠤᠷᠬᠤ﹀ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠨᠠᠰᠤᠲᠠᠶᠢᠴᠤᠳ ᠲᠤ ᠦᠢᠯᠡᠴᠢᠯᠡᠬᠦ ᠰᠢᠨ᠎ᠡ ᠪᠠᠶᠢᠳᠠᠯ ᠢ ᠡᠬᠢᠯᠡᠭᠦᠯᠵᠦ᠂ ᠨᠠᠰᠤᠲᠠᠶᠢᠴᠤᠳ ᠲᠤ ᠨᠡᠩ ᠪᠠᠶᠠᠯᠢᠭ᠂ ᠨᠡᠩ ᠳᠥᠭᠦᠮ ᠳᠥᠲᠡ᠂ ᠨᠡᠩ ᠴᠢᠨᠠᠷ ᠰᠠᠶᠢᠲᠠᠢ ᠦᠢᠯᠡᠴᠢᠯᠡᠭᠡ ᠶᠢ ᠡᠳ᠋ᠯᠡᠭᠦᠯᠬᠦ ᠪᠠᠷ ᠴᠢᠷᠮᠠᠶᠢᠵᠤ᠂ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠤᠮᠧᠲᠷ︾᠎ ᠢ ᠨᠡᠪᠲᠡᠷᠡᠭᠦᠯᠬᠦ ᠪᠠᠷ ᠴᠢᠷᠮᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号