ᠤᠨᠤᠯ ᠪᠠ ᠪᠣᠳᠠᠲᠤ ᠪᠠᠶᠢᠯᠳᠤᠭᠠᠨ ᠢ ᠵᠡᠷᠭᠡ ᠪᠠᠷ ᠴᠢᠬᠤᠯᠠᠴᠢᠯᠠᠵᠤ  ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠶᠢᠭᠤᠯᠤᠨ᠎ᠠ
ᠨᠡᠶᠢᠲᠡᠯᠡᠭᠰᠡᠨ ᠴᠠᠭ᠄
2024/12/25
      ᠴᠢᠩᠱᠠᠨ ᠲᠣᠭᠤᠷᠢᠭ ᠤᠨ ᠨᠠᠮᠤᠷ ᠡᠪᠦᠯ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠦᠨᠡᠨ ᠬᠦ ᠰᠠᠶᠢᠲᠤᠷ ᠬᠢᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠡᠩᠨᠡᠭᠡ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 12 ᠰᠠᠷ᠎ᠠ ᠶᠢᠨ 23 ᠤ ᠡᠳᠦᠷ᠂ ᠴᠢᠩᠱᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠣᠨᠣᠯ᠂ ᠰᠣᠷᠢᠯᠲᠠ᠂ ᠲᠤᠬᠠᠶ ᠶᠢᠨ ᠲᠠᠯᠠᠪᠤᠷ ᠤᠨ ᠭᠠᠯ ᠰᠡᠷᠭᠡᠶᠢᠯᠡᠬᠦ ᠮᠠᠰᠢᠨ ᠪᠠᠭᠠᠵᠢ ᠶᠢᠨ ᠠᠵᠢᠯᠯᠠᠭᠠᠨ᠂ ᠭᠠᠯ ᠤᠨᠲᠠᠷᠠᠭᠠᠬᠤ ᠪᠣᠳᠠᠲᠤ ᠪᠠᠶᠢᠯᠳᠤᠭᠠᠨ ᠵᠡᠷᠭᠡ ᠲᠠᠯ᠎ᠠ ᠪᠠᠷ ᠣᠶ ᠰᠢᠭᠤᠶ ᠨᠤᠲᠤᠭ ᠪᠡᠯᠴᠢᠭᠡᠷ ᠤᠨ ᠲᠤᠰᠬᠠᠶ ᠭᠠᠯ ᠤᠨᠲᠠᠷᠠᠭᠠᠬᠤ 25 ᠭᠡᠰᠢᠭᠦᠳ ᠲᠤ ᠲᠥᠪᠯᠡᠷᠡᠩᠭᠦᠶ ᠪᠣᠯᠪᠠᠰᠤᠷᠠᠭᠤᠯᠤᠯ ᠬᠢᠪᠠ᠃      ᠣᠨᠣᠯ ᠤᠨ ᠪᠣᠯᠪᠠᠰᠤᠷᠠᠯ ᠳᠤᠮᠳᠠ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠵᠣᠬᠢᠶᠠᠨ ᠪᠠᠶᠢᠭᠤᠯᠤᠯᠲᠠ ᠶᠢᠨ ᠵᠢᠯᠣᠭᠤᠳᠣᠯᠭ᠎ᠠ᠂ ᠠᠮᠤᠷ ᠲᠦᠪᠰᠢᠨ ᠤ ᠠᠶᠤᠯ ᠠᠴᠠ ᠵᠠᠶᠢᠯᠠᠬᠤ ᠠᠷᠭ᠎ᠠ᠂ ᠭᠠᠯ ᠤᠨᠲᠠᠷᠠᠭᠠᠬᠤ ᠪᠠᠶᠢᠯᠳᠤᠭᠠᠨ ᠤ ᠦᠨᠳᠦᠰᠦᠨ ᠪᠠᠶᠢᠯᠳᠤᠬᠤ ᠠᠷᠭ᠎ᠠ᠂ ᠭᠠᠯ ᠤᠨ ᠠᠶᠤᠯ ᠤᠨ ᠬᠡᠷᠡᠭ ᠤᠨ ᠵᠢᠱᠢᠶ᠎ᠡ ᠶᠢ ᠵᠠᠳᠠᠯᠬᠤ ᠵᠡᠷᠭᠡ ᠲᠠᠯ᠎ᠠ ᠪᠠᠷ ᠲᠥᠪᠯᠡᠷᠡᠭᠦᠯᠦᠨ ᠪᠣᠯᠪᠠᠰᠤᠷᠠᠭᠤᠯᠬᠤ ᠠᠩᠭᠢ ᠶᠢᠨ ᠭᠡᠰᠢᠭᠦᠳ ᠲᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠦᠨᠳᠦᠰᠦᠨ ᠮᠡᠳᠡᠯᠭᠡ ᠶᠢ ᠨᠠᠷᠢᠨ ᠲᠠᠶᠢᠯᠪᠤᠷᠢᠯᠠᠵᠤ ᠥᠭᠪᠡ᠃ ᠡᠭᠦᠨ ᠤ ᠬᠠᠮᠲᠤ ᠴᠢᠩᠱᠠᠨ ᠲᠣᠭᠤᠷᠢᠭ ᠲᠤ ᠭᠠᠯ ᠤᠨ ᠭᠠᠮᠰᠢᠭ ᠭᠠᠷᠬᠤ ᠪᠠᠷ ᠦᠵᠡᠭᠳᠡᠯ ᠪᠣᠯᠭᠠᠵᠤ᠂ ᠤᠷᠢᠳᠴᠢᠯᠠᠨ ᠰᠡᠷᠡᠮᠵᠢᠯᠡᠬᠦ ᠮᠡᠳᠡᠭᠡ ᠵᠠᠩᠭᠢ ᠪᠠ ᠭᠠᠯ ᠤᠨ ᠠᠶᠤᠯ ᠤᠨ ᠡᠷᠲᠡ ᠬᠤᠭᠤᠴᠠᠭᠠᠨ ᠤ ᠭᠠᠯ ᠤᠨᠲᠠᠷᠠᠭᠠᠬᠤ᠂ ᠲᠤᠭᠤᠷᠢᠭ ᠤᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠪᠠ ᠡᠩᠨᠡᠭᠡ ᠶᠢᠨ ᠲᠣᠬᠢᠷᠠᠭᠤᠯᠤᠯᠲᠠ ᠶᠢ ᠡᠬᠢᠯᠡᠭᠦᠯᠬᠦ᠂ ᠡᠮᠦᠨ᠎ᠡ ᠹᠷᠣᠨᠲ ᠤᠨ ᠵᠢᠯᠣᠭᠤᠳᠬᠤ ᠭᠠᠵᠠᠷ ᠠᠴᠠ ᠬᠤᠷᠠᠯ ᠬᠤᠷᠠᠯᠳᠤᠭᠤᠯᠵᠤ ᠭᠠᠯ ᠤᠨᠲᠠᠷᠠᠭᠠᠬᠤ ᠲᠥᠰᠦᠯ ᠲᠣᠭᠲᠠᠭᠠᠬᠤ᠂ ᠡᠩᠨᠡᠭᠡ ᠶᠢ ᠲᠣᠬᠢᠷᠠᠭᠤᠯᠬᠤ᠂ ᠭᠠᠯ ᠤᠨ ᠲᠠᠯᠠᠪᠠᠢ ᠶᠢ ᠴᠡᠪᠡᠷᠯᠡᠬᠦ ᠵᠡᠷᠭᠡ ᠲᠠᠪᠤᠨ ᠰᠢᠢᠳᠪᠦᠷᠢᠯᠡᠬᠦ ᠱᠠᠲᠤᠨ ᠤ ᠪᠦᠬᠦ ᠶᠠᠪᠤᠴᠠ ᠳᠤ ᠰᠣᠷᠢᠯᠲᠠ ᠬᠢᠪᠡ᠃ ᠡᠭᠦᠨ ᠤ ᠬᠠᠮᠲᠤ ᠪᠠᠰᠠ ᠭᠠᠯ ᠰᠡᠷᠭᠡᠶᠢᠯᠡᠬᠦ ᠮᠠᠰᠢᠨ ᠪᠠᠭᠠᠵᠢ ᠶᠢ ᠠᠵᠢᠯᠯᠠᠭᠤᠯᠬᠤ ᠵᠢᠴᠢ ᠠᠷᠠᠴᠢᠯᠠᠨ ᠬᠠᠮᠠᠭᠠᠯᠠᠬᠤ ᠠᠷᠭ᠎ᠠ ᠶᠢ ᠵᠢᠭᠠᠵᠤ᠂ ᠲᠤᠬᠠᠶ ᠶᠢᠨ ᠲᠠᠯᠠᠪᠤᠷ ᠤᠨ ᠪᠣᠳᠠᠲᠠᠶ ᠪᠣᠯᠪᠠᠰᠤᠷᠠᠯ ᠬᠢᠵᠦ᠂ ᠮᠠᠰᠢ ᠶᠡᠭᠡ ᠠᠰᠢᠭ ᠭᠥᠷᠳᠡᠭᠰᠡᠨ ᠪᠠᠶᠢᠨ᠎ᠠ᠃      ᠭᠠᠯ ᠤᠨᠲᠠᠷᠠᠭᠠᠬᠤ ᠪᠣᠳᠠᠲᠤ ᠪᠠᠶᠢᠯᠳᠤᠭᠠᠨ ᠤ ᠳᠤᠮᠳᠠ᠂ ᠴᠢᠩᠱᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ ᠰᠢᠲᠠᠭᠠᠬᠤ ᠪᠠᠶᠢᠯᠳᠤᠭᠠᠨ ᠤ ᠨᠠᠷᠢᠨ ᠲᠥᠰᠦᠯ ᠢ ᠲᠣᠭᠲᠠᠭᠠᠵᠤ᠂ ᠰᠢᠲᠠᠭᠠᠬᠤ ᠠᠵᠢᠯ ᠢ ᠨᠠᠷᠢᠨ ᠨᠢᠭᠲᠠ ᠪᠠᠶᠢᠷᠢᠯᠠᠭᠤᠯᠪᠠ᠃ ︽ᠠᠬᠠᠮᠠᠳ ᠲᠠᠮᠢᠷᠴᠢᠨ︾ ᠨᠢ ︽ᠰᠢᠨ᠎ᠡ ᠲᠠᠮᠢᠷᠴᠢᠨ︾ ᠢ ᠳᠠᠭᠠᠭᠤᠯᠬᠤ ᠠᠷᠭ᠎ᠠ ᠮᠠᠶ᠋ᠢᠭ ᠢ ᠠᠪᠴᠤ᠂ ᠪᠠᠶᠢᠯᠳᠤᠬᠤ ᠠᠷᠭ᠎ᠠ ᠶᠢ ᠵᠣᠬᠢᠶᠠᠨ ᠪᠠᠶᠢᠭᠤᠯᠵᠤ᠂ ᠭᠤᠤᠯᠳᠠᠯᠭ᠎ᠠ ᠲᠠᠢ ᠭᠠᠵᠠᠷ᠂ ᠭᠠᠯ ᠤᠨ ᠠᠶᠤᠯ ᠶᠡᠬᠡᠲᠡᠶ ᠣᠷᠣᠨ ᠳᠤ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ ᠶᠢ ᠰᠢᠲᠠᠭᠠᠵᠤ᠂ ᠠᠩᠭᠢ ᠶᠢᠨ ᠭᠡᠰᠢᠭᠦᠳ ᠤᠨ ᠠᠵᠢᠯ ᠤᠨ ᠬᠤᠪᠢᠶᠠᠷᠢᠯᠠᠯ ᠲᠣᠳᠣᠷᠬᠠᠶ᠂ ᠪᠦᠯᠬᠦᠮᠳᠡᠨ ᠬᠠᠮᠵᠢᠯᠴᠠᠵᠤ᠂ ᠠᠳᠠᠯᠢ ᠪᠤᠰᠤ ᠪᠠᠶᠢᠯᠳᠤᠬᠤ ᠠᠷᠭ᠎ᠠ ᠶᠢ ᠠᠪᠴᠤ ᠬᠦᠴᠦ ᠪᠠᠨ ᠬᠠᠮᠲᠤᠳᠬᠠᠨ ᠠᠬᠢᠭᠤᠯᠪᠠ᠃ ᠭᠠᠯ ᠨᠣᠴᠣᠭᠠᠬᠤ᠂ ᠭᠠᠯ ᠤᠲᠠᠰᠤ ᠶᠢ ᠡᠵᠡᠮᠳᠡᠬᠦ᠂ ᠦᠯᠡᠳᠡᠪᠦᠷᠢ ᠭᠠᠯ ᠢ ᠴᠡᠪᠡᠷᠯᠡᠬᠦ᠂ ᠵᠢᠯᠣᠭᠤᠴᠢ ᠥᠬᠡᠶ ᠨᠢᠰᠬᠡᠯ ᠤᠨ ᠲᠣᠭᠤᠷᠢᠨ ᠪᠠᠶᠢᠴᠠᠭᠠᠯᠲᠠ ᠵᠡᠷᠭᠡ ᠡᠯ᠎ᠡ ᠭᠤᠭᠴᠤᠭ᠎ᠠ ᠶᠢ ᠡᠮᠬᠢ ᠵᠢᠷᠤᠮ ᠲᠠᠢ ᠵᠣᠯᠭᠠᠭᠤᠯᠵᠤ᠂ ᠭᠤᠤᠯᠳᠠᠯᠭ᠎ᠠ ᠲᠠᠢ ᠬᠡᠰᠡᠭ ᠵᠡᠷᠭᠡ ᠣᠶ ᠰᠢᠭᠤᠶ ᠶᠢᠨ ᠵᠠᠬ᠎ᠠ ᠶᠢᠨ ᠰᠢᠲᠠᠮᠠᠬᠠᠶ ᠪᠣᠳᠠᠰ ᠢ ᠰᠢᠲᠠᠭᠠᠵᠤ᠂ ᠨᠢᠭᠡ ᠬᠡᠰᠡᠭ ᠰᠢᠲᠠᠭᠠᠬᠤ ᠪᠠ ᠨᠢᠭᠡ ᠬᠡᠰᠡᠭ ᠴᠡᠪᠡᠷᠯᠡᠬᠦ ᠶᠢ ᠦᠨᠡᠨᠬᠦ ᠪᠠᠲᠤᠯᠠᠨ᠎ᠠ᠃      ᠲᠣᠰ ᠤᠳᠠᠭᠠᠨ ᠤ ᠲᠥᠪᠯᠡᠷᠡᠩᠭᠦᠶ ᠪᠣᠯᠪᠠᠰᠤᠷᠠᠭᠤᠯᠤᠯ ᠨᠢ ᠰᠢᠨ᠎ᠡ ᠭᠡᠰᠢᠭᠦᠳ ᠤᠨ ᠪᠠᠴᠢᠮ ᠪᠠᠶᠢᠳᠠᠯ ᠢ ᠠᠷᠭᠠᠴᠠᠭᠠᠬᠤ ᠭᠠᠯ ᠤᠨᠲᠠᠷᠠᠭᠠᠬᠤ ᠪᠣᠳᠠᠲᠤ ᠪᠠᠶᠢᠯᠳᠤᠭᠠᠨ ᠤ ᠴᠢᠳᠠᠪᠤᠷᠢ ᠪᠠ ᠶᠡᠷᠦᠩᠬᠡᠶᠢᠯᠡᠭᠰᠡᠨ ᠬᠡᠪ ᠴᠢᠨᠠᠷ ᠢ ᠦᠨᠡᠨ ᠬᠦ ᠳᠡᠭᠡᠭᠰᠢᠯᠡᠭᠦᠯᠦᠭᠰᠡᠨ ᠪᠥᠭᠡᠳ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠴᠤ ᠳᠡᠭᠡᠭᠰᠢᠯᠡᠭᠦᠯᠵᠦ᠂ ᠭᠠᠯ ᠤᠨ ᠠᠶᠤᠯ ᠳᠤ ᠲᠤᠯᠭᠠᠷᠠᠭᠰᠠᠨ ᠪᠠᠶᠢᠳᠠᠯ ᠢ ᠲᠦᠷᠭᠡᠨ ᠪᠥᠭᠡᠳ ᠪᠦᠲᠦᠮᠵᠢᠲᠡᠶ ᠰᠢᠢᠳᠪᠦᠷᠢᠯᠡᠬᠦ ᠶᠢ ᠦᠨᠡᠨ ᠬᠦ ᠪᠠᠲᠤᠯᠠᠬᠤ ᠶᠢᠨ ᠬᠠᠮᠲᠤ᠂ ᠮᠠᠨ ᠤ ᠲᠤᠭᠤᠷᠢᠭ ᠤᠨ ᠭᠤᠤᠯᠳᠠᠯᠭ᠎ᠠ ᠲᠠᠢ ᠣᠷᠣᠨ ᠪᠦᠰᠡ ᠪᠠ ᠭᠤᠤᠯᠳᠠᠯᠭ᠎ᠠ ᠲᠠᠢ ᠬᠡᠰᠡᠭ ᠤᠨ ᠭᠠᠯ ᠤᠨ ᠭᠠᠮᠰᠢᠭ ᠤᠨ ᠳᠠᠯᠳᠠ ᠬᠡᠮ ᠢ ᠶᠡᠭᠡ ᠪᠠᠷ ᠪᠠᠭᠤᠷᠠᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃   
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号