1— 11 ᠳ᠋ᠦ᠋ᠭᠡᠷ ᠰᠠᠷ᠎ᠠ ᠳᠤ ᠴᠢᠩᠱᠠᠨ ᠲᠣᠭᠤᠷᠢᠭ ᠤᠨ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ ᠤᠨ ᠦᠷ᠎ᠡ ᠠᠰᠢᠭ ᠰᠠᠶᠢᠵᠢᠷᠠᠪᠠ
ᠨᠡᠶᠢᠲᠡᠯᠡᠭᠰᠡᠨ ᠴᠠᠭ᠄
2024/12/25
      ᠡᠨᠡ ᠵᠢᠯ ᠠᠴᠠ ᠨᠠᠭᠠᠰᠢ᠂ ᠤᠯᠤᠰ ᠤᠨ ᠥᠮᠴᠢᠯᠡᠯ ᠤᠨ ᠵᠢᠴᠢ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ ︵ᠳᠣᠷᠣᠭᠰᠢ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ ᠭᠡᠵᠦ ᠲᠣᠪᠴᠢᠯᠠᠨ᠎ᠠ︶᠎ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠪᠠ ᠳᠣᠲᠣᠭᠠᠳᠤ ᠶᠢᠨ ᠬᠥᠳᠡᠯᠭᠡᠬᠦ ᠬᠦᠴᠦᠨ ᠲᠠᠰᠤᠷᠠᠯᠲᠠ ᠥᠬᠡᠶ ᠴᠢᠩᠭᠠᠷᠠᠵᠤ᠂ ᠠᠵᠤ ᠠᠬᠤᠶᠢᠯᠠᠯ ᠤᠨ ᠬᠡᠪᠴᠢᠶ᠎ᠡ ᠪᠠ ᠦᠷ᠎ᠡ ᠠᠰᠢᠭ ᠦᠷᠭᠦᠯᠵᠢᠯᠡᠨ ᠳᠡᠭᠡᠭᠰᠢᠯᠡᠵᠦ᠂ ᠭᠤᠤᠯᠯᠠᠬᠤ ᠥᠷᠢᠰᠥᠯᠳᠦᠬᠦ ᠬᠦᠴᠦᠨ ᠪᠠ ᠭᠤᠤᠯᠯᠠᠬᠤ ᠴᠢᠳᠠᠮᠵᠢ ᠨᠠᠩ ᠲᠣᠪᠤᠶᠢᠮ᠎ᠠ ᠪᠣᠯᠵᠣ᠂ ᠨᠡᠮᠡᠭᠳᠡᠯ ᠢ ᠲᠣᠭᠲᠠᠪᠤᠷᠢᠵᠢᠭᠤᠯᠤᠨ ᠪᠦᠲᠦᠴᠡ ᠶᠢ ᠳᠣᠭᠢᠷᠠᠭᠤᠯᠬᠤ ᠳᠤᠮᠳᠠ ᠴᠢᠬᠤᠯᠠ ᠦᠢᠯᠡᠳᠦᠯ ᠦᠵᠡᠭᠦᠯᠪᠡ᠃      1— 11 ᠳ᠋ᠦ᠋ᠭᠡᠷ ᠰᠠᠷ᠎ᠠ ᠳᠤ᠂ ᠴᠢᠩᠱᠠᠨ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ ᠦᠢᠯᠡᠳᠪᠦᠷᠢ ︵ᠰᠦᠯᠵᠢᠶ᠎ᠡ ᠨᠡᠶᠢᠯᠡᠭᠦᠯᠦᠨ ᠰᠢᠭᠤᠳ ᠮᠡᠳᠡᠭᠦᠯᠬᠦ︶ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠶᠢ 43.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1.2%᠎ ᠢᠶᠠᠷ ᠨᠡᠮᠡᠭᠳᠡᠨ᠂ ᠮᠠᠨ ᠤ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠳᠤᠮᠳᠠᠴᠢ ᠬᠢᠷᠢ ᠬᠡᠮᠵᠢᠶ᠎ᠡ ᠠᠴᠠ 22.2 ᠵᠠᠭᠤᠨ ᠤ ᠴᠡᠭ ᠥᠨᠳᠥᠷ ᠪᠣᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠶᠢᠨ ᠨᠡᠮᠡᠭᠳᠡᠯ ᠢ 0.2 ᠵᠠᠭᠤᠨ ᠤ ᠨᠢᠭᠡᠴᠢ ᠳᠠᠶᠢᠴᠢᠯᠠᠪᠠ᠃ ᠠᠵᠢᠯ ᠲᠥᠷᠥᠯ ᠢᠶᠠᠷ ᠨᠢ ᠦᠵᠡᠪᠡᠯ᠂ ᠬᠡᠪᠴᠢᠶᠡᠵᠢᠯ ᠠᠴᠠ ᠳᠡᠭᠡᠭᠰᠢᠬᠢ ᠤᠯᠤᠰ ᠤᠨ ᠥᠮᠴᠢᠯᠡᠯᠲᠦ ᠬᠤᠪᠢ ᠡᠵᠡᠮᠳᠡᠬᠦ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠳᠣᠲᠣᠷᠠᠬᠢ 6 ᠬᠤᠪᠢ ᠣᠷᠴᠢᠮ ᠤᠨ ᠠᠵᠢᠯ ᠲᠥᠷᠥᠯ ᠤᠨ ᠬᠢᠨᠢ ᠠᠰᠢᠭ ᠣᠯᠵᠠᠪᠤᠷᠢ ᠶᠢ ᠪᠡᠶᠡᠯᠡᠭᠦᠯᠵᠡᠢ᠃ ᠠᠵᠤ ᠦᠢᠯᠡᠳᠪᠦᠷᠢ ᠶᠢᠨ ᠦᠢᠯᠡᠳᠪᠦᠷᠢᠯᠡᠯ ᠵᠢᠴᠢ ᠰᠠᠭᠤᠭᠠᠯᠢ ᠠᠷᠠᠳ ᠤᠨ ᠠᠮᠢᠳᠤᠷᠠᠯ ᠦᠷᠭᠦᠯᠵᠢᠯᠡᠨ ᠰᠠᠶᠢᠵᠢᠷᠠᠨ ᠬᠥᠭᠵᠢᠵᠦ᠂ ᠴᠠᠬᠢᠯᠭᠠᠨ ᠤᠰᠤ ᠬᠡᠷᠡᠭᠯᠡᠬᠦ ᠬᠡᠷᠡᠭᠴᠡᠭᠡ ᠲᠠᠰᠤᠷᠠᠯᠲᠠ ᠦᠭᠡᠢ ᠨᠡᠮᠡᠭᠳᠡᠵᠦ᠂ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ᠂ ᠴᠠᠬᠢᠯᠭᠠᠨ ᠬᠦᠴᠦᠨ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠠᠵᠢᠯ ᠲᠦᠷᠦᠯ ᠳᠤ ᠬᠦᠴᠦᠷᠬᠡᠭ ᠶᠡᠭᠡ ᠨᠡᠮᠡᠭᠳᠡᠯ ᠤᠨ ᠬᠠᠨᠳᠤᠰᠢ ᠢᠯᠡᠷᠡᠵᠦ᠂ ᠠᠰᠢᠭ ᠬᠤᠨᠵᠢᠪᠣᠷᠢ ᠶᠢᠨ ᠶᠡᠷᠦᠩᠬᠡᠢ ᠬᠡᠮᠵᠢᠶ᠎ᠡ ᠲᠤᠰ ᠲᠤᠰ ᠠᠳᠠᠯᠢ ᠬᠤᠭᠤᠴᠠᠭᠠᠨ ᠤ ᠬᠢ ᠠᠴᠠ 20% ᠪᠠ 9.1%᠎ ᠪᠠᠷ ᠨᠡᠮᠡᠭᠳᠡᠪᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号